ᠨᠢᠭᠡ᠂ ᠲᠣᠭᠲᠠᠭᠠᠭᠰᠠᠨ ᠠᠬᠤᠢ ᠪᠠᠶᠢᠳᠠᠯ | ᠡᠷᠡᠭᠦᠯ ᠡᠩᠬᠡ ᠳᠤᠮᠳᠠᠳᠤ ᠤᠯᠤᠰ ᠢ ᠬᠡᠷᠡᠭᠵᠢᠭᠦᠯᠬᠦ᠂ ᠬᠥᠮᠥᠨ ᠠᠮᠠ ᠶᠢᠨ ᠨᠠᠰᠤᠵᠢᠯᠲᠠ ᠶᠢ ᠢᠳᠡᠪᠬᠢᠲᠡᠢ ᠪᠠᠷ ᠠᠷᠭᠠᠴᠠᠭᠠᠬᠤ ᠤᠯᠤᠰ ᠤᠨ | ᠪᠠᠶᠢᠯᠳᠤᠬᠤ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠲᠦᠮᠡᠨ ᠤ ᠡᠷᠡᠭᠦᠯ ᠮᠡᠨᠳᠦ ᠪᠠᠷ ᠭᠤᠣᠯᠯᠠᠭᠤᠯᠵᠤ᠂ ᠨᠡᠶᠢᠭᠡᠮ ᠤᠨ | ᠬᠡᠷᠡᠭᠴᠡᠭᠡᠨ ᠳᠤ ᠴᠢᠭᠯᠡᠭᠦᠯᠵᠦ᠂ ᠡᠷᠡᠭᠦᠯᠵᠢᠭᠦᠯᠬᠦ ᠠᠵᠢᠯᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠡᠷᠡᠭᠦᠯᠵᠢᠭᠦᠯᠬᠦ ᠦᠢᠯᠡᠴᠢᠯᠡᠭᠡᠨ ᠤ | ᠴᠢᠳᠠᠪᠤᠷᠢ ᠶᠢ ᠳᠡᠭᠡᠭᠰᠢᠯᠡᠭᠦᠯᠵᠦ᠂ ᠡᠷᠡᠭᠦᠯᠵᠢᠭᠦᠯᠬᠦ ᠦᠢᠯᠡᠴᠢᠯᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠤᠯᠠᠨ ᠲᠦᠮᠡᠨ ᠤ ᠤᠯᠠᠨ | ᠶᠠᠩᠵᠤᠲᠤ᠂ ᠵᠥᠷᠢᠶᠡᠲᠦ ᠡᠷᠡᠭᠦᠯᠵᠢᠭᠦᠯᠬᠦ ᠦᠢᠯᠡᠴᠢᠯᠡᠭᠡᠨ ᠤ ᠬᠡᠷᠡᠭᠴᠡᠭᠡ ᠶᠢ ᠠᠯᠬᠤᠮ ᠠᠯᠬᠤᠮ ᠢᠶᠠᠷ ᠬᠠᠩᠭᠠᠬᠤ ᠶᠢᠨ ᠲᠥᠯᠥᠭᠡ᠂ ᠭᠦᠨᠵᠡᠭᠡᠢ ᠪᠠᠶᠢᠴᠠᠭᠠᠨ | ᠰᠤᠳᠤᠯᠵᠤ᠂ ᠥᠷᠭᠡᠨ ᠢᠶᠠᠷ ᠰᠠᠨᠠᠯ ᠬᠤᠷᠢᠶᠠᠭᠰᠠᠨ ᠰᠠᠭᠤᠷᠢᠨ ᠳᠡᠭᠡᠷ᠎ᠡ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ︽ᠡᠷᠡᠭᠦᠯᠵᠢᠭᠦᠯᠬᠦ | ᠠᠵᠢᠯᠲᠠᠨ ᠤ ᠪᠣᠯᠪᠠᠰᠤᠷᠠᠯ ᠤᠨ ᠬᠥᠲᠥᠯᠪᠦᠷᠢ ︵2023 ᠣᠨ ᠤ ᠬᠡᠪᠯᠡᠯ︶︾ ᠶᠢ ᠵᠣᠬᠢᠶᠠᠨ ᠪᠠᠶᠢᠭᠤᠯᠤᠨ ᠲᠣᠭᠲᠠᠭᠠᠵᠤ᠂ ᠡᠯ᠎ᠡ ᠭᠠᠵᠠᠷ ᠪᠠ | ᠡᠮᠴᠢᠯᠡᠭᠡᠨ ᠤ ᠪᠠᠶᠢᠭᠤᠯᠤᠮᠵᠢ ᠶᠢ ᠵᠢᠯᠣᠭᠤᠳᠤᠨ ︽ᠡᠷᠡᠭᠦᠯᠵᠢᠭᠦᠯᠬᠦ ᠠᠵᠢᠯᠲᠠᠨ ᠤ ᠪᠣᠯᠪᠠᠰᠤᠷᠠᠯ ᠤᠨ ᠬᠥᠲᠥᠯᠪᠦᠷᠢ ︵2023 ᠣᠨ ᠤ ᠬᠡᠪᠯᠡᠯ︶︾ ᠪᠠᠷ | ᠯᠠᠪᠯᠠᠯᠲᠠ ᠪᠣᠯᠭᠠᠨ᠂ ᠡᠷᠡᠭᠦᠯᠵᠢᠭᠦᠯᠬᠦ ᠠᠵᠢᠯᠲᠠᠨ ᠤ ᠪᠣᠯᠪᠠᠰᠤᠷᠠᠯ ᠢ ᠥᠷᠨᠢᠭᠦᠯᠦᠭᠡᠳ᠂ ᠡᠷᠡᠭᠦᠯᠵᠢᠭᠦᠯᠬᠦ ᠠᠵᠢᠯᠲᠠᠳ ᠤᠨ ᠦᠢᠯᠡᠴᠢᠯᠡᠬᠦ ᠴᠢᠳᠠᠪᠤᠷᠢ ᠶᠢ | ᠤᠯᠠᠮ ᠳᠡᠭᠡᠭᠰᠢᠯᠡᠭᠦᠯᠪᠡ᠃ | ᠬᠤᠶᠠᠷ᠂ ᠭᠤᠣᠯ ᠠᠭᠤᠯᠭ᠎ᠠ | ︽ᠡᠷᠡᠭᠦᠯᠵᠢᠭᠦᠯᠬᠦ ᠠᠵᠢᠯᠲᠠᠨ ᠤ ᠪᠣᠯᠪᠠᠰᠤᠷᠠᠯ ᠤᠨ ᠬᠥᠲᠥᠯᠪᠦᠷᠢ ︵2023 ᠣᠨ ᠤ ᠬᠡᠪᠯᠡᠯ︶︾ ᠳᠤ ᠪᠣᠯᠪᠠᠰᠤᠷᠠᠯ ᠤᠨ ᠬᠠᠷᠠᠯᠲᠠ᠂ ᠡᠲᠡᠭᠡᠳ᠂ | ᠴᠠᠭ᠂ ᠬᠡᠯᠪᠡᠷᠢ ᠪᠠ ᠠᠷᠭ᠎ᠠ᠂ ᠪᠣᠯᠪᠠᠰᠤᠷᠠᠯ ᠤᠨ ᠠᠭᠤᠯᠭ᠎ᠠ ᠪᠠ ᠱᠠᠭᠠᠷᠳᠠᠯᠭ᠎ᠠ ᠵᠡᠷᠭᠡ ᠶᠢ ᠲᠣᠳᠣᠷᠬᠠᠢ ᠲᠣᠭᠲᠠᠭᠠᠵᠠᠢ᠃ ᠭᠤᠣᠯᠳᠠᠭᠤ ᠡᠮᠴᠢᠯᠡᠭᠡᠨ ᠤ | ᠪᠠᠶᠢᠭᠤᠯᠤᠮᠵᠢ ᠶᠢᠨ ᠰᠢᠨ᠎ᠡ ᠪᠠᠷ ᠠᠵᠢᠯ ᠳᠤ ᠭᠠᠷᠤᠭᠰᠠᠨ ᠡᠷᠡᠭᠦᠯᠵᠢᠭᠦᠯᠬᠦ ᠠᠵᠢᠯᠲᠠᠨ᠂ ᠠᠵᠢᠯ ᠤᠨ ᠪᠠᠶᠢᠷᠢ ᠰᠢᠯᠵᠢᠭᠰᠡᠨ ᠤ ᠳᠠᠷᠠᠭ᠎ᠠ ᠡᠷᠡᠭᠦᠯᠵᠢᠭᠦᠯᠬᠦ | ᠡᠮᠴᠢᠯᠡᠭᠡ ᠬᠢᠵᠦ ᠪᠠᠶᠢᠭ᠎ᠠ ᠠᠵᠢᠯᠲᠠᠨ᠂ ᠠᠵᠢᠯ ᠤᠨ ᠪᠠᠶᠢᠷᠢᠨ ᠳᠤ ᠪᠠᠶᠢᠭ᠎ᠠ ᠠᠩᠬ᠎ᠠ ᠵᠡᠷᠭᠡ ᠶᠢᠨ ᠵᠢᠴᠢ ᠲᠡᠭᠦᠨ ᠠᠴᠠ ᠳᠣᠷᠣᠭᠰᠢᠬᠢ ᠮᠡᠷᠭᠡᠵᠢᠯ ᠤᠨ | ᠴᠣᠯᠠ ᠲᠠᠢ ᠡᠷᠡᠭᠦᠯᠵᠢᠭᠦᠯᠬᠦ ᠠᠵᠢᠯᠲᠠᠨ ᠳᠤ ᠦᠨᠳᠦᠰᠦᠨ ᠣᠨᠣᠯ᠂ ᠡᠷᠡᠭᠦᠯᠵᠢᠬᠦ ᠶᠢ ᠦᠨᠡᠯᠡᠨ ᠲᠣᠭᠲᠠᠭᠠᠬᠤ ᠳᠤ ᠪᠠᠶᠢᠩᠭᠤ ᠬᠡᠷᠡᠭᠯᠡᠭᠳᠡᠬᠦ ᠠᠷᠭ᠎ᠠ᠂ | ᠪᠠᠶᠢᠩᠭᠤ ᠬᠡᠷᠡᠭᠯᠡᠭᠳᠡᠬᠦ ᠡᠷᠡᠭᠦᠯᠵᠢᠭᠦᠯᠬᠦ ᠮᠡᠷᠭᠡᠵᠢᠯ ᠵᠢᠴᠢ ᠪᠠᠶᠢᠩᠭᠤ ᠲᠣᠬᠢᠶᠠᠯᠳᠤᠬᠤ ᠡᠪᠡᠳᠴᠢᠨ ᠤ ᠴᠢᠳᠠᠮᠵᠢ ᠶᠢᠨ ᠰᠠᠭᠠᠳ ᠢ ᠡᠷᠡᠭᠦᠯᠵᠢᠭᠦᠯᠬᠦ ᠬᠠᠮᠢᠶ᠎ᠠ | ᠪᠦᠬᠦᠢ ᠣᠨᠣᠯ ᠪᠠ ᠮᠡᠷᠭᠡᠵᠢᠯ ᠵᠡᠷᠭᠡ ᠶᠢᠨ ᠪᠣᠯᠪᠠᠰᠤᠷᠠᠯ ᠢ ᠥᠷᠨᠢᠭᠦᠯᠵᠦ᠂ ᠲᠡᠳᠡᠨ ᠢ ᠠᠷᠠᠳ ᠣᠯᠠᠨ ᠳᠤ ᠨᠠᠩ ᠮᠡᠷᠭᠡᠵᠢᠯ ᠤᠨ᠂ ᠵᠢᠷᠤᠮᠵᠢᠭᠰᠠᠨ | ᠡᠷᠡᠭᠦᠯᠵᠢᠭᠦᠯᠦᠨ ᠵᠠᠰᠠᠬᠤ ᠦᠢᠯᠡᠴᠢᠯᠡᠭᠡ ᠬᠠᠩᠭᠠᠵᠤ ᠴᠢᠳᠠᠬᠤ ᠪᠣᠯᠭᠠᠨ᠎ᠠ᠃ | |