ᠪᠥᠬᠦ ᠬᠤᠲᠠ ᠶᠢᠨ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠠᠵᠢᠯᠲᠠᠨ ᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠠᠩᠭᠢ  ᠣᠷᠠᠳ ᠤᠨ ᠡᠮᠦᠨᠡᠲᠤ ᠬᠤᠰᠢᠭᠤᠨ ᠳᠤ ᠬᠢᠴᠢᠶᠡᠯ ᠡᠬᠢᠯᠡᠪᠡ
ᠨᠡᠶᠢᠲᠡᠯᠡᠭᠰᠡᠨ ᠴᠠᠭ᠄
2023/11/29
   11 ᠰᠠᠷ᠎ᠠ ᠶᠢᠨ 28 ᠤ ᠦᠳᠡ ᠶᠢᠨ ᠡᠮᠦᠨ᠎ᠡ᠂ ᠪᠥᠬᠦ ᠬᠤᠲᠠ ᠶᠢᠨ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠠᠵᠢᠯᠲᠠᠨ ᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠠᠩᠭᠢ ᠤᠷᠠᠳ ᠤᠨ ᠡᠮᠦᠨᠡᠲᠦ ᠬᠤᠰᠢᠭᠤᠨ ᠤ ᠰᠣᠶᠣᠯ ᠤᠨ ᠣᠷᠳᠣᠨ ᠳᠤ ᠬᠢᠴᠢᠶᠡᠯ ᠡᠬᠢᠯᠡᠪᠡ᠃ ᠪᠥᠬᠦ ᠬᠤᠲᠠ ᠶᠢᠨ ᠡᠯ᠎ᠡ ᠬᠤᠰᠢᠭᠤ ᠰᠢᠶᠠᠨ ᠲᠣᠭᠤᠷᠢᠭ ᠤᠨ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠠᠵᠢᠯᠲᠠᠨ ᠪᠠ ᠲᠥᠯᠥᠭᠡᠯᠡᠬᠦ ᠴᠢᠨᠠᠷᠲᠠᠶ ᠤᠯᠠᠮᠵᠢᠯᠠᠨ ᠵᠠᠯᠭᠠᠮᠵᠢᠯᠠᠭᠴᠢ ᠨᠡᠶᠢᠲᠡ 30 ᠭᠠᠷᠤᠶ ᠬᠥᠮᠦᠨ ᠪᠣᠯᠪᠠᠰᠤᠷᠠᠯ ᠳᠤ ᠣᠷᠣᠯᠴᠠᠪᠠ᠃

微信图片_20231129153139.jpg

   ᠪᠣᠯᠪᠠᠰᠣᠷᠠᠯ ᠡᠬᠢᠯᠡᠬᠦ ᠶᠣᠰᠣᠯᠠᠯ ᠤᠨ ᠳᠠᠷᠠᠭ᠎ᠠ᠂ ᠳᠤᠮᠳᠠᠳᠤ ᠤᠯᠤᠰ ᠤᠨ ᠤᠷᠠᠯᠢᠭ ᠤᠨ ᠰᠤᠳᠤᠯᠭᠠᠨ ᠤ ᠬᠦᠷᠢᠶᠡᠯᠡᠩ ᠤᠨ ᠳ᠋ᠣᠺᠲ᠋ᠣᠷ ᠴᠢᠤᠸᠠᠨ ᠰᠢᠶᠤᠤ

ᠭᠥᠸᠧ ᠠᠴᠠ ︽ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠰᠠᠨᠠᠯ︾ ᠤᠨ

ᠲᠤᠬᠠᠶ ᠲᠠᠶᠢᠯᠤᠮᠵᠢ ᠬᠢᠭᠰᠡᠨ ᠪᠥᠭᠡᠳ ᠲᠣᠰ ᠪᠡᠶ᠎ᠡ ᠶᠢᠨ ᠣᠨᠣᠯ ᠤᠨ ᠰᠤᠳᠤᠯᠭᠠᠨ ᠲᠠᠢ ᠪᠠᠨ ᠤᠶᠠᠯᠳᠤᠭᠤᠯᠤᠨ ᠪᠣᠳᠠᠰ ᠤᠨ ᠪᠤᠰᠤ ᠰᠣᠶᠣᠯ ᠤᠨ ᠥᠪ ᠤᠨ

ᠬᠠᠮᠠᠭᠠᠯᠠᠯᠲᠠ ᠶᠢᠨ ᠠᠵᠢᠯ ᠤᠨ ᠶᠡᠷᠦᠩᠬᠡᠶ ᠱᠠᠭᠠᠷᠳᠠᠯᠭ᠎ᠠ᠂ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠰᠢᠰᠲ᠋ᠧᠮ ᠢ

ᠪᠦᠷᠢᠨᠰᠢᠭᠦᠯᠬᠦ᠂ ᠰᠣᠶᠣᠯ ᠵᠤᠭᠠᠴᠠᠯ ᠢ ᠠᠭᠤᠰᠤᠯᠴᠠᠭᠤᠯᠤᠨ ᠰᠢᠨ᠎ᠡ ᠶᠢ ᠡᠭᠦᠳᠴᠦ ᠣᠶᠢᠯᠠᠭᠠᠬᠤ ᠵᠡᠷᠭᠡ ᠲᠠᠯ᠎ᠠ ᠪᠠᠷ ᠨᠠᠷᠢᠨ ᠲᠠᠶᠢᠯᠪᠤᠷᠢᠯᠠᠯᠲᠠ ᠪᠠ ᠭᠦᠨᠵᠡᠭᠡᠢ

ᠵᠠᠳᠠᠯᠤᠯᠲᠠ ᠬᠢᠵᠡᠢ᠃

微信图片_20231129154037.jpg

  ᠲᠤᠰ ᠤᠳᠠᠭᠠᠨ ᠤ ᠪᠣᠯᠪᠠᠰᠤᠷᠠᠯ ᠤᠨ ᠠᠩᠭᠢ ᠨᠢ ᠬᠤᠶᠠᠷ ᠡᠳᠦᠷ ᠤᠨ  ᠬᠤᠭᠤᠴᠠᠭ᠎ᠠ ᠲᠠᠢ ᠶᠠᠪᠣᠭᠳᠠᠨ᠂ ᠪᠣᠳᠠᠰ ᠤᠨ ᠪᠤᠰᠤ ᠰᠣᠶᠣᠯ ᠤᠨ ᠥᠪ ᠤᠨ

ᠲᠥᠷᠥ ᠶᠢᠨ ᠪᠣᠳᠣᠯᠭ᠎ᠠ ᠶᠢᠨ ᠲᠠᠶᠢᠯᠤᠮᠵᠢ᠂ ᠲᠤᠰᠬᠠᠢ ᠰᠡᠳᠦᠪᠲᠦ ᠶᠠᠷᠢᠯᠴᠠᠬᠤ ᠬᠤᠷᠠᠯ ᠵᠡᠷᠭᠡ ᠬᠡᠯᠪᠡᠷᠢ ᠪᠠᠷ ᠪᠣᠯᠪᠠᠰᠤᠷᠠᠯ ᠬᠦᠷᠲᠡᠭᠡᠵᠦ᠂ ᠪᠠᠰᠠ ᠥᠪᠥᠷ

ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠫᠷᠤᠹᠧᠰᠰᠤᠷ᠂ ᠳ᠋ᠣᠺᠲ᠋ᠣᠷᠠᠨᠲ ᠤᠨ ᠵᠢᠯᠣᠭᠤᠳᠤᠭᠴᠢ ᠪᠠᠭᠰᠢ ᠳ᠋ᠦᠩ ᠵᠢᠶᠧ᠂ ᠥᠪᠥᠷ ᠮᠣᠩᠭᠤᠯ ᠤᠨ

ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠠᠯ᠎ᠠ ᠨᠤᠲᠤᠭ ᠤᠨ ᠰᠣᠶᠣᠯ ᠤᠨ ᠰᠤᠳᠤᠯᠭᠠᠨ ᠤ ᠭᠠᠵᠠᠷ ᠤᠨ

ᠳᠠᠷᠤᠭ᠎ᠠ ᠸᠠᠩ ᠬᠠᠢ ᠷᠦᠩ ᠨᠠᠷ ᠠᠴᠠ ︽ᠪᠣᠳᠠᠰ ᠤᠨ ᠪᠤᠰᠤ ᠰᠣᠶᠣᠯ ᠤᠨ ᠰᠦᠭ ᠰᠦᠨᠡᠰᠦ ᠶᠢ ᠤᠯᠠᠮᠵᠢᠯᠠᠨ ᠵᠠᠯᠭᠠᠮᠵᠢᠯᠠᠵᠤ ᠳᠤᠮᠳᠠᠳᠤ ᠶᠢᠨ

ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ︾᠂ ︽ᠤᠯᠠᠮᠵᠢᠯᠠᠯᠲᠤ ᠭᠠᠷ ᠤᠷᠠᠯᠠᠯ ᠢ ᠬᠥᠭᠵᠢᠭᠦᠯᠦᠨ ᠮᠠᠨᠳᠤᠭᠤᠯᠬᠤ ᠪᠠ

