ᠰᠢᠨᠬᠤᠸᠠ ᠬᠤᠷᠢᠶ᠎ᠠ ᠶᠢᠨ ᠪᠡᠭᠡᠵᠢᠩ ᠤᠨ 11 ᠰᠠᠷ᠎ᠠ ᠶᠢᠨ 22 ᠤᠨ ᠴᠠᠭᠢᠯᠭᠠᠨ ᠮᠡᠳᠡᠭᠡ 11 ᠰᠠᠷ᠎ᠠ ᠶᠢᠨ 22 ᠤᠨ ᠦᠳᠡ ᠶᠢᠨ ᠬᠤᠶᠢᠨ᠎ᠠ᠂ | ᠤᠯᠤᠰ ᠤᠨ ᠲᠡᠷᠢᠭᠦᠯᠡᠭᠴᠢ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠥᠷᠥ ᠶᠢᠨ ᠶᠠᠪᠤᠳᠠᠯ ᠤᠨ | ᠠᠶᠢᠯᠴᠢᠯᠠᠯᠲᠠ ᠬᠢᠬᠦ ᠪᠠᠷ ᠢᠷᠡᠭᠰᠡᠨ ᠦᠷᠦ᠋ᠭᠤᠸᠠᠢ ᠶᠢᠨ ᠶᠡᠷᠦᠩᠬᠡᠶᠢᠯᠡᠭᠴᠢ ᠯᠠᠺᠠᠯᠢᠶᠧ ᠲᠠᠢ ᠬᠡᠯᠡᠯᠴᠡᠭᠡ ᠬᠢᠪᠡ᠃ ᠬᠤᠶᠠᠷ ᠤᠯᠤᠰ ᠤᠨ ᠲᠡᠷᠢᠭᠦᠨ᠂ | ᠳᠤᠮᠳᠠᠳᠤ ᠦᠷᠦ᠋ᠭᠤᠸᠠᠢ ᠶᠢᠨ ᠬᠠᠷᠢᠯᠴᠠᠭ᠎ᠠ ᠶᠢ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠣᠯᠭᠠᠨ ᠳᠡᠭᠡᠭᠰᠢᠯᠡᠭᠦᠯᠦᠨ᠎ᠡ | ᠭᠡᠵᠦ ᠨᠡᠶᠢᠲᠡᠯᠡᠪᠡ᠃ | | | | | 11 ᠰᠠᠷ᠎ᠠ ᠶᠢᠨ 22 ᠤᠨ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ | ᠲᠠᠩᠬᠢᠮ ᠳᠤ ᠳᠤᠮᠳᠠᠳᠤ ᠤᠯᠤᠰ ᠲᠤ ᠲᠥᠷᠥ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠦᠷᠦ᠋ᠭᠤᠸᠠᠢ ᠶᠢᠨ ᠶᠡᠷᠦᠩᠬᠡᠶᠢᠯᠡᠭᠴᠢ | ᠯᠠᠺᠠᠯᠢᠶᠧ ᠲᠠᠢ ᠬᠡᠯᠡᠯᠴᠡᠭᠡ ᠬᠢᠪᠡ᠃ ᠵᠢᠷᠤᠭ ᠪᠣᠯ ᠬᠡᠯᠡᠯᠴᠡᠭᠡ ᠬᠢᠬᠦ ᠠᠴᠠ ᠡᠮᠦᠨ᠎ᠡ᠂ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠤᠨ | ᠬᠤᠶᠢᠲᠤ ᠶᠡᠭᠡ ᠲᠢᠩᠬᠢᠮ ᠳᠤ ᠯᠠᠺᠠᠯᠢᠶᠧ ᠶᠢ ᠤᠭᠲᠤᠬᠤ ᠶᠣᠰᠣᠯᠠᠯ ᠶᠠᠪᠤᠭᠤᠯᠵᠤ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢᠦ ᠪᠢᠨ ᠰᠡᠭᠦᠳᠡᠷᠯᠡᠪᠡ | | ᠰᠢ ᠶᠢᠨ ᠫᠢᠩ᠂ 2023 ᠣᠨ ᠪᠣᠯ ᠳᠤᠮᠳᠠᠳᠤ ᠦᠷᠦ᠋ᠭᠤᠸᠠᠢ ᠶᠢᠨ ᠬᠠᠷᠢᠯᠴᠠᠭ᠎ᠠ ᠪᠠᠶᠢᠭᠤᠯᠤᠭᠰᠠᠨ 35 ᠵᠢᠯ ᠤᠨ ᠤᠢ ᠪᠠ ᠦᠷᠦ᠋ᠭᠤᠸᠠᠢ ᠶᠢᠨ | ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠰᠠᠨᠠᠭᠠᠴᠢᠯᠠᠭ᠎ᠠ ᠳᠤ ᠣᠷᠣᠯᠴᠠᠬᠰᠠᠨ 5 ᠵᠢᠯ ᠤᠨ ᠤᠢ ᠪᠣᠯᠣᠨ᠎ᠠ᠃ ᠬᠠᠷᠢᠯᠴᠠᠭ᠎ᠠ | ᠪᠠᠶᠢᠭᠤᠯᠤᠭᠰᠠᠨ 35 ᠵᠢᠯ ᠤᠨ ᠲᠤᠷᠰᠢ᠂ ᠬᠤᠶᠠᠷ ᠤᠯᠤᠰ ᠢᠶᠠᠷ ᠢᠶᠠᠨ ᠬᠠᠷᠢᠯᠴᠠᠨ ᠬᠦᠨᠳᠦᠳᠬᠡᠬᠦ᠂ ᠡᠷᠬᠡ ᠲᠡᠭᠰᠢ ᠪᠠᠷ ᠬᠠᠨᠳᠤᠯᠴᠠᠬᠤ᠂ ᠬᠠᠮᠲᠤᠷᠠᠯᠴᠠᠭ᠎ᠠ | ᠬᠢᠵᠦ ᠬᠠᠮᠲᠤ ᠪᠠᠷ ᠠᠰᠢᠭ ᠭᠦᠷᠳᠡᠭᠦ ᠶᠢ ᠢᠮᠠᠭᠲᠠ ᠪᠠᠷᠢᠮᠲᠠᠯᠠᠵᠤ᠂ ᠡᠯ᠎ᠡ ᠬᠦᠷᠢᠶᠡᠨ ᠤ ᠰᠣᠯᠢᠯᠴᠠᠭ᠎ᠠ ᠬᠠᠮᠲᠤᠷᠠᠯᠴᠠᠭ᠎ᠠ ᠥᠷᠨᠢᠭᠦᠨ ᠬᠥᠭᠵᠢᠪᠡ᠃ | ᠢᠯᠠᠩᠭᠤᠶ᠎ᠠ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠡᠮᠦᠨ᠎ᠡ᠂ ᠬᠤᠶᠠᠷ ᠤᠯᠤᠰ ᠢᠶᠠᠷ ᠢᠶᠠᠨ ᠰᠠᠬᠢᠨ ᠪᠠᠷᠠᠯᠠᠵᠤ | ᠬᠠᠷᠢᠯᠴᠠᠨ ᠬᠠᠪᠰᠤᠷᠤᠯᠴᠠᠵᠤ᠂ ᠰᠡᠳᠬᠢᠯ ᠨᠢᠭᠡᠳᠦᠨ ᠬᠢᠵᠢᠭ ᠢ ᠡᠰᠡᠷᠭᠦᠴᠡᠵᠦ᠂ ᠳᠤᠮᠳᠠᠳᠤ ᠦᠷᠦ᠋ᠭᠤᠸᠠᠢ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ | ᠬᠠᠷᠢᠯᠴᠠᠭ᠎ᠠ ᠶᠢ ᠳᠡᠭᠡᠭᠰᠢᠯᠡᠭᠦᠯᠵᠡᠢ᠃ ᠳᠤᠮᠳᠠᠳᠤ ᠤᠯᠤᠰ ᠳᠤᠷᠠᠲᠠᠶ᠎ᠠ ᠦᠷᠦ᠋ᠭᠤᠸᠠᠢ ᠶᠢᠨ ᠬᠢᠨ ᠲᠠᠢ ᠬᠠᠮᠲᠤ ᠪᠠᠷ᠂ ᠪᠦᠭᠦ ᠲᠠᠯ᠎ᠠ ᠶᠢᠨ ᠪᠠᠶᠢᠯᠳᠤᠬᠤ | ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠠᠶᠢᠭᠤᠯᠬᠤ ᠪᠠᠷ ᠰᠢᠨ᠎ᠡ ᠭᠠᠷᠤᠭ᠎ᠠ ᠰᠢᠨ᠎ᠡ ᠪᠠᠶᠢᠷᠢᠰᠢᠯ ᠪᠤᠯᠭᠠᠵᠤ᠂ ᠬᠤᠶᠠᠷ ᠲᠠᠯ᠎ᠠ ᠶᠢᠨ ᠬᠠᠷᠢᠯᠴᠠᠭᠠᠨ ᠤ | ᠲᠦᠪᠰᠢᠨ ᠢ ᠳᠡᠭᠡᠭᠰᠢᠯᠡᠭᠦᠯᠵᠦ᠂ ᠬᠤᠶᠠᠷ ᠤᠯᠤᠰ ᠤᠨ ᠬᠠᠮᠲᠤᠷᠠᠯᠴᠠᠭᠠᠨ ᠤ ᠠᠭᠤᠯᠤᠭᠳᠠᠬᠤᠨ ᠢ ᠪᠠᠶᠠᠯᠢᠭᠵᠢᠭᠤᠯᠵᠤ᠂ ᠳᠤᠮᠳᠠᠳᠤ ᠦᠷᠦ᠋ᠭᠤᠸᠠᠢ ᠶᠢᠨ | ᠬᠠᠷᠢᠯᠴᠠᠭ᠎ᠠ ᠶᠢ ᠠᠳᠠᠯᠢ ᠪᠤᠰᠤ ᠪᠠᠭᠲᠠᠭᠠᠮᠵᠢ᠂ ᠠᠳᠠᠯᠢ ᠪᠤᠰᠤ ᠪᠠᠶᠢᠭᠤᠯᠤᠯ᠂ ᠠᠳᠠᠯᠢ ᠪᠤᠰᠤ ᠰᠣᠶᠣᠯ ᠪᠦᠬᠦᠢ ᠤᠯᠤᠰ ᠤᠨ ᠪᠦᠯᠬᠦᠮᠳᠡᠯ | ᠬᠠᠮᠲᠤᠷᠠᠯᠴᠠᠭ᠎ᠠ ᠶᠢᠨ ᠬᠡᠪ ᠳᠠᠭᠤᠷᠢᠶᠠᠯ ᠪᠤᠯᠭᠠᠵᠤ᠂ ᠥᠪᠡᠷ ᠥᠪᠡᠷ ᠤᠨ ᠤᠯᠤᠰ ᠤᠨ ᠢᠶᠠᠨ ᠬᠥᠭᠵᠢᠯᠲᠡ ᠳᠤ ᠨᠡᠩ ᠰᠠᠶᠢᠲᠤᠷ ᠦᠢᠯᠡᠴᠢᠯᠡᠵᠦ᠂ ᠬᠤᠶᠠᠷ | ᠤᠯᠤᠰ ᠤᠨ ᠠᠷᠠᠳ ᠲᠦᠮᠡᠨ ᠤ ᠪᠤᠶᠠᠨ ᠵᠢᠷᠭᠠᠯ ᠢ ᠨᠡᠮᠡᠭᠳᠡᠭᠦᠯᠦᠨ᠎ᠡ ᠭᠡᠵᠦ ᠵᠢᠭᠠᠵᠤ ᠭᠠᠷᠭᠠᠪᠠ᠃ | ᠰᠢ ᠶᠢᠨ ᠫᠢᠩ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠠᠭᠤᠯᠤᠭᠳᠠᠬᠤᠨ ᠪᠠ ᠠᠴᠢ ᠬᠤᠯᠪᠣᠭᠳᠠᠯ ᠢ ᠲᠠᠨᠢᠯᠴᠠᠭᠤᠯᠵᠤ᠂ | ᠳᠤᠮᠳᠠᠳᠤ ᠤᠯᠤᠰ ᠳᠤᠷᠠᠲᠠᠶ᠎ᠠ ᠦᠷᠦ᠋ᠭᠤᠸᠠᠢ ᠶᠢᠨ ᠬᠢᠨ ᠲᠠᠢ ᠲᠦᠷᠦ ᠶᠢ ᠵᠠᠰᠠᠵᠤ ᠵᠠᠰᠠᠭ ᠢ ᠡᠷᠭᠢᠯᠡᠭᠦ ᠰᠣᠯᠢᠯᠴᠠᠭ᠎ᠠ ᠪᠠᠨ ᠴᠢᠩᠭᠠᠳᠬᠠᠵᠤ᠂ ᠤᠯᠤᠰ | ᠲᠦᠷᠦ ᠶᠢᠨ ᠢᠲᠡᠭᠡᠯᠴᠡᠭᠡ ᠪᠠᠨ ᠨᠡᠮᠡᠭᠳᠡᠭᠦᠯᠵᠦ᠂ ᠬᠥᠭᠵᠢᠯᠲᠡ ᠶᠢᠨ ᠠᠵᠠ ᠲᠣᠭᠢᠶᠠᠯ ᠢ ᠬᠠᠮᠲᠤ ᠪᠠᠷ ᠡᠳ᠋ᠯᠡᠵᠦ᠂ ᠥᠪᠡᠷ ᠥᠪᠡᠷ ᠤᠨ ᠤᠯᠤᠰ ᠤᠨ ᠢᠶᠠᠨ | ᠣᠳᠣᠬᠢᠴᠢᠯᠠᠯᠲᠠ ᠪᠠ ᠳᠡᠯᠡᠬᠡᠢ ᠶᠢᠨ ᠣᠳᠣᠬᠢᠴᠢᠯᠠᠯᠲᠠ ᠶᠢ ᠪᠡᠶᠡᠯᠡᠭᠦᠯᠬᠦ ᠶᠢ ᠠᠬᠢᠭᠤᠯᠤᠨ᠎ᠠ᠃ ᠬᠤᠶᠠᠷ ᠲᠠᠯ᠎ᠠ ᠪᠠᠷ ᠢᠶᠠᠨ ᠬᠠᠤᠯᠢ ᠲᠣᠭᠲᠠᠭᠠᠬᠤ | ᠪᠠᠶᠢᠭᠤᠯᠤᠮᠵᠢ᠂ ᠲᠦᠷᠦ ᠶᠢᠨ ᠨᠠᠮ᠂ ᠣᠷᠣᠨ ᠨᠤᠲᠤᠭ ᠤᠨ ᠨᠥᠭᠦᠷᠰᠡᠭ ᠰᠣᠯᠢᠯᠴᠠᠭ᠎ᠠ ᠬᠠᠮᠲᠤᠷᠠᠯᠴᠠᠭ᠎ᠠ ᠶᠢ ᠨᠢᠭᠲᠠᠷᠠᠭᠤᠯᠵᠤ᠂ ︽ᠨᠢᠭᠡ ᠪᠦᠰᠡ ᠨᠢᠭᠡ | ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠬᠠᠮᠲᠤᠷᠠᠯᠴᠠᠭᠠᠨ ᠤ ᠲᠥᠯᠦᠪᠵᠢᠭᠦᠯᠭᠡ ᠳᠤ ᠭᠠᠷ ᠤᠨ ᠦᠰᠦᠭ ᠵᠢᠷᠤᠬᠤ ᠪᠠᠷ ᠠᠵᠠ ᠲᠣᠭᠢᠶᠠᠯ ᠪᠤᠯᠭᠠᠵᠤ᠂ | ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠶᠢ ᠴᠢᠩᠭᠠᠳᠬᠠᠵᠤ᠂ ᠦᠢᠯᠡᠴᠢᠯᠡᠭᠡᠨ ᠤ ᠠᠷᠠᠯᠵᠢᠶ᠎ᠠ᠂ ᠲᠣᠭᠠᠴᠢᠯᠠᠭᠰᠠᠨ ᠠᠵᠤ ᠠᠬᠤᠢ᠂ | ᠴᠡᠪᠡᠷ ᠡᠨᠧᠷᠭᠢ ᠵᠡᠷᠭᠡ ᠬᠦᠷᠢᠶᠡᠨ ᠤ ᠬᠠᠮᠲᠤᠷᠠᠯᠴᠠᠭᠠᠨ ᠤ ᠰᠢᠨ᠎ᠡ ᠬᠥᠳᠡᠯᠭᠡᠬᠦ ᠡᠨᠧᠷᠭᠢ ᠶᠢ ᠪᠤᠶᠢᠵᠢᠭᠤᠯᠵᠤ᠂ ᠳᠤᠮᠳᠠᠳᠤ ᠦᠷᠦ᠋ᠭᠤᠸᠠᠢ ᠶᠢᠨ ︽ᠨᠢᠭᠡ | ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠶᠢ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠱᠠᠲᠤᠨ ᠳᠤ ᠣᠷᠣᠭᠤᠯᠬᠤ ᠶᠢ ᠠᠬᠢᠭᠤᠯᠤᠶ᠎ᠠ᠃ | ᠦᠷᠦ᠋ᠭᠤᠸᠠᠢ ᠶᠢᠨ ᠨᠡᠩ ᠤᠯᠠᠨ ᠴᠢᠨᠠᠷ ᠰᠠᠶᠢᠲᠠᠢ ᠮᠠᠯ ᠠᠵᠤ ᠠᠬᠤᠢ ᠲᠠᠷᠢᠶᠠᠯᠠᠩ ᠤᠨ ᠪᠦᠲᠦᠭᠡᠭᠳᠡᠬᠦᠨ ᠪᠣᠯᠣᠨ ᠥᠨᠳᠥᠷ ᠨᠡᠮᠡᠯᠲᠡ ᠦᠷᠳᠡᠭ ᠲᠠᠢ | ᠪᠦᠲᠦᠭᠡᠭᠳᠡᠬᠦᠨ ᠤ ᠳᠤᠮᠳᠠᠳᠤ ᠤᠯᠤᠰ ᠤᠨ ᠵᠠᠬ᠎ᠠ ᠳᠡᠯᠭᠡᠭᠦᠷ ᠲᠤ ᠣᠷᠣᠬᠤ ᠶᠢ ᠪᠠᠶᠠᠷᠯᠠᠨ ᠤᠭᠲᠤᠵᠤ᠂ ᠳᠤᠮᠳᠠᠳᠤ ᠤᠯᠤᠰ ᠤᠨ ᠠᠵᠤ ᠠᠬᠤᠶᠢᠯᠠᠯ ᠤᠨ | ᠦᠷᠦ᠋ᠭᠤᠸᠠᠢ ᠳᠤ ᠬᠦᠷᠴᠦ ᠪᠡᠯᠡ ᠣᠷᠣᠭᠤᠯᠤᠨ ᠦᠢᠯᠡᠰ ᠪᠣᠰᠬᠠᠬᠤ ᠶᠢ ᠵᠣᠷᠢᠭᠵᠢᠭᠤᠯᠵᠤ᠂ ᠦᠷᠦ᠋ᠭᠤᠸᠠᠢ ᠶᠢᠨ ᠬᠢᠨ ᠦᠷᠭᠦᠯᠵᠢᠯᠡᠨ ᠳᠤᠮᠳᠠᠳᠤ | ᠤᠯᠤᠰ ᠤᠨ ᠠᠵᠤ ᠠᠬᠤᠶᠢᠯᠠᠯ ᠳᠤ ᠰᠠᠶᠢᠨ ᠰᠠᠶᠢᠬᠠᠨ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠬᠠᠩᠭᠠᠬᠤ ᠶᠢ ᠬᠦᠰᠡᠵᠦ ᠪᠠᠶᠢᠨ᠎ᠠ᠃ ᠬᠤᠶᠠᠷ | ᠲᠠᠯ᠎ᠠ ᠪᠠᠷ ᠢᠶᠠᠨ ᠰᠣᠶᠣᠯ᠂ ᠪᠡᠶ᠎ᠡ ᠶᠢᠨ ᠲᠠᠮᠢᠷ ᠵᠡᠷᠭᠡ ᠰᠣᠶᠣᠯ ᠢᠷᠭᠡᠨᠰᠢᠯ ᠤᠨ ᠰᠣᠯᠢᠯᠴᠠᠭ᠎ᠠ ᠶᠢ ᠠᠬᠢᠭᠤᠯᠵᠤ᠂ ᠬᠤᠶᠠᠷ ᠤᠯᠤᠰ ᠤᠨ ᠬᠥᠮᠥᠨ ᠬᠠᠷ᠎ᠠ ᠶᠢᠨ | ᠶᠠᠪᠤᠯᠴᠠᠭ᠎ᠠ ᠳᠤ ᠨᠡᠩ ᠤᠯᠠᠨ ᠲᠦᠭᠦᠮ ᠨᠥᠬᠦᠴᠡᠯ ᠪᠦᠷᠢᠯᠳᠦᠭᠦᠯᠵᠦ ᠥᠭᠭᠦᠶ᠎ᠠ᠂ ᠳᠤᠮᠳᠠᠳᠤ ᠤᠯᠤᠰ ᠳᠤᠷᠠᠲᠠᠶ᠎ᠠ ᠦᠷᠦ᠋ᠭᠤᠸᠠᠢ ᠳᠤ ᠨᠡᠩ ᠤᠯᠠᠨ | ᠰᠤᠷᠤᠯᠭ᠎ᠠ ᠶᠢᠨ ᠱᠠᠩᠨᠠᠯ ᠤᠨ ᠮᠥᠩᠭᠦ ᠶᠢᠨ ᠣᠷᠣᠨ ᠲᠤᠭ᠎ᠠ ᠬᠠᠩᠭᠠᠨ᠎ᠠ ᠭᠡᠵᠦ ᠢᠯᠡᠳᠬᠡᠪᠡ᠃ | ᠰᠢ ᠶᠢᠨ ᠫᠢᠩ᠂ ᠳᠤᠮᠳᠠᠳᠤ ᠦᠷᠦ᠋ᠭᠤᠸᠠᠢ ᠶᠢᠨ ᠳᠡᠯᠡᠬᠡᠢ ᠶᠢᠨ ᠪᠠ ᠭᠠᠵᠠᠷ ᠣᠷᠣᠨ ᠤ ᠮᠠᠰᠢ ᠤᠯᠠᠨ ᠠᠰᠠᠭᠤᠳᠠᠯ ᠤᠨ ᠲᠠᠯ᠎ᠠ ᠪᠠᠷ ᠬᠢ | ᠣᠶᠢᠯᠠᠭᠠᠭᠳᠠᠬᠤᠨ ᠠᠳᠠᠯᠢᠪᠲᠤᠷ ᠪᠠᠶᠢᠵᠤ᠂ ᠥᠷᠭᠡᠨ ᠳᠡᠯᠭᠡᠷ ᠬᠠᠮᠲᠤ ᠶᠢᠨ ᠲᠠᠨᠢᠯᠲᠠ ᠪᠠ ᠬᠠᠮᠲᠤ ᠶᠢᠨ ᠠᠰᠢᠭ ᠲᠤᠰᠠ ᠲᠠᠢ ᠶᠤᠮ᠂ ᠬᠤᠶᠠᠷ | ᠲᠠᠯ᠎ᠠ ᠪᠠᠷ ᠢᠶᠠᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ᠂ ᠳᠡᠯᠡᠬᠡᠢ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠵᠡᠷᠭᠡ ᠤᠯᠠᠨ ᠲᠠᠯ᠎ᠠ ᠶᠢᠨ | ᠲᠣᠭᠲᠠᠴᠠ ᠳᠠᠬᠢ ᠵᠣᠬᠢᠴᠠᠭᠤᠯᠭ᠎ᠠ ᠬᠠᠮᠵᠢᠯᠴᠠᠭ᠎ᠠ ᠪᠠᠨ ᠤᠯᠠᠮ ᠴᠢᠨᠠᠭᠰᠢᠳᠠ ᠴᠢᠩᠭᠠᠳᠬᠠᠵᠤ᠂ ᠳᠡᠯᠡᠬᠡᠢ ᠶᠢᠷᠲᠢᠨᠴᠦ ᠶᠢ ᠨᠡᠩ ᠡᠩᠬᠡ ᠲᠠᠶᠢᠪᠤᠩ᠂ ᠬᠥᠭᠵᠢᠯ | ᠴᠡᠴᠡᠭᠯᠡᠯ᠂ ᠲᠥᠪ ᠭᠤᠣᠯᠴᠢ ᠪᠤᠯᠭᠠᠬᠤ ᠶᠢᠨ ᠲᠥᠯᠥᠭᠡ ᠬᠠᠮᠲᠤ ᠪᠠᠷ ᠴᠢᠷᠮᠠᠶᠢᠵᠤ ᠪᠣᠯᠣᠨ᠎ᠠ᠃ ᠳᠤᠮᠳᠠᠳᠤ ᠤᠯᠤᠰ ᠪᠣᠯᠣᠨ ᠯᠠᠲ᠋ᠢᠨ ᠠᠮᠧᠷᠢᠺᠠ ᠲᠢᠪ ᠪᠠ | ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠬᠠᠷᠢᠯᠴᠠᠭ᠎ᠠ ᠶᠢᠨ ᠬᠥᠭᠵᠢᠯᠲᠡ ᠶᠢ ᠳᠤᠮᠳᠠᠳᠤ ᠤᠯᠤᠰ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠦᠷᠦ᠋ᠭᠤᠸᠠᠢ ᠶᠢᠨ ᠬᠢᠨ ᠤ ᠳᠤᠮᠳᠠᠳᠤ ᠤᠯᠤᠰ ᠪᠣᠯᠣᠨ ᠯᠠᠲ᠋ᠢᠨ ᠠᠮᠧᠷᠢᠺᠠ ᠲᠢᠪ ᠪᠠ ᠺᠠᠷᠢᠪᠧ ᠶᠢᠨ ᠤᠯᠤᠰ ᠤᠳ ᠤᠨ ᠬᠠᠮᠲᠤ ᠶᠢᠨ | ᠴᠣᠭᠴᠠ ᠶᠢᠨ ᠬᠠᠮᠲᠤᠷᠠᠯᠴᠠᠭ᠎ᠠ ᠳᠤ ᠢᠳᠡᠪᠬᠢᠲᠡᠢ ᠣᠷᠣᠯᠴᠠᠵᠤ ᠪᠠᠶᠢᠬᠤ ᠶᠢ ᠮᠠᠭᠲᠠᠨ ᠰᠠᠶᠢᠰᠢᠶᠠᠵᠤ᠂ ᠡᠮᠦᠨᠡᠲᠦ ᠠᠮᠧᠷᠢᠺᠠ ᠲᠢᠪ ᠤᠨ ᠬᠠᠮᠲᠤ ᠶᠢᠨ ᠵᠠᠬ᠎ᠠ | ᠳᠡᠯᠭᠡᠭᠦᠷ ᠵᠡᠷᠭᠡ ᠭᠠᠵᠠᠷ ᠣᠷᠣᠨ ᠤ ᠵᠣᠬᠢᠶᠠᠨ ᠪᠠᠶᠢᠭᠤᠯᠤᠯᠲᠠ ᠶᠢᠨ ᠳᠤᠮᠳᠠᠳᠤ ᠤᠯᠤᠰ ᠯᠤᠭ᠎ᠠ ᠤᠯᠤᠰ ᠲᠦᠷᠦ ᠶᠢᠨ ᠶᠠᠷᠢᠯᠴᠠᠭ᠎ᠠ ᠪᠣᠯᠣᠨ ᠠᠵᠤ ᠠᠬᠤᠢ | ᠠᠷᠠᠯᠵᠢᠶᠠᠨ ᠤ ᠬᠠᠮᠲᠤᠷᠠᠯᠴᠠᠭ᠎ᠠ ᠪᠠᠨ ᠨᠢᠭᠲᠠᠷᠠᠭᠤᠯᠬᠤ ᠶᠢ ᠳᠡᠮᠵᠢᠨ᠎ᠠ᠂ ᠦᠷᠦ᠋ᠭᠤᠸᠠᠢ ᠶᠢᠨ ᠬᠢᠨ ᠥᠩᠭᠡᠷᠡᠭᠰᠡᠨ ᠲᠠᠢ ᠪᠠᠨ ᠠᠳᠠᠯᠢ ᠪᠠᠷ ᠳᠤᠮᠳᠠᠳᠤ ᠤᠯᠤᠰ | ᠪᠣᠯᠣᠨ ᠯᠠᠲ᠋ᠢᠨ ᠠᠮᠧᠷᠢᠺᠠ ᠲᠢᠪ ᠪᠠ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠬᠠᠮᠲᠤᠷᠠᠯᠴᠠᠭ᠎ᠠ᠂ ᠳᠤᠮᠳᠠᠳᠤ ᠤᠯᠤᠰ ᠪᠣᠯᠣᠨ | ᠡᠮᠦᠨᠡᠲᠦ ᠠᠮᠧᠷᠢᠺᠠ ᠲᠢᠪ ᠤᠨ ᠬᠠᠮᠲᠤᠷᠠᠯᠴᠠᠭ᠎ᠠ ᠶᠢ ᠠᠬᠢᠭᠤᠯᠬᠤ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ | ᠯᠠᠺᠠᠯᠢᠶᠧ᠂ ᠦᠷᠦ᠋ᠭᠤᠸᠠᠢ ᠳᠤᠮᠳᠠᠳᠤ ᠶᠢᠨ ᠬᠠᠷᠢᠯᠴᠠᠭ᠎ᠠ ᠪᠠᠶᠢᠭᠤᠯᠤᠭᠰᠠᠨ 35 ᠵᠢᠯ ᠤᠨ ᠤᠢ ᠶᠢᠨ ᠲᠠᠰᠢᠷᠠᠮ ᠢᠶᠠᠷ ᠴᠢᠬᠤᠯᠠ ᠰᠠᠶᠢᠳ ᠨᠠᠷ ᠤᠨ | ᠵᠥᠪᠯᠡᠯ ᠪᠣᠯᠣᠨ ᠠᠵᠤ ᠠᠬᠤᠢ ᠠᠷᠠᠯᠵᠢᠶᠠᠨ ᠤ ᠲᠥᠯᠥᠭᠡᠯᠡᠭᠴᠢᠳ ᠤᠨ ᠪᠦᠯᠭᠦᠮ ᠢ ᠳᠠᠭᠠᠭᠤᠯᠤᠨ ᠳᠤᠮᠳᠠᠳᠤ ᠤᠯᠤᠰ ᠲᠤ ᠠᠶᠢᠯᠴᠢᠯᠠᠬᠰᠠᠨ ᠳᠠᠭᠠᠨ ᠮᠠᠰᠢ | ᠪᠠᠶᠠᠷ ᠲᠠᠢ ᠪᠠᠶᠢᠨ᠎ᠠ᠃ ᠦᠷᠦ᠋ᠭᠤᠸᠠᠢ ᠳᠤᠮᠳᠠᠳᠤ ᠬᠠᠷᠢᠯᠴᠠᠭ᠎ᠠ ᠪᠠᠶᠢᠭᠤᠯᠤᠭᠰᠠᠨ 35 ᠵᠢᠯ ᠤᠨ ᠲᠤᠷᠰᠢ᠂ ᠬᠤᠶᠠᠷ ᠤᠯᠤᠰ ᠤᠨ ᠬᠠᠷᠢᠯᠴᠠᠭᠠᠨ ᠤ | ᠬᠥᠭᠵᠢᠯᠲᠡ ᠢᠮᠠᠭᠲᠠ ᠡᠷᠬᠡ ᠲᠡᠭᠰᠢ᠂ ᠬᠦᠨᠳᠦᠳᠬᠡᠬᠦ᠂ ᠬᠠᠷᠢᠯᠴᠠᠨ ᠠᠰᠢᠭᠲᠠᠢ᠂ ᠬᠠᠮᠲᠤ ᠪᠠᠷ ᠠᠰᠢᠭ ᠭᠦᠷᠳᠡᠭᠦ ᠵᠠᠷᠴᠢᠮ ᠢ ᠪᠠᠷᠢᠮᠲᠠᠯᠠᠵᠤ᠂ ᠬᠤᠶᠠᠷ | ᠲᠠᠯ᠎ᠠ ᠶᠢᠨ ᠤᠯᠤᠰ ᠲᠦᠷᠦ ᠶᠢᠨ ᠢᠲᠡᠭᠡᠯᠴᠡᠭᠡ ᠪᠠᠲᠤᠵᠢᠨ ᠪᠠᠬᠢᠵᠢᠵᠦ᠂ ᠦᠷᠦ᠋ᠭᠤᠸᠠᠢ ᠳᠤᠮᠳᠠᠳᠤ ᠶᠢᠨ ᠬᠠᠷᠢᠯᠴᠠᠭ᠎ᠠ ᠶᠢ ᠲᠠᠰᠤᠷᠠᠯᠳᠠ ᠦᠭᠡᠢ | ᠭᠦᠨᠵᠡᠭᠡᠶᠢᠷᠡᠭᠦᠯᠬᠦ ᠪᠣᠯ ᠦᠷᠦ᠋ᠭᠤᠸᠠᠢ ᠶᠢᠨ ᠡᠯ᠎ᠡ ᠡᠲᠡᠭᠡᠳ ᠪᠣᠯᠣᠨ ᠪᠦᠭᠦ ᠠᠷᠠᠳ ᠲᠦᠮᠡᠨ ᠤ ᠴᠢᠩᠭ᠎ᠠ ᠬᠠᠮᠲᠤ ᠶᠢᠨ ᠲᠠᠨᠢᠯᠲᠠ ᠪᠣᠯᠣᠨ᠎ᠠ᠃ | ᠦᠷᠦ᠋ᠭᠤᠸᠠᠢ ᠶᠢᠨ ᠵᠠᠰᠠᠭ ᠤᠨ ᠣᠷᠳᠣᠨ ᠳᠡᠯᠡᠬᠡᠢ ᠳᠡᠭᠡᠷ᠎ᠡ ᠭᠠᠭᠴᠠᠬᠠᠨ ᠳᠤᠮᠳᠠᠳᠤ ᠤᠯᠤᠰ ᠪᠠᠶᠢᠬᠤ ᠶᠢ ᠮᠡᠳᠡᠷᠡᠵᠦ ᠪᠠᠶᠢᠨ᠎ᠠ᠂ ᠨᠠᠶᠢᠷᠠᠮᠳᠠᠯ ᠢᠶᠠᠷ ᠨᠢᠭᠡᠳᠬᠡᠬᠦ | ᠪᠣᠯ ᠳᠤᠮᠳᠠᠳᠤ ᠤᠯᠤᠰ ᠤᠨ ᠳᠣᠲᠣᠭᠠᠳᠤ ᠵᠠᠰᠠᠭ ᠮᠥᠨ᠂ ᠡᠷᠬᠡᠪᠰᠢ ᠳᠤᠮᠳᠠᠳᠤ ᠤᠯᠤᠰ ᠤᠨ ᠠᠷᠠᠳ ᠲᠦᠮᠡᠨ ᠥᠪᠡᠷ ᠢᠶᠠᠨ ᠲᠣᠭᠲᠠᠭᠠᠬᠤ ᠬᠡᠷᠡᠭᠲᠡᠢ᠃ | ᠦᠷᠦ᠋ᠭᠤᠸᠠᠢ ᠳᠤᠮᠳᠠᠳᠤ ᠴᠥᠮ ᠤᠯᠠᠨ ᠲᠠᠯᠠᠲᠤ ᠦᠵᠡᠯ ᠢ ᠡᠷᠡᠰ ᠬᠠᠮᠠᠭᠠᠯᠠᠵᠤ᠂ ᠴᠢᠯᠦᠭᠡᠲᠦ ᠠᠷᠠᠯᠵᠢᠶ᠎ᠠ ᠶᠢ ᠬᠠᠮᠠᠭᠠᠯᠠᠵᠤ᠂ ᠳᠡᠯᠡᠬᠡᠢ ᠶᠢᠨ ᠡᠩᠬᠡ | ᠲᠠᠶᠢᠪᠤᠩ ᠪᠣᠯᠣᠨ ᠲᠣᠭᠲᠠᠭᠤᠨ ᠢ ᠠᠬᠢᠭᠤᠯᠬᠤ ᠪᠠᠷ ᠴᠢᠷᠮᠠᠶᠢᠵᠤ ᠪᠠᠶᠢᠨ᠎ᠠ᠃ ᠦᠷᠦ᠋ᠭᠤᠸᠠᠢ ᠳᠤᠮᠳᠠᠳᠤ ᠶᠢᠨ ᠬᠠᠷᠢᠯᠴᠠᠭ᠎ᠠ ᠨᠢᠭᠡᠨᠲᠡ ᠠᠵᠤ ᠠᠬᠤᠢ | ᠠᠷᠠᠯᠵᠢᠶᠠᠨ ᠤ ᠬᠦᠷᠢᠶ᠎ᠡ ᠶᠢ ᠳᠠᠪᠠᠵᠤ᠂ ᠤᠯᠠᠨ ᠬᠠᠷᠠᠭᠠᠰᠤ᠂ ᠥᠨᠳᠥᠷ ᠲᠦᠪᠰᠢᠨ ᠪᠦᠬᠦᠢ ᠬᠥᠭᠵᠢᠯᠲᠡ ᠶᠢᠨ ᠰᠠᠶᠢᠨ ᠰᠠᠶᠢᠬᠠᠨ ᠪᠠᠶᠢᠳᠠᠯ ᠢᠯᠡᠷᠡᠪᠡ᠃ | ᠦᠷᠦ᠋ᠭᠤᠸᠠᠢ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠶᠢ ᠢᠳᠡᠪᠬᠢᠲᠡᠢ ᠲᠡᠮᠵᠢᠵᠤ᠂ ᠲᠡᠷᠢᠭᠦᠯᠡᠭᠴᠢ ᠰᠢ ᠶᠢᠨ ᠫᠢᠩ ᠤᠨ | ᠳᠤᠷᠠᠳᠤᠭᠰᠠᠨ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ᠂ ᠪᠦᠭᠦ | ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠵᠥᠪᠰᠢᠶᠡᠷᠡᠵᠦ᠂ ᠠᠵᠤ ᠠᠬᠤᠢ ᠠᠷᠠᠯᠵᠢᠶ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠪᠡᠶ᠎ᠡ ᠶᠢᠨ | ᠲᠠᠮᠢᠷ᠂ ᠵᠢᠭᠤᠯᠴᠢᠯᠠᠯ ᠵᠡᠷᠭᠡ ᠬᠦᠷᠢᠶᠡᠨ ᠤ ᠬᠠᠮᠲᠤᠷᠠᠯᠴᠠᠭ᠎ᠠ ᠪᠠᠨ ᠴᠢᠩᠭᠠᠳᠬᠠᠬᠤ ᠶᠢ ᠬᠦᠰᠡᠵᠦ᠂ ᠨᠡᠩ ᠤᠯᠠᠨ ᠳᠤᠮᠳᠠᠳᠤ ᠤᠯᠤᠰ ᠤᠨ ᠠᠵᠤ | ᠠᠬᠤᠶᠢᠯᠠᠯ ᠤᠨ ᠦᠷᠦ᠋ᠭᠤᠸᠠᠢ ᠳᠤ ᠬᠦᠷᠴᠦ ᠪᠡᠯᠡ ᠣᠷᠣᠭᠤᠯᠤᠨ ᠦᠢᠯᠡᠰ ᠢᠶᠠᠨ ᠬᠥᠭᠵᠢᠭᠦᠯᠬᠦ ᠶᠢ ᠪᠠᠶᠠᠷᠯᠠᠨ ᠤᠭᠲᠤᠵᠤ᠂ ᠦᠷᠦ᠋ᠭᠤᠸᠠᠢ ᠳᠤ ᠨᠡᠩ ᠤᠯᠠᠨ | ᠺᠦᠩᠽᠢ ᠶᠢᠨ ᠳᠡᠭᠡᠳᠦ ᠰᠤᠷᠭᠠᠭᠤᠯᠢ ᠪᠠᠶᠢᠭᠤᠯᠤᠨ᠂ ᠬᠤᠶᠠᠷ ᠤᠯᠤᠰ ᠤᠨ ᠬᠥᠮᠥᠰ ᠤᠨ ᠶᠠᠪᠤᠯᠴᠠᠭ᠎ᠠ ᠪᠣᠯᠣᠨ ᠰᠣᠶᠣᠯ ᠢᠷᠭᠡᠨᠰᠢᠯ ᠤᠨ ᠰᠣᠯᠢᠯᠴᠠᠭ᠎ᠠ ᠶᠢ | ᠠᠬᠢᠭᠤᠯᠬᠤ ᠶᠢ ᠳᠡᠮᠵᠢᠨ᠎ᠡ᠃ ᠦᠷᠦ᠋ᠭᠤᠸᠠᠢ ᠶᠢᠨ ᠬᠢᠨ ᠳᠤᠮᠳᠠᠳᠤ ᠤᠯᠤᠰ ᠯᠤᠭ᠎ᠠ ᠴᠢᠯᠦᠭᠡᠲᠦ ᠠᠷᠠᠯᠵᠢᠶᠠᠨ ᠤ ᠬᠠᠮᠲᠤᠷᠠᠯᠴᠠᠭ᠎ᠠ ᠪᠠᠨ ᠲᠦᠷᠭᠡᠳᠬᠡᠨ | ᠠᠬᠢᠭᠤᠯᠬᠤ ᠶᠢᠨ ᠬᠠᠮᠲᠤ ᠡᠮᠦᠨᠡᠲᠦ ᠠᠮᠧᠷᠢᠺᠠ ᠲᠢᠪ ᠤᠨ ᠬᠠᠮᠲᠤ ᠶᠢᠨ ᠵᠠᠬ᠎ᠠ ᠳᠡᠯᠭᠡᠭᠦᠷ ᠤᠨ ᠡᠨᠡ ᠬᠦ ᠬᠠᠷᠠᠯᠲᠠ ᠲᠡᠶᠢᠰᠢ ᠤᠷᠤᠭᠰᠢᠯᠠᠬᠤ ᠶᠢ | ᠠᠬᠢᠭᠤᠯᠬᠤ ᠶᠢ ᠬᠦᠰᠡᠵᠦ ᠪᠠᠶᠢᠨ᠎ᠠ᠃ ᠦᠷᠦ᠋ᠭᠤᠸᠠᠢ ᠶᠢᠨ ᠬᠢᠨ ᠳᠤᠷᠠᠲᠠᠶ᠎ᠠ ᠯᠠᠲ᠋ᠢᠨ ᠠᠮᠧᠷᠢᠺᠠ ᠲᠢᠪ ᠪᠠ ᠺᠠᠷᠢᠪᠧ ᠶᠢᠨ ᠤᠯᠤᠰ ᠤᠳ ᠤᠨ ᠬᠠᠮᠲᠤ ᠶᠢᠨ | ᠴᠣᠭᠴᠠ ᠪᠣᠯᠣᠨ ᠳᠤᠮᠳᠠᠳᠤ ᠤᠯᠤᠰ ᠤᠨ ᠬᠠᠷᠢᠯᠴᠠᠭ᠎ᠠ ᠶᠢᠨ ᠬᠥᠭᠵᠢᠯᠲᠡ ᠪᠣᠯᠣᠨ ᠯᠠᠲ᠋ᠢᠨ ᠠᠮᠧᠷᠢᠺᠠ ᠲᠢᠪ ᠪᠠ ᠺᠠᠷᠢᠪᠧ ᠶᠢᠨ ᠤᠯᠤᠰ ᠤᠳ ᠤᠨ | ᠬᠠᠮᠲᠤ ᠶᠢᠨ ᠴᠣᠭᠴᠠ ᠪᠣᠯᠣᠨ ᠳᠤᠮᠳᠠᠳᠤ ᠤᠯᠤᠰ ᠤᠨ ᠶᠠᠷᠢᠶᠠᠨ ᠤ ᠲᠠᠪᠴᠠᠩ ᠤᠨ ᠪᠠᠶᠢᠭᠤᠯᠤᠯᠲᠠ ᠳᠤ ᠢᠳᠡᠪᠬᠢᠲᠡᠢ ᠦᠢᠯᠡᠳᠦᠯ ᠦᠵᠡᠭᠦᠯᠦᠨ᠎ᠡ ᠭᠡᠵᠦ | ᠢᠯᠡᠳᠬᠡᠪᠡ᠃ | ᠬᠡᠯᠡᠯᠴᠡᠭᠡ ᠲᠡᠭᠦᠰᠦᠭᠰᠡᠨ ᠤ ᠲᠠᠷᠠᠭ᠎ᠠ᠂ ᠬᠤᠶᠠᠷ ᠤᠯᠤᠰ ᠤᠨ ᠲᠡᠷᠢᠭᠦᠨ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ | ᠬᠠᠮᠲᠤᠷᠠᠯᠴᠠᠭᠠᠨ ᠤ ᠲᠥᠯᠦᠪᠵᠢᠭᠦᠯᠭᠡ᠂ ᠠᠷᠠᠯᠵᠢᠶ᠎ᠠ ᠪᠡᠯᠡ ᠣᠷᠣᠭᠤᠯᠤᠯᠲᠠ᠂ ᠲᠣᠭᠠᠴᠢᠯᠠᠭᠰᠠᠨ ᠠᠵᠤ ᠠᠬᠤᠢ᠂ ᠪᠣᠬᠢᠷᠳᠤᠯ ᠦᠭᠡᠢ ᠬᠥᠭᠵᠢᠯᠲᠡ᠂ | ᠬᠥᠳᠡᠭᠡ ᠠᠵᠤ ᠠᠬᠤᠢ᠂ ᠡᠷᠡᠭᠦᠯ ᠬᠠᠮᠠᠭᠠᠯᠠᠯ᠂ ᠰᠤᠷᠭᠠᠨ ᠬᠥᠮᠦᠵᠢᠯ᠂ ᠰᠣᠶᠣᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ | ᠪᠣᠯᠣᠨ ᠪᠣᠭᠤᠮᠲᠠ ᠶᠢᠨ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠵᠡᠷᠭᠡ ᠬᠦᠷᠢᠶᠡᠨ ᠤ ᠤᠯᠠᠨ ᠵᠦᠢᠯ ᠤᠨ ᠬᠤᠶᠠᠷ ᠲᠠᠯ᠎ᠠ ᠶᠢᠨ ᠬᠠᠮᠲᠤᠷᠠᠯᠴᠠᠭᠠᠨ ᠤ | ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠬᠤ ᠶᠢ ᠬᠠᠮᠲᠤ ᠪᠠᠷ ᠭᠡᠷᠡᠴᠢᠯᠡᠪᠡ᠃ | ᠬᠡᠯᠡᠯᠴᠡᠭᠡ ᠬᠢᠬᠦ ᠠᠴᠠ ᠡᠮᠦᠨ᠎ᠡ᠂ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠤᠨ ᠬᠤᠶᠢᠲᠤ ᠶᠡᠭᠡ ᠲᠢᠩᠬᠢᠮ ᠳᠤ ᠯᠠᠺᠠᠯᠢᠶᠧ ᠶᠢ | ᠤᠭᠲᠤᠬᠤ ᠶᠣᠰᠣᠯᠠᠯ ᠶᠠᠪᠤᠭᠤᠯᠪᠠ᠃ | ᠲᠢᠶᠠᠨ ᠠᠨ ᠮᠧᠨ ᠠᠭᠤᠳᠠᠮ ᠲᠠᠯᠠᠪᠠᠢ ᠳᠤ ᠶᠣᠰᠣᠯᠠᠯ ᠤᠨ ᠫᠤᠤ ᠶᠢ 21 ᠳᠤᠤᠭᠠᠷᠭᠠᠵᠤ᠂ ᠶᠣᠰᠣᠯᠠᠯ ᠤᠨ ᠴᠡᠷᠢᠭ ᠮᠥᠷᠯᠡᠨ ᠵᠣᠭᠰᠣᠵᠤ | ᠬᠦᠨᠳᠦᠳᠬᠡᠯ ᠳᠡᠪᠰᠢᠭᠦᠯᠪᠡ᠃ ᠬᠤᠶᠠᠷ ᠤᠯᠤᠰ ᠤᠨ ᠲᠡᠷᠢᠭᠦᠨ ᠰᠢᠯᠭᠠᠨ ᠦᠵᠡᠬᠦ ᠲᠠᠶᠢᠰᠠᠨ ᠳᠤ ᠭᠠᠷᠴᠤ᠂ ᠴᠡᠷᠢᠭ ᠤᠨ ᠬᠥᠭᠵᠢᠮ ᠤᠨ ᠪᠦᠯᠭᠦᠮ | ᠳᠤᠮᠳᠠᠳᠤ ᠦᠷᠦ᠋ᠭᠤᠸᠠᠢ ᠬᠤᠶᠠᠷ ᠤᠯᠤᠰ ᠤᠨ ᠰᠦᠯᠳᠡ ᠳᠠᠭᠤᠤ ᠶᠢ ᠬᠥᠭᠵᠢᠮᠳᠡᠪᠡ᠃ ᠰᠢ ᠶᠢᠨ ᠫᠢᠩ ᠤᠨ ᠪᠠᠷ᠎ᠠ ᠪᠤᠯᠤᠯᠭ᠎ᠠ ᠲᠠᠢ ᠪᠠᠷ ᠯᠠᠺᠠᠯᠢᠶᠧ | ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ ᠶᠣᠰᠣᠯᠠᠯ ᠤᠨ ᠠᠩᠭᠢ ᠶᠢ ᠰᠢᠯᠭᠠᠨ ᠦᠵᠡᠭᠰᠡᠨ ᠪᠥᠭᠡᠳ ᠵᠢᠭᠰᠠᠭᠠᠯ ᠢ ᠰᠣᠨᠢᠷᠬᠠᠪᠠ᠃ | ᠲᠤᠰ ᠣᠷᠣᠢ᠂ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠤᠨ ᠰᠢᠵᠢᠷ ᠠᠯᠳᠠᠨ ᠶᠡᠭᠡ ᠲᠢᠩᠬᠢᠮ ᠳᠤ ᠯᠠᠺᠠᠯᠢᠶᠧ ᠶᠢ ᠤᠭᠲᠤᠬᠤ | ᠳᠠᠶᠢᠯᠠᠯᠭ᠎ᠠ ᠬᠢᠪᠡ᠃ | ᠸᠠᠩ ᠢ ᠳᠡᠭᠡᠷᠡᠬᠢ ᠠᠵᠢᠯᠯᠠᠭ᠎ᠠ ᠳᠤ ᠣᠷᠣᠯᠴᠠᠵᠠᠢ᠃ | ᠯᠠᠺᠠᠯᠢᠶᠧ ᠳᠤᠮᠳᠠᠳᠤ ᠤᠯᠤᠰ ᠲᠤ ᠠᠶᠢᠯᠴᠢᠯᠠᠵᠤ ᠪᠠᠶᠢᠬᠤ ᠬᠤᠭᠤᠴᠠᠭᠠᠨ ᠳᠠᠭᠠᠨ᠂ ᠬᠤᠶᠠᠷ ᠲᠠᠯ᠎ᠠ ᠪᠠᠷ ᠢᠶᠠᠨ ︽ᠪᠦᠭᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠪᠣᠯᠣᠨ ᠪᠦᠭᠦᠳᠡ ᠨᠠᠶᠢᠷᠠᠮᠳᠠᠬᠤ ᠦᠷᠦ᠋ᠭᠤᠸᠠᠢ ᠤᠯᠤᠰ ᠤᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ | ᠬᠠᠷᠢᠯᠴᠠᠭ᠎ᠠ ᠪᠠᠶᠢᠭᠤᠯᠬᠤ ᠲᠤᠬᠠᠢ ᠬᠠᠮᠲᠤᠷᠠᠭᠰᠠᠨ ᠢᠯᠡᠷᠬᠡᠶᠢᠯᠡᠯᠲᠡ︾ ᠶᠢ ᠨᠡᠶᠢᠲᠡᠯᠡᠪᠡ᠃ | |