ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ
ᠨᠡᠶᠢᠲᠡᠯᠡᠭᠰᠡᠨ ᠴᠠᠭ᠄
2023/11/23
      ᠨᠢᠭᠡ᠂ ᠪᠠᠶᠢᠭᠤᠯᠭ᠎ᠠ ᠶᠢᠨ ᠲᠣᠪᠴᠢ ᠲᠠᠨᠢᠯᠴᠠᠭᠤᠯᠭ᠎ᠠ        ᠤᠷᠠᠳ ᠤᠨ ᠡᠮᠦᠨᠡᠲᠦ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠨᠢ ᠤᠤᠯ ᠳᠠᠭᠠᠨ ᠤᠷᠠᠳ ᠤᠨ ᠡᠮᠦᠨᠡᠲᠦ ᠬᠤᠰᠢᠭᠤᠨ ᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠯᠪᠠᠨ ᠬᠡᠷ ᠪᠠᠶᠢᠵᠤ᠂ 5 ᠵᠠᠰᠠᠭ ᠵᠠᠬᠢᠷᠭᠠᠨ ᠤ ᠣᠷᠣᠨ ᠲᠤᠭ᠎ᠠ ᠶᠢ ᠬᠢᠨᠠᠨ ᠲᠣᠭᠲᠠᠭᠠᠵᠤ᠂ ᠳᠤᠤᠷ᠎ᠠ ᠨᠢ ᠬᠤᠶᠠᠳᠤᠭᠠᠷ ᠳᠡᠰ ᠤᠨ ᠨᠢᠭᠡᠴᠢ ᠤᠷᠠᠳ ᠤᠨ ᠡᠮᠦᠨᠡᠲᠦ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠨᠢᠭᠡᠳᠦᠯᠲᠡᠶ ᠲᠥᠯᠥᠪᠵᠢᠭᠦᠯᠦᠨ ᠬᠥᠭᠵᠢᠭᠦᠯᠬᠦ ᠲᠥᠪ ᠢ ᠪᠠᠶᠢᠭᠤᠯᠵᠤ᠂ 8 ᠠᠵᠢᠯ  ᠦᠢᠯᠡᠰ ᠤᠨ ᠣᠷᠣᠨ ᠲᠤᠭ᠎ᠠ ᠶᠢ ᠬᠢᠨᠠᠨ ᠲᠣᠭᠲᠠᠭᠠᠵᠤ᠂ 2021 ᠣᠨ ᠤ 6 ᠰᠠᠷ᠎ᠠ ᠳᠤ ᠤᠷᠠᠳ ᠤᠨ ᠡᠮᠦᠨᠡᠲᠦ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢ ᠵᠢᠩᠬᠢᠨᠢ ᠪᠠᠷ ᠫᠠᠶᠢᠰᠠ ᠡᠯᠭᠦᠪᠡ᠃      ᠬᠤᠶᠠᠷ᠂  ᠨᠢᠭᠡᠴᠢ ᠶᠢᠨ ᠭᠤᠤᠯ ᠡᠭᠦᠷᠭᠡ ᠬᠠᠷᠢᠭᠤᠴᠠᠯᠭ᠎ᠠ        ᠭᠤᠤᠯᠳᠠᠭᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠪᠥᠬᠦ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠬᠤᠯᠪᠣᠭᠳᠠᠯ ᠪᠥᠬᠦᠶ ᠪᠣᠳᠠᠲᠠᠶ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃       