ᠣᠶᠢᠷ᠎ᠠ ᠶᠢᠨ ᠬᠤᠭᠤᠴᠠᠭᠠᠨ ᠳᠤ ᠵᠠᠷᠢᠮ ᠭᠠᠵᠠᠷ ᠲᠤ ᠡᠮᠨᠡᠯᠭᠡ ᠶᠢᠨ ᠬᠤᠷᠢᠶᠠᠨ ᠤ ᠡᠭᠦᠳᠡᠨ ᠡᠮᠨᠡᠯᠭᠡ ᠪᠠᠴᠢᠮ ᠡᠮᠨᠡᠯᠭᠡ ᠶᠢᠨ ᠬᠡᠮᠵᠢᠶ᠎ᠡ ᠨᠡᠮᠡᠭᠳᠡᠵᠦ᠂ | ᠠᠮᠢᠰᠬᠤᠯ ᠤᠨ ᠵᠠᠮ ᠤᠨ ᠡᠪᠡᠳᠴᠢᠨ ᠳᠤ ᠬᠠᠯᠳᠠᠪᠤᠷᠢᠯᠠᠭᠳᠠᠭᠰᠠᠨ ᠬᠡᠦᠬᠡᠳ ᠨᠡᠮᠡᠭᠳᠡᠵᠦ ᠪᠠᠶᠢᠭ᠎ᠠ ᠪᠠᠶᠢᠳᠠᠯ ᠳᠤ ᠴᠢᠭᠯᠡᠭᠦᠯᠦᠨ᠂ ᠤᠯᠤᠰ ᠤᠨ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ 23 ᠤ ᠡᠳᠦᠷ ᠰᠢᠨᠬᠤᠸᠠ ᠬᠤᠷᠢᠶᠠᠨ ᠤ ᠲᠤᠰᠠᠭᠠᠷ | ᠰᠣᠷᠪᠤᠯᠵᠢᠯᠠᠭ᠎ᠠ ᠶᠢ ᠬᠦᠯᠢᠶᠡᠬᠦ ᠳᠤ ᠪᠠᠨ ᠠᠷᠠᠳ ᠣᠯᠠᠨ ᠢᠯᠠᠩᠭᠤᠶ᠎ᠠ ᠡᠪᠡᠳᠴᠢᠨ ᠲᠠᠢ ᠬᠡᠦᠬᠡᠳ ᠤᠨ ᠭᠡᠷ ᠪᠦᠯᠢ ᠶᠢᠨ ᠰᠠᠨᠠᠭᠠᠰᠢᠷᠠᠵᠤ ᠪᠠᠶᠢᠭ᠎ᠠ | ᠠᠰᠠᠭᠤᠳᠠᠯ ᠤᠳ ᠤᠨ ᠲᠤᠬᠠᠢ ᠬᠠᠷᠢᠭᠤᠯᠵᠠᠢ᠃ | ᠠᠰᠠᠭᠤᠯᠲᠠ᠄ ᠣᠶᠢᠷ᠎ᠠ ᠳᠤ ᠴᠥᠭᠡᠨ ᠪᠤᠰᠤ ᠭᠠᠵᠠᠷ ᠤᠨ ᠬᠡᠦᠬᠡᠳ ᠤᠨ ᠲᠤᠰᠬᠠᠢ ᠡᠮᠨᠡᠯᠭᠡ ᠶᠢᠨ ᠬᠤᠷᠢᠶᠠᠨ ᠳᠤ ᠬᠥᠮᠥᠨ ᠳᠦᠭᠦᠷᠴᠦ ᠪᠠᠶᠢᠨ᠎ᠠ᠂ | ᠡᠭᠦᠨ ᠢ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠶᠠᠮᠠᠷ ᠠᠷᠭ᠎ᠠ ᠬᠡᠮᠵᠢᠶ᠎ᠡ ᠠᠪᠴᠤ ᠰᠢᠢᠳᠪᠦᠷᠢᠯᠡᠵᠦ ᠪᠠᠶᠢᠭ᠎ᠠ ᠪᠤᠶ︖ | ᠬᠠᠷᠢᠭᠤᠯᠲᠠ᠄ ᠣᠶᠢᠷ᠎ᠠ ᠳᠤ ᠪᠢᠳᠡ ᠬᠠᠯᠳᠠᠪᠤᠷᠢᠲᠤ ᠡᠪᠡᠳᠴᠢᠨ ᠶᠡᠭᠡ ᠪᠠᠷ ᠳᠡᠯᠭᠡᠷᠡᠵᠦ ᠪᠠᠶᠢᠭ᠎ᠠ ᠬᠤᠭᠤᠴᠠᠭᠠᠨ ᠳᠠᠬᠢ ᠬᠠᠯᠳᠠᠪᠤᠷᠢᠯᠠᠮᠠᠲᠠᠭᠠᠢ | ᠬᠡᠦᠬᠡᠳ ᠢ ᠡᠮᠴᠢᠯᠡᠭᠦᠯᠬᠦ ᠶᠢ ᠦᠷᠭᠦᠯᠵᠢᠯᠡᠨ ᠠᠩᠬᠠᠷᠴᠤ᠂ ᠡᠯ᠎ᠡ ᠭᠠᠵᠠᠷ ᠢ ᠵᠢᠯᠣᠭᠤᠳᠤᠨ ᠨᠢᠭᠡᠳᠦᠯᠲᠡᠢ ᠲᠥᠯᠥᠪᠯᠡᠨ ᠲᠣᠬᠢᠷᠠᠭᠤᠯᠬᠤ ᠶᠢ ᠴᠢᠩᠭᠠᠳᠬᠠᠵᠤ᠂ | ᠱᠠᠲᠤ ᠬᠤᠪᠢᠶᠠᠨ ᠣᠨᠣᠰᠢᠯᠠᠨ ᠡᠮᠴᠢᠯᠡᠬᠦ ᠳᠦᠷᠢᠮ ᠢ ᠨᠠᠶᠢᠳᠠᠪᠤᠷᠢᠵᠢᠭᠤᠯᠪᠠ᠃ | ᠠᠰᠠᠭᠤᠯᠲᠠ᠄ ᠬᠡᠰᠡᠭ ᠨᠡᠶᠢᠭᠡᠮ ᠲᠣᠭᠤᠷᠢᠭ ᠤᠨ ᠡᠮᠨᠡᠯᠭᠡ ᠶᠢᠨ ᠬᠤᠷᠢᠶ᠎ᠠ ᠣᠶᠢᠷ᠎ᠠ ᠳᠤ ᠬᠡᠦᠬᠡᠳ ᠲᠤ ᠬᠠᠨᠳᠤᠭᠤᠯᠤᠭᠰᠠᠨ ᠪᠠᠶᠢᠴᠠᠭᠠᠬᠤ | ᠦᠢᠯᠡᠴᠢᠯᠡᠭᠡ ᠭᠠᠷᠭᠠᠭᠰᠠᠨ ᠪᠣᠯᠪᠠᠴᠤ ᠵᠠᠷᠢᠮ ᠭᠡᠷ ᠤᠨ ᠠᠬᠠᠮᠠᠳ ᠨᠡᠶᠢᠭᠡᠮ ᠲᠣᠭᠤᠷᠢᠭ ᠤᠨ ᠡᠮᠨᠡᠯᠭᠡ ᠶᠢᠨ ᠬᠤᠷᠢᠶ᠎ᠠ ᠶᠢᠨ ᠣᠨᠣᠰᠢᠯᠠᠨ ᠡᠮᠴᠢᠯᠡᠬᠦ ᠴᠢᠳᠠᠪᠤᠷᠢ | ᠬᠦᠷᠦᠯᠴᠡᠬᠦ ᠦᠭᠡᠢ ᠠᠴᠠ ᠪᠣᠯᠵᠤ ᠬᠡᠦᠬᠡᠳ ᠤᠨ ᠡᠪᠡᠳᠴᠢᠨ ᠢ ᠰᠠᠭᠠᠲᠠᠭᠠᠬᠤ ᠠᠴᠠ ᠠᠶᠤᠵᠤ ᠪᠠᠶᠢᠨ᠎ᠠ᠂ ᠶᠠᠭᠠᠬᠢᠪᠠᠯ ᠵᠣᠬᠢᠬᠤ ᠪᠣᠶ︖ | ᠬᠠᠷᠢᠭᠤᠯᠲᠠ᠄ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠡᠯ᠎ᠡ ᠭᠠᠵᠠᠷ ᠢ ᠡᠮᠴᠢᠯᠡᠭᠡᠨ ᠤ ᠬᠤᠯᠪᠣᠭ᠎ᠠ ᠶᠢᠨ ᠦᠢᠯᠡᠳᠦᠯ ᠢᠶᠠᠨ | ᠪᠠᠳᠠᠷᠠᠭᠤᠯᠵᠤ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠠᠬᠢ ᠮᠡᠷᠭᠡᠵᠢᠯ ᠤᠨ ᠵᠢᠯᠣᠭᠤᠳᠤᠯᠭ᠎ᠠ ᠪᠠᠨ ᠴᠢᠩᠭᠠᠳᠬᠠᠵᠤ᠂ | ᠡᠩ ᠤᠨ ᠴᠢᠨᠠᠷᠲᠠᠢ ᠬᠠᠯᠳᠠᠪᠤᠷᠢᠯᠠᠯ ᠢ ᠣᠨᠣᠰᠢᠯᠠᠨ ᠡᠮᠴᠢᠯᠡᠬᠦ ᠴᠢᠳᠠᠪᠤᠷᠢ ᠪᠠ ᠬᠦᠨᠳᠦ ᠡᠪᠡᠳᠴᠢᠨ ᠢ ᠢᠯᠭᠠᠨ ᠲᠠᠨᠢᠵᠤ ᠰᠢᠯᠵᠢᠭᠦᠯᠦᠨ ᠡᠮᠴᠢᠯᠡᠭᠦᠯᠬᠦ | ᠪᠦᠲᠦᠮᠵᠢ ᠪᠠᠨ ᠳᠡᠭᠡᠭᠰᠢᠯᠡᠭᠦᠯᠬᠦ ᠬᠡᠷᠡᠭᠲᠡᠢ ᠭᠡᠵᠦ ᠱᠠᠭᠠᠷᠳᠠᠪᠠ᠃ | ᠠᠰᠠᠭᠤᠯᠲᠠ᠄ ᠶᠠᠮᠠᠷ ᠶᠠᠮᠠᠷ ᠡᠮᠨᠡᠯᠭᠡ ᠶᠢᠨ ᠬᠤᠷᠢᠶ᠎ᠠ ᠬᠡᠦᠬᠡᠳ ᠤᠨ ᠠᠮᠢᠰᠬᠤᠯ ᠤᠨ ᠵᠠᠮ ᠤᠨ ᠬᠠᠯᠳᠠᠪᠤᠷᠢᠯᠠᠯ ᠤᠨ ᠡᠪᠡᠳᠴᠢᠲᠡᠨ ᠢ ᠬᠦᠯᠢᠶᠡᠨ ᠠᠪᠬᠤ | ᠬᠢᠷᠢ ᠬᠡᠮ ᠲᠠᠢ ᠪᠣᠢ︖ | ᠬᠠᠷᠢᠭᠤᠯᠲᠠ᠄ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠡᠯ᠎ᠡ ᠭᠠᠵᠠᠷ ᠢ ᠵᠢᠭᠠᠨ ᠵᠢᠯᠤᠭᠤᠳᠴᠤ ᠪᠠᠶᠢᠭᠠᠳ ᠲᠣᠰ ᠭᠠᠵᠠᠷ ᠤᠨ | ᠬᠡᠦᠬᠡᠳ ᠤᠨ ᠰᠠᠯᠠᠭᠠᠨ ᠤ ᠣᠨᠣᠰᠢᠯᠠᠨ ᠡᠮᠴᠢᠯᠡᠬᠦ ᠦᠢᠯᠡᠴᠢᠯᠡᠭᠡ ᠬᠠᠩᠭᠠᠵᠤ ᠪᠣᠯᠬᠤ ᠡᠮᠴᠢᠯᠡᠭᠡᠨ ᠤ ᠪᠠᠶᠢᠭᠤᠯᠤᠮᠵᠢ ᠶᠢᠨ ᠮᠡᠳᠡᠭᠡ ᠶᠢ ᠨᠡᠶᠢᠲᠡᠯᠡᠵᠦ᠂ | ᠣᠶᠢᠷ᠎ᠠ ᠬᠠᠪᠢ ᠳᠤ ᠪᠠᠨ ᠡᠮᠴᠢᠯᠡᠭᠦᠯᠬᠦ ᠳᠤ ᠳᠥᠬᠦᠮᠯᠡᠪᠡ᠃ | ᠠᠰᠠᠭᠤᠯᠲᠠ᠄ ᠬᠡᠦᠬᠡᠳ ᠬᠠᠯᠠᠭᠤᠷᠠᠵᠤ ᠬᠠᠨᠢᠶᠠᠭᠰᠠᠨ ᠤ ᠳᠠᠷᠠᠭ᠎ᠠ ᠶᠠᠭᠠᠬᠢᠪᠠᠯ ᠵᠣᠬᠢᠬᠤ ᠪᠣᠢ︖ | ᠬᠠᠷᠢᠭᠤᠯᠲᠠ᠄ ᠲᠣᠮᠣ ᠡᠮᠨᠡᠯᠭᠡ ᠶᠢᠨ ᠬᠤᠷᠢᠶᠠᠨ ᠳᠤ ᠬᠥᠮᠥᠨ ᠣᠯᠠᠨ᠂ ᠬᠦᠯᠢᠶᠡᠬᠦ ᠴᠠᠭ ᠨᠢ ᠤᠷᠲᠤ᠂ ᠰᠣᠯᠪᠢᠴᠠᠨ ᠬᠠᠯᠳᠠᠪᠤᠷᠢᠯᠠᠬᠤ | ᠲᠦᠭᠰᠢᠭᠦᠷᠢ ᠨᠢ ᠨᠡᠯᠢᠶᠡᠳ ᠥᠨᠳᠥᠷ᠂ ᠡᠪᠡᠳᠴᠢᠨ ᠤ ᠪᠠᠶᠢᠳᠠᠯ ᠨᠢ ᠨᠡᠯᠢᠶᠡᠳ ᠬᠥᠩᠭᠡᠨ ᠬᠡᠦᠬᠡᠳ ᠢ ᠦᠨᠳᠦᠰᠦᠨ ᠱᠠᠲᠤᠨ ᠤ ᠡᠮᠴᠢᠯᠡᠭᠡ ᠡᠷᠡᠭᠦᠯ | ᠬᠠᠮᠠᠭᠠᠯᠠᠯ ᠤᠨ ᠪᠠᠶᠢᠭᠤᠯᠤᠮᠵᠢ᠂ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶᠠᠨ ᠤ ᠬᠡᠦᠬᠡᠳ ᠤᠨ ᠰᠠᠯᠠᠭ᠎ᠠ ᠵᠡᠷᠭᠡ ᠳᠤ ᠡᠮᠴᠢᠯᠡᠭᠦᠯᠬᠦ ᠶᠢ ᠰᠠᠨᠠᠭᠤᠯᠤᠨ᠎ᠠ᠃ | ᠬᠡᠦᠬᠡᠳ ᠤᠨ ᠲᠤᠰᠬᠠᠢ ᠡᠮᠨᠡᠯᠭᠡ ᠶᠢᠨ ᠬᠤᠷᠢᠶ᠎ᠠ ᠣᠨᠣᠰᠢᠯᠠᠨ ᠡᠮᠴᠢᠯᠡᠬᠦ ᠲᠥᠰᠥᠯ ᠢ ᠲᠣᠳᠣᠷᠬᠠᠶᠢᠯᠠᠭᠰᠠᠨ ᠤ ᠳᠠᠷᠠᠭ᠎ᠠ᠂ ᠡᠮᠴᠢᠯᠡᠭᠡᠨ ᠤ ᠬᠤᠯᠪᠣᠭ᠎ᠠ ᠪᠠᠷ | ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠳᠤ ᠰᠢᠯᠵᠢᠭᠦᠯᠵᠦ ᠦᠷᠭᠦᠯᠵᠢᠯᠡᠨ ᠡᠮᠴᠢᠯᠡᠭᠦᠯᠬᠦ ᠪᠤᠶᠤ ᠭᠡᠷ ᠲᠤ ᠪᠠᠨ ᠡᠮᠴᠢᠯᠡᠭᠦᠯᠵᠦ ᠪᠣᠯᠣᠨ᠎ᠠ᠃ | ᠠᠰᠠᠭᠤᠯᠲᠠ᠄ ᠬᠡᠦᠬᠡᠳ ᠶᠠᠮᠠᠷ ᠢᠯᠡᠷᠡᠯ ᠭᠠᠷᠪᠠᠯ ᠵᠠᠪᠠᠯ ᠡᠮᠨᠡᠯᠭᠡ ᠳᠤ ᠡᠮᠴᠢᠯᠡᠭᠦᠯᠬᠦ ᠬᠡᠷᠡᠭᠲᠡᠢ ᠪᠣᠢ︖ | ᠬᠠᠷᠢᠭᠤᠯᠲᠠ᠄ ᠮᠡᠷᠭᠡᠵᠢᠯᠲᠡᠨ ᠤ ᠰᠠᠨᠠᠭᠤᠯᠭ᠎ᠠ ᠶᠢ ᠦᠨᠳᠦᠰᠦᠯᠡᠪᠡᠯ᠂ ᠬᠡᠦᠬᠡᠳ ᠬᠡᠳᠦ ᠥᠨᠳᠥᠷ ᠬᠠᠯᠠᠭᠤᠷᠠᠬᠤ ᠪᠤᠶᠤ ᠦᠷᠭᠦᠯᠵᠢᠯᠡᠨ ᠬᠠᠯᠠᠭᠤᠷᠠᠭᠠᠳ | ᠭᠤᠷᠪᠠᠨ ᠡᠳᠦᠷ ᠠᠴᠠ ᠬᠡᠲᠦᠷᠡᠭᠰᠡᠨ᠂ ᠪᠠᠶᠢᠨ ᠳᠠᠬᠢᠨ ᠬᠠᠨᠢᠶᠠᠵᠤ ᠬᠡᠪ ᠤᠨ ᠠᠮᠢᠳᠤᠷᠠᠯ ᠢ ᠨᠢ ᠨᠥᠯᠥᠭᠡᠯᠡᠭᠰᠡᠨ᠂ ᠰᠡᠳᠬᠢᠯ ᠳᠡᠮᠡᠶᠢᠷᠡᠬᠦ ᠴᠢᠨᠠᠭᠰᠢᠯᠠᠪᠠᠯ | ᠮᠠᠩᠰᠢᠭᠤᠷᠠᠬᠤ᠂ ᠠᠮᠢᠰᠬᠤᠭ᠎ᠠ ᠳᠠᠪᠬᠤᠴᠠᠬᠤ ᠪᠤᠶᠤ ᠴᠢᠬᠤᠯᠳᠠᠬᠤ᠂ ᠪᠠᠶᠢᠨ ᠳᠠᠬᠢᠨ ᠪᠥᠭᠡᠯᠵᠢᠬᠦ᠂ ᠠᠷᠠᠰᠤᠨ ᠡᠰᠡᠷᠭᠡᠨ᠎ᠡ ᠭᠠᠷᠬᠤ᠂ ᠲᠣᠯᠣᠭᠠᠢ ᠡᠪᠡᠳᠬᠦ | ᠪᠤᠶᠤ ᠲᠠᠲᠠᠪᠠᠯᠵᠠᠬᠤ ᠵᠡᠷᠭᠡ ᠢᠯᠡᠷᠡᠯ ᠲᠠᠢ ᠪᠣᠯ ᠴᠠᠭ ᠲᠤᠬᠠᠢ ᠳᠤ ᠨᠢ ᠡᠮᠴᠢᠯᠡᠭᠦᠯᠪᠡᠯ ᠵᠣᠬᠢᠨ᠎ᠠ᠃ | | |