ᠤᠷᠠᠳ ᠤᠨ ᠡᠮᠦᠨᠡᠲᠦ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠪᠥᠬᠦ ᠤᠯᠤᠰ ᠤᠨ ᠠᠮᠤᠷ ᠲᠦᠪᠰᠢᠨ ᠢᠶᠠᠷ ᠡᠮ ᠬᠡᠷᠡᠭᠯᠡᠬᠦ ᠰᠠᠷ᠎ᠠ︾ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/11/23
   2023 ᠣᠨ ᠤ 11 ᠰᠠᠷ᠎ᠠ ᠶᠢᠨ ᠳᠤᠮᠳᠠᠴᠢ ᠠᠴᠠ 12 ᠰᠠᠷ᠎ᠠ ᠶᠢᠨ ᠳᠤᠮᠳᠠᠴᠢ ᠬᠦᠷᠲᠡᠯ᠎ᠡ ᠪᠤᠯ ︽ᠪᠥᠬᠦ ᠤᠯᠤᠰ ᠤᠨ ᠠᠮᠤᠷ ᠲᠦᠪᠰᠢᠨ ᠢᠶᠠᠷ ᠡᠮ ᠬᠡᠷᠡᠭᠯᠡᠬᠦ ᠰᠠᠷ᠎ᠠ︾ ᠪᠣᠯᠤᠨ᠎ᠠ᠂ ᠠᠮᠤᠷ ᠲᠦᠪᠰᠢᠨ ᠢᠶᠠᠷ ᠡᠮ ᠬᠡᠷᠡᠭᠯᠡᠬᠦ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢ ᠤᠯᠠᠮ ᠨᠢᠭᠡ ᠠᠯᠬᠤᠮ ᠰᠠᠶᠢᠲᠤᠷ ᠬᠢᠵᠦ᠂ ᠣᠯᠠᠨ ᠨᠡᠶᠢᠲᠡ ᠶᠢᠨ ᠠᠮᠤᠷ ᠲᠦᠪᠰᠢᠨ ᠢᠶᠠᠷ ᠡᠮ ᠬᠡᠷᠡᠭᠯᠡᠬᠦ ᠤᠬᠠᠮᠰᠠᠷ ᠪᠠ ᠰᠢᠨᠵᠢᠯᠡᠬᠦ ᠤᠬᠠᠭᠠᠨᠴᠢ ᠬᠡᠪ ᠪᠣᠯᠪᠠᠰᠤᠷᠠᠯ ᠢ ᠦᠨᠡᠨ ᠬᠦ ᠳᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠳᠤ᠂ ᠤᠷᠠᠳ ᠤᠨ ᠡᠮᠦᠨᠡᠲᠦ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠠᠮᠤᠷ ᠲᠦᠪᠰᠢᠨ ᠢᠶᠠᠷ ᠡᠮ ᠬᠡᠷᠡᠭᠯᠡᠬᠦ ᠡᠷᠡᠭᠦᠯ ᠮᠡᠨᠳᠦ ᠪᠠᠷ ᠠᠷᠠᠳ ᠲᠤ ᠦᠢᠯᠡᠴᠢᠯᠡᠬᠦ︾ ᠪᠠᠷ ᠭᠤᠤᠯ ᠰᠡᠳᠦᠪ ᠢᠶᠠᠨ ᠪᠣᠯᠭᠠᠨ᠂ ᠣᠯᠠᠨ ᠲᠦᠮᠡᠨ ᠤ ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ ᠢ ᠣᠯᠠᠨ ᠵᠦᠢᠯ ᠤᠨ ᠬᠡᠯᠪᠡᠷᠢ ᠪᠠᠷ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃   11 ᠰᠠᠷ᠎ᠠ ᠶᠢᠨ 21 ᠤ ᠡᠳᠦᠷ᠂ ᠯᠢᠨ ᠬᠠᠶ ᠴᠡᠴᠡᠷᠯᠢᠭ ᠲᠤ ᠬᠠᠤᠯᠢ ᠬᠡᠷᠡᠭᠵᠢᠭᠦᠯᠬᠦ ᠠᠵᠢᠯᠲᠠᠳ ᠠᠴᠠ ︽ᠡᠮ ᠤᠨ  ᠵᠦᠢᠯ ᠤᠨ ᠬᠠᠮᠢᠶᠠᠷᠤᠯᠲᠠ ᠶᠢᠨ ᠬᠠᠤᠯᠢ︾᠂ ︽ᠡᠮ ᠤᠨ ᠵᠦᠢᠯ ᠤᠨ ᠡᠵᠡᠩᠨᠡᠯᠲᠡ ᠪᠠ ᠬᠡᠷᠡᠭᠯᠡᠯᠲᠡ ᠶᠢᠨ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢᠨ ᠠᠷᠭ᠎ᠠ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠲᠠᠶᠢᠯᠪᠤᠷᠢᠯᠠᠨ ᠤᠬᠠᠭᠤᠯᠬᠤ ᠶᠢᠨ ᠬᠠᠮᠲᠤ ᠡᠮ ᠤᠨ ᠵᠦᠢᠯ ᠤᠨ ᠡᠷᠡᠭᠦᠯ ᠪᠤᠰᠤ ᠲᠤᠰᠬᠠᠯ᠂ ᠠᠮᠤᠷ ᠲᠦᠪᠰᠢᠨ ᠢᠶᠠᠷ ᠡᠮ ᠬᠡᠷᠡᠭᠯᠡᠬᠦ᠂ ᠦᠷᠭᠦᠯᠵᠢ ᠲᠣᠬᠢᠶᠠᠯᠳᠤᠬᠤ ᠳᠠᠯᠳᠠ ᠬᠡᠮ ᠵᠡᠷᠭᠡ ᠶᠢ ᠰᠢᠨᠵᠢᠯᠡᠬᠦ ᠣᠬᠠᠭᠠᠨᠴᠢ ᠪᠠᠷ ᠲᠦᠭᠡᠮᠡᠯᠵᠢᠭᠦᠯᠦᠨ ᠤᠬᠠᠭᠤᠯᠵᠤ᠂ ᠵᠦᠶ ᠵᠣᠬᠢᠰᠲᠠᠶ ᠪᠠᠷ ᠡᠮ ᠬᠡᠷᠡᠭᠯᠡᠬᠦ ᠶᠢ ᠣᠬᠠᠭᠤᠯᠪᠠ᠃  ᠠᠵᠢᠯᠯᠠᠭᠠᠨ ᠳᠤ ᠨᠡᠶᠢᠲᠡ 20 ᠭᠠᠷᠤᠶ ᠬᠥᠮᠦᠨ ᠤᠳᠠᠭ᠎ᠠ ᠶᠢᠨ ᠡᠮ ᠬᠡᠷᠡᠭᠯᠡᠬᠦ ᠯᠠᠪᠯᠠᠯᠭ᠎ᠠ ᠶᠢ ᠭᠥᠯᠢᠶᠡᠨ ᠠᠪᠴᠤ᠂ ᠡᠮ ᠤᠨ ᠵᠦᠢᠯ ᠤᠨ ᠠᠮᠤᠷ ᠲᠦᠪᠰᠢᠨ ᠤ ᠮᠡᠳᠡᠯᠭᠡ ᠶᠢᠨ ᠭᠠᠷ ᠳᠡᠪᠲᠡᠷ ᠵᠢᠴᠢ ᠡᠮ ᠤᠨ ᠵᠦᠢᠯ ᠤᠨ ᠮᠡᠳᠡᠯᠭᠡ ᠶᠢᠨ ᠤᠬᠠᠭᠤᠯᠭ᠎ᠠ ᠶᠢᠨ ᠪᠣᠳᠠᠰ ᠢ 300 ᠭᠠᠷᠤᠶ ᠬᠤᠪᠢ ᠲᠠᠷᠬᠠᠭᠠᠪᠠ᠃    ᠡᠬᠦᠨ ᠠᠴᠠ ᠭᠠᠳᠠᠨ᠎ᠠ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠤᠶᠠᠯᠳᠤᠭᠤᠯᠤᠭᠰᠠᠨ ᠤᠬᠠᠭᠤᠯᠭ᠎ᠠ ᠶᠢᠨ ᠠᠷᠭ᠎ᠠ ᠮᠠᠶ᠋ᠢᠭ ᠢ ᠠᠪᠴᠤ᠂ ᠨᠢᠭᠡ ᠲᠠᠯ᠎ᠠ ᠪᠠᠷ᠂ ᠸᠢᠴᠠᠲ ᠤᠨ ᠣᠯᠠᠨ ᠨᠡᠶᠢᠲᠡ ᠶᠢᠨ ᠳ᠋ᠤᠭᠠᠷ ᠢ  ᠬᠦᠢᠴᠡᠳ ᠠᠰᠢᠭᠯᠠᠨ ᠡᠮ ᠤᠨ ᠵᠦᠢᠯᠡᠰ ᠢ ᠳᠤᠷ᠎ᠠ ᠪᠠᠷ ᠬᠡᠷᠡᠭᠯᠡᠬᠦ ᠶᠢ ᠰᠡᠷᠭᠡᠶᠢᠯᠡᠬᠦ᠂ ᠢᠯᠠᠩᠭᠤᠶ᠎ᠠ ᠬᠡᠦᠬᠡᠳ᠂ ᠨᠠᠰᠤᠲᠠᠶᠢᠴᠤᠳ ᠵᠡᠷᠭᠡ ᠣᠨᠴᠠᠭᠠᠶ ᠬᠥᠮᠦᠰ ᠤᠨ ᠠᠮᠤᠷ ᠲᠦᠪᠰᠢᠨ ᠢᠶᠠᠷ ᠡᠮ ᠬᠡᠷᠡᠭᠯᠡᠬᠦ ᠲᠤᠬᠠᠶ ᠲᠠᠶᠢᠯᠤᠮᠵᠢ ᠬᠢᠪᠡ᠃ ᠨᠥᠭᠦᠭᠡ ᠲᠠᠯ᠎ᠠ ᠪᠠᠷ᠂ ᠡᠮᠨᠡᠯᠭᠡ ᠶᠢᠨ ᠬᠤᠷᠢᠶ᠎ᠠ᠂ ᠡᠮ ᠤᠨ ᠳᠡᠯᠭᠡᠭᠦᠷ ᠤᠨ LED ᠤᠬᠠᠭᠤᠯᠭ᠎ᠠ ᠶᠢᠨ ᠳᠡᠯᠭᠡᠴᠡ ᠲᠠᠢ ᠨᠢᠭᠡᠴᠡ ᠶᠢ ᠥᠷᠭᠡᠨ ᠢᠶᠠᠷ ᠳᠠᠶᠢᠴᠢᠯᠠᠨ ᠠᠶᠤᠯ ᠦᠭᠡᠶ ᠡᠮ ᠬᠡᠷᠡᠭᠯᠡᠬᠦ ᠤᠷᠢᠶ᠎ᠠ ᠵᠢᠴᠢ ᠬᠠᠮᠢᠶ᠎ᠠ ᠪᠦᠬᠦᠢ ᠮᠡᠳᠡᠯᠭᠡ ᠶᠢ ᠲᠠᠯᠪᠢᠵᠤ ᠣᠬᠠᠭᠤᠯᠣᠨ᠂ ᠣᠯᠠᠨ ᠨᠡᠶᠢᠲᠡ ᠳᠤ ︽ᠬᠥᠮᠦᠨ ᠪᠦᠬᠦᠨ ᠡᠮ ᠤᠨ ᠵᠦᠢᠯ ᠤᠨ ᠠᠶᠤᠯ ᠦᠭᠡᠶ ᠶᠢ ᠠᠩᠬᠠᠷᠬᠤ᠂ ᠬᠥᠮᠦᠨ ᠪᠦᠬᠦᠨ ᠡᠮ ᠤᠨ ᠵᠦᠢᠯ ᠤᠨ ᠠᠶᠤᠯ ᠦᠭᠡᠶ ᠶᠢ ᠴᠢᠬᠤᠯᠠᠴᠢᠯᠠᠬᠤ︾ ᠭᠦᠨ ᠵᠤᠵᠠᠭᠠᠨ ᠠᠭᠤᠷ ᠠᠮᠢᠰᠬᠤᠯ ᠢ ᠴᠢᠷᠮᠠᠶᠢᠨ ᠪᠣᠶ ᠪᠣᠯᠭᠠᠵᠤ᠂ ᠪᠦᠬᠦ ᠨᠡᠶᠢᠭᠡᠮ ᠳᠤ ᠡᠷᠡᠭᠦᠯ ᠰᠠᠷᠠᠭᠤᠯ ᠠᠮᠢᠳᠤᠷᠠᠯ ᠤᠨ ᠣᠨᠣᠯᠵᠢᠬᠤᠨ ᠪᠣᠯᠤᠨ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠵᠤ᠂ ᠣᠯᠠᠨ ᠨᠡᠶᠢᠲᠡ ᠶᠢᠨ ᠡᠮ ᠤᠨ ᠵᠦᠢᠯ ᠤᠨ ᠠᠶᠤᠯ ᠦᠭᠡᠶ ᠶᠢᠨ ᠰᠢᠨᠵᠢᠯᠡᠬᠦ ᠤᠬᠠᠭᠠᠨᠴᠢ ᠬᠡᠪ ᠪᠣᠯᠪᠠᠰᠤᠷᠠᠯ ᠢ ᠤᠯᠠᠮ ᠨᠢᠭᠡ ᠠᠯᠬᠤᠮ  ᠳᠡᠭᠡᠭᠰᠢᠯᠡᠬᠦᠯᠪᠡ᠃   ᠲᠠᠷᠠᠭᠠᠴᠢ ᠶᠢᠨ ᠠᠯᠬᠤᠮ ᠳᠤ᠂ ᠤᠷᠠᠳ ᠤᠨ ᠡᠮᠦᠨᠡᠲᠦ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠠᠮᠤᠷ ᠲᠦᠪᠰᠢᠨ ᠢᠶᠠᠷ ᠡᠮ ᠬᠡᠷᠡᠭᠯᠡᠬᠦ ᠤᠬᠠᠭᠤᠯᠭ᠎ᠠ ᠪᠠ ᠠᠮᠤᠷ ᠲᠦᠪᠰᠢᠨ ᠢᠶᠠᠷ ᠡᠮ ᠬᠡᠷᠡᠭᠯᠡᠬᠦ ᠬᠢᠨᠠᠯᠲᠠ ᠬᠠᠮᠢᠶᠠᠷᠤᠯᠲᠠ ᠶᠢᠨ ︽ᠬᠤᠶᠠᠷ ᠲᠠᠯ᠎ᠠ ᠪᠠᠷ ᠠᠳᠬᠤᠬᠤ︾ ᠶᠢ ᠦᠷᠭᠦᠯᠵᠢᠯᠡᠨ ᠠᠬᠢᠭᠤᠯᠵᠤ᠂ ᠡᠮ ᠤᠨ  ᠵᠦᠢᠯ ᠤᠨ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢᠨ ᠪᠠᠶᠢᠭᠤᠯᠤᠯᠲᠠ᠂ ᠡᠮ ᠤᠨ ᠵᠦᠢᠯ ᠤᠨ ᠠᠮᠤᠷ ᠲᠦᠪᠰᠢᠨ ᠢ ᠪᠠᠬᠢᠵᠢᠭᠦᠯᠦᠨ ᠳᠡᠭᠡᠭᠰᠢᠯᠡᠭᠦᠯᠬᠦ ᠠᠵᠢᠯᠯᠠᠭ᠎ᠠ ᠵᠡᠷᠭᠡ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠭᠤᠤᠯᠳᠠᠯᠭ᠎ᠠ ᠲᠠᠢ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠥᠷᠭᠡᠨ ᠣᠯᠠᠨ ᠲᠦᠮᠡᠨ ᠤ ᠠᠮᠤᠷ ᠲᠦᠪᠰᠢᠨ ᠢᠶᠠᠷ ᠡᠮ ᠬᠡᠷᠡᠭᠯᠡᠬᠦ ᠶᠠᠪᠤᠳᠠᠯ ᠢ ︽ᠪᠠᠲᠤᠯᠠᠨ ᠬᠠᠮᠠᠭᠠᠯᠠᠵᠤ︾᠂ ᠣᠯᠠᠨ ᠨᠡᠶᠢᠲᠡ ᠳᠤ ᠮᠠᠨ ᠤ ᠬᠤᠰᠢᠭᠤᠨ ᠤ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠲᠤᠬᠠᠶ ᠲᠠᠨᠢᠯᠲᠠ ᠪᠠ ᠢᠲᠡᠭᠡᠯ ᠢ ᠨᠡᠮᠡᠭᠳᠡᠭᠦᠯᠦᠨ᠎ᠡ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