ᠭᠤᠷᠪᠠ᠂ ᠳᠣᠲᠣᠭᠠᠳᠤ ᠲᠠᠰᠤᠭ ᠤᠨ ᠪᠠᠶᠢᠷᠢᠯᠠᠭᠤᠯᠤᠯᠲᠠ      ︵ᠨᠢᠭᠡ︶ ᠶᠡᠷᠦᠩᠬᠡᠢ ᠬᠤᠪᠢ ᠣᠷᠣᠭᠤᠯᠤᠯᠲᠠ ᠶᠢᠨ ᠲᠠᠰᠤᠭ     1 . ᠪᠦᠬᠦ ᠲᠠᠯ᠎ᠠ ᠶᠢᠨ ᠵᠠᠰᠠᠭ ᠵᠠᠬᠢᠷᠭᠠᠨ ᠤ ᠶᠠᠪᠤᠳᠠᠯ ᠤᠨ ᠴᠢᠨᠠᠷᠲᠠᠶ ᠠᠵᠢᠯ ᠢ ᠡᠭᠦᠷᠭᠡᠯᠡᠵᠦ᠂ ᠴᠢᠬᠤᠯᠠ ᠪᠢᠴᠢᠭ ᠮᠠᠲ᠋ᠧᠷᠢᠶᠠᠯ ᠲᠤᠭᠤᠷᠪᠢᠬᠤ᠂ ᠪᠠᠶᠢᠭᠤᠯᠤᠯᠭ᠎ᠠ ᠶᠢᠨ ᠳᠦᠷᠢᠮ ᠲᠣᠭᠲᠠᠭᠠᠯ ᠲᠣᠭᠲᠠᠭᠠᠬᠤ᠂ ᠪᠢᠴᠢᠭ ᠮᠠᠲ᠋ᠧᠷᠢᠶᠠᠯ ᠢᠷᠡᠭᠦᠯᠦᠭᠰᠡᠨ  ᠳ᠋ᠢᠶᠠᠩᠬᠤᠸᠠ ᠵᠢᠴᠢ ᠳᠡᠭᠡᠭᠰᠢ ᠳᠠᠮᠵᠢᠭᠤᠯᠤᠨ ᠪᠠᠭᠤᠯᠭᠠᠬᠤ ᠠᠵᠢᠯ ᠢ ᠬᠠᠷᠢᠭᠤᠴᠠᠵᠤ᠂ ᠲᠣᠪᠴᠢᠶ᠎ᠠ ᠶᠢ ᠬᠠᠪᠰᠤᠷᠤᠨ ᠳᠣᠲᠣᠭᠠᠳᠤ ᠭᠠᠳᠠᠭᠠᠳᠤ ᠶᠠᠪᠤᠳᠠᠯ ᠢ ᠵᠣᠬᠢᠴᠠᠭᠤᠯᠤᠨ᠎ᠠ᠃      2 . ᠵᠠᠬᠢᠳᠠᠯ ᠰᠤᠷᠪᠤᠯᠵᠢᠯᠠᠭ᠎ᠠ ᠶᠢ ᠭᠥᠯᠢᠶᠡᠨ ᠠᠪᠴᠤ᠂ ᠲᠣᠰ ᠲᠣᠪᠴᠢᠶ᠎ᠠ ᠶᠢᠨ ᠬᠤᠰᠢᠭᠤ ᠵᠠᠰᠠᠭ ᠤᠨ ᠣᠷᠳᠣᠨ ᠤ ᠰᠢᠪᠠᠳᠠᠨ  ᠰᠢᠢᠳᠪᠦᠷᠢᠯᠡᠬᠦ ᠤᠴᠢᠷ ᠶᠠᠪᠤᠳᠠᠯ ᠪᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ᠂ ᠵᠥᠪᠯᠡᠯᠭᠡ᠂ ᠰᠠᠨᠠᠯ ᠳᠤᠷᠠᠳᠤᠯᠭ᠎ᠠ ᠶᠢ ᠨᠠᠶᠢᠳᠠᠪᠤᠷᠢᠵᠢᠭᠤᠯᠬᠤ ᠤᠴᠢᠷ ᠶᠠᠪᠤᠳᠠᠯ ᠢ ᠬᠠᠮᠵᠢᠨ ᠰᠢᠢᠳᠪᠦᠷᠢᠯᠡᠨ᠎ᠡ᠃      3 . ᠪᠦᠬᠦ ᠲᠠᠯ᠎ᠠ ᠶᠢᠨ ᠠᠵᠢᠯᠲᠠᠨ ᠤ ᠶᠠᠪᠤᠳᠠᠯ᠂ ᠬᠥᠳᠡᠯᠮᠦᠷᠢ ᠴᠠᠯᠢᠩ᠂ ᠳᠠᠩᠰᠠ ᠡᠪᠬᠡᠮᠡᠯ ᠤᠨ ᠬᠠᠮᠢᠶᠠᠷᠤᠯᠲᠠ ᠬᠢᠨ᠎ᠡ᠃      4 . ᠤᠳᠤᠷᠢᠳᠤᠯᠭ᠎ᠠ ᠶᠢᠨ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃     ︵ᠬᠤᠶᠠᠷ︶ ᠡᠳ᠋ ᠤᠨ ᠶᠠᠪᠤᠳᠠᠯ ᠤᠨ ᠲᠠᠰᠤᠭ      1. ᠪᠦᠬᠦ ᠲᠠᠯ᠎ᠠ ᠶᠢᠨ ᠡᠳ᠋ ᠤᠨ ᠶᠠᠪᠤᠳᠠᠯ ᠤᠨ ᠲᠥᠯᠥᠪᠯᠡᠭᠡ᠂ ᠲᠥᠰᠦᠪ ᠢ ᠭᠦᠢᠴᠡᠳᠬᠡᠭᠰᠡᠨ ᠪᠠᠶᠢᠳᠠᠯ᠂ ᠲᠥᠰᠦᠪ ᠤᠨ ᠭᠦᠢᠴᠡᠳᠬᠡᠯ ᠪᠠ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ ᠶᠢ ᠬᠢᠨᠠᠨ ᠪᠠᠶᠢᠴᠠᠭᠠᠬᠤ᠂ ᠪᠠᠷᠢᠮᠲᠠ ᠶᠢ ᠬᠢᠨᠠᠨ ᠬᠠᠷᠭᠤᠭᠤᠯᠬᠤ᠂ ᠪᠦᠬᠦ ᠲᠠᠯ᠎ᠠ ᠶᠢᠨ ᠣᠷᠣᠯᠭ᠎ᠠ ᠵᠠᠷᠤᠯᠭ᠎ᠠ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠬᠢᠭᠡᠳ ᠬᠤᠯᠪᠣᠭᠳᠠᠯ ᠪᠦᠬᠦᠢ ᠠᠵᠤ ᠠᠬᠤᠢ ᠶᠢᠨ ᠠᠵᠢᠯᠯᠠᠭ᠎ᠠ ᠶᠢ ᠬᠢᠨᠠᠨ ᠬᠠᠷᠭᠤᠭᠤᠯᠬᠤ ᠠᠵᠢᠯ ᠢ ᠬᠠᠷᠢᠭᠤᠴᠠᠨ᠎ᠠ᠃       2 . ᠡᠳ᠋ ᠤᠨ ᠶᠠᠪᠤᠳᠠᠯ ᠤᠨ ᠪᠦᠷᠢᠳᠬᠡᠨ ᠵᠠᠳᠠᠯᠤᠭᠰᠠᠨ ᠦᠷ᠎ᠡ ᠳ᠋ᠦᠩ ᠢ ᠬᠠᠷᠢᠭᠤᠴᠠᠨ ᠬᠢᠨᠠᠨ ᠬᠠᠷᠭᠤᠭᠤᠯᠵᠤ᠂ ᠤᠳᠤᠷᠢᠳᠤᠯᠭ᠎ᠠ ᠳᠤ ᠨᠠᠶᠢᠳᠠᠪᠤᠷᠢᠲᠠᠶ ᠲᠤᠭ᠎ᠠ ᠪᠠᠷᠢᠮᠲᠠ ᠶᠢᠨ ᠮᠠᠲ᠋ᠧᠷᠢᠶᠠᠯ ᠬᠠᠩᠭᠠᠨ᠂ ᠡᠯ᠎ᠡ ᠰᠠᠷ᠎ᠠ᠂ ᠤᠯᠠᠷᠢᠯ᠂ ᠣᠨ ᠤ ᠮᠡᠳᠡᠭᠦᠯᠦᠯᠲᠡ ᠶᠢᠨ ᠬᠦᠰᠦᠨᠦᠭᠲᠦ ᠶᠢ ᠨᠠᠶᠢᠷᠠᠭᠤᠯᠤᠨ ᠮᠡᠳᠡᠭᠦᠯᠦᠨ᠎ᠡ᠃       3 . ᠡᠳ ᠤᠨ ᠶᠠᠪᠤᠳᠠᠯ ᠤᠨ ᠲᠥᠯᠥᠪᠯᠡᠭᠡ᠂ ᠲᠥᠰᠦᠪ ᠢ ᠴᠢᠩᠭ᠎ᠠ ᠬᠡᠷᠡᠭᠵᠢᠭᠦᠯᠬᠦ ᠶᠢ ᠬᠠᠷᠢᠭᠤᠴᠠᠵᠤ᠂ ᠡᠯ᠎ᠡ ᠵᠦᠢᠯ ᠤᠨ ᠨᠢᠭᠲᠠᠯᠠᠨ ᠪᠣᠳᠣᠬᠤ ᠳᠦᠷᠢᠮ ᠢ ᠵᠢᠷᠤᠮᠯᠠᠨ᠂ ᠪᠡᠯᠡ ᠮᠥᠩᠭᠦ ᠶᠢ ᠵᠦᠢ ᠵᠣᠬᠢᠰᠲᠠᠶ ᠬᠡᠷᠡᠭᠯᠡᠵᠦ᠂ ᠡᠳ ᠤᠨ ᠵᠠᠰᠠᠭ ᠠᠴᠠ ᠪᠠᠭᠤᠯᠭᠠᠭᠰᠠᠨ ᠡᠭᠦᠷᠭᠡ ᠶᠢ ᠪᠡᠶᠡᠯᠡᠭᠦᠯᠬᠦ ᠶᠢ ᠪᠠᠲᠤᠯᠠᠵᠤ᠂ ᠲᠣᠪᠴᠢᠶ᠎ᠠ ᠶᠢᠨ ᠤᠳᠤᠷᠢᠳᠤᠯᠭ᠎ᠠ ᠶᠢᠨ ᠪᠡᠯᠡ ᠮᠥᠩᠭᠦ ᠰᠢᠯᠵᠢᠭᠦᠯᠦᠨ ᠲᠣᠬᠢᠷᠠᠭᠤᠯᠬᠤ ᠳᠤ ᠴᠠᠭ ᠲᠤᠬᠠᠶ ᠳᠤᠨᠢ ᠣᠨᠣᠪᠴᠢᠲᠠᠶ ᠮᠡᠳᠡᠭᠡ ᠵᠠᠩᠭᠢ ᠬᠠᠩᠭᠠᠨ᠎ᠠ᠃       4 . ᠲᠤᠰ ᠲᠣᠪᠴᠢᠶᠠᠨ ᠤ ᠪᠠᠨ ᠪᠦᠲᠦᠭᠡᠨ ᠪᠠᠶᠢᠭᠤᠯᠤᠯᠲᠠ᠂ ᠠᠵᠢᠯ  ᠦᠢᠯᠡᠰ ᠤᠨ ᠡᠯ᠎ᠡ ᠵᠦᠢᠯ ᠤᠨ ᠪᠡᠯᠡ ᠮᠥᠩᠭᠦ ᠶᠢ ᠶᠡᠷᠦᠩᠬᠡᠶᠢᠯᠡᠨ ᠬᠠᠮᠢᠶᠠᠷᠬᠤ ᠶᠢ ᠬᠠᠷᠢᠭᠤᠴᠠᠵᠤ᠂ ᠡᠯ᠎ᠡ ᠱᠠᠲᠤᠨ ᠤ ᠵᠣᠯᠭᠠᠭᠤᠯᠬᠤ ᠪᠡᠯᠡ ᠮᠥᠩᠭᠦ ᠶᠢᠨ ᠬᠠᠮᠢᠶᠠᠷᠤᠯᠲᠠ ᠬᠢᠭᠡᠳ ᠠᠮᠵᠢᠯᠲᠠ ᠪᠦᠲᠦᠮᠵᠢ ᠶᠢᠨ ᠦᠨᠡᠯᠡᠯᠲᠡ ᠪᠣᠯᠤᠨ ᠪᠤᠶ ᠪᠣᠯᠤᠭᠰᠠᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃       5 . ᠡᠳ᠋ ᠤᠨ ᠶᠠᠪᠤᠳᠠᠯ ᠢ ᠳᠠᠩᠰᠠ ᠡᠪᠬᠡᠮᠡᠯ ᠳᠤ ᠣᠷᠣᠭᠤᠯᠬᠤ᠂ ᠡᠮᠬᠢᠯᠡᠬᠦ᠂ ᠰᠢᠯᠭᠠᠨ ᠠᠪᠬᠤ ᠠᠵᠢᠯ ᠢ  ᠬᠢᠨ᠎ᠡ᠃      6 . ᠤᠳᠤᠷᠢᠳᠤᠯᠭ᠎ᠠ ᠶᠢᠨ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃      ︵ᠭᠤᠷᠪᠠ︶ ᠲᠥᠷᠥᠯ  ᠵᠦᠢᠯ ᠤᠨ ᠲᠠᠰᠤᠭ       ᠳᠠᠬᠢᠨ ᠶᠠᠳᠠᠭᠤᠷᠠᠬᠤ ᠶᠢ ᠰᠡᠷᠭᠡᠶᠢᠯᠡᠬᠦ ᠶᠢ ᠬᠢᠨᠠᠨ ᠰᠢᠨᠵᠢᠬᠦ ᠰᠢᠰᠲ᠋ᠧᠮ ᠢ ᠬᠠᠮᠠᠭᠠᠯᠠᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠥᠷᠥᠯ  ᠵᠦᠢᠯ ᠤᠨ ᠬᠥᠮᠥᠷᠭᠡ ᠶᠢ ᠪᠠᠶᠢᠭᠤᠯᠬᠤ᠂ ᠪᠠᠯᠠ ᠮᠥᠩᠭᠦ ᠶᠢ ᠬᠡᠷᠡᠭᠵᠢᠭᠦᠯᠬᠦ ᠲᠥᠷᠥᠯ ᠵᠦᠢᠯ ᠢ ᠲᠣᠬᠢᠷᠠᠭᠤᠯᠤᠨ ᠵᠣᠯᠭᠠᠭᠤᠯᠬᠤ᠂ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠪᠠ ᠬᠥᠳᠡᠭᠡ ᠲᠣᠰᠬᠤᠨ ᠤ ᠵᠠᠰᠠᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠬᠤ ᠵᠡᠷᠭᠡ ᠠᠵᠢᠯ ᠢ ᠬᠠᠷᠢᠭᠤᠴᠠᠨ᠎ᠠ
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