ᠰᠣᠶᠣᠯ ᠤᠨ ᠪᠦᠲᠦᠭᠡᠯᠴᠢ ᠠᠵᠤ ᠦᠢᠯᠡᠰ ᠢ ᠬᠥᠭᠵᠢᠭᠦᠯᠬᠦ︾᠂ ︽ᠤᠯᠠᠮᠵᠢᠯᠠᠯᠲᠤ ᠳᠠᠭᠤᠤ ᠬᠥᠭᠵᠢᠮ ᠫᠠ ᠱᠠᠨ ᠠᠶᠠᠯᠭᠤ ᠶᠢ ᠲᠣᠭᠠᠴᠢᠯᠠᠨ ᠬᠠᠮᠠᠭᠠᠯᠠᠬᠤ

ᠪᠠ ᠤᠯᠠᠮᠵᠢᠯᠠᠬᠤ︾ ᠵᠡᠷᠭᠡ ᠠᠭᠤᠯᠭ᠎ᠠ ᠶᠢᠨ ᠲᠣᠭᠤᠷᠢᠨ ᠳᠤ ᠨᠠᠷᠢᠨ ᠲᠠᠶᠢᠯᠤᠮᠵᠢ ᠬᠢᠵᠡᠢ᠃

     ᠪᠣᠯᠪᠠᠰᠣᠷᠠᠯ ᠢᠶᠠᠷ ᠲᠠᠮᠵᠢᠭᠤᠯᠤᠨ ᠣᠷᠣᠯᠴᠠᠭᠰᠠᠨ ᠰᠤᠷᠤᠭᠴᠢᠳ ᠲᠤ ᠣᠳᠣᠬᠠᠨ ᠤ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ

ᠤᠯᠠᠮᠵᠢᠯᠠᠯ ᠤᠨ ᠣᠳᠣᠬᠢ ᠪᠠᠶᠢᠳᠠᠯ ᠪᠠ ᠬᠥᠭᠵᠢᠯᠲᠡ ᠶᠢᠨ ᠬᠠᠨᠳᠤᠰᠢ ᠶᠢ ᠣᠯᠠᠮ ᠨᠢᠭᠡ ᠠᠯᠬᠤᠮ ᠮᠡᠳᠡᠭᠦᠯᠦᠨ᠂ ᠲᠡᠳᠡᠨᠡᠷ ᠤᠨ ᠰᠣᠶᠣᠯ ᠤᠨ ᠢᠲᠡᠭᠡᠯ ᠪᠠ

ᠦᠷᠭᠦᠯᠵᠢᠯᠡᠬᠦ ᠬᠥᠭᠵᠢᠯᠲᠡ ᠶᠢᠨ ᠴᠢᠳᠠᠪᠤᠷᠢ ᠶᠢ ᠳᠡᠭᠡᠭᠰᠢᠯᠡᠭᠦᠯᠦᠨ᠂ ᠪᠣᠳᠠᠰ ᠤᠨ ᠪᠤᠰᠤ ᠰᠣᠶᠣᠯ ᠤᠨ ᠥᠪ ᠤᠨ ᠵᠠᠯᠭᠠᠮᠵᠢᠯᠠᠭᠴᠢ ᠶᠢᠨ ᠲᠠᠨᠢᠨ ᠮᠡᠳᠡᠬᠦ

ᠴᠢᠳᠠᠪᠤᠷᠢ ᠪᠠ ᠤᠷ᠎ᠠ ᠮᠡᠷᠭᠡᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠵᠦ᠂ ᠠᠮᠢᠳᠤᠯᠢᠭ ᠢᠶᠠᠷ ᠤᠯᠠᠮᠵᠢᠯᠠᠨ ᠵᠠᠯᠭᠠᠮᠵᠢᠯᠠᠬᠤ ᠪᠠ ᠰᠢᠨ᠎ᠡ ᠶᠢ ᠡᠭᠦᠳᠦᠨ

ᠵᠠᠯᠭᠠᠮᠵᠢᠯᠠᠬᠤ ᠶᠢ ᠪᠡᠶᠡᠯᠡᠭᠦᠯᠵᠦ᠂  ᠣᠷᠠᠳ ᠤᠨ ᠡᠮᠦᠨᠡᠲᠤ ᠬᠤᠰᠢᠭᠤ ᠴᠢᠨᠠᠭᠰᠢᠯᠠᠪᠠᠯ ᠪᠥᠬᠦ ᠬᠤᠲᠠ ᠶᠢᠨ ᠪᠣᠳᠠᠰ ᠤᠨ ᠪᠤᠰᠤ ᠰᠣᠶᠣᠯ ᠤᠨ ᠥᠪ ᠤᠨ

ᠲᠥᠷᠥᠯ  ᠵᠦᠢᠯ ᠢ ᠬᠠᠮᠠᠭᠠᠯᠠᠨ ᠤᠯᠠᠮᠵᠢᠯᠠᠬᠤ ᠠᠵᠢᠯ ᠳᠤ ᠤᠯᠠᠮ ᠨᠢᠭᠡ ᠠᠯᠬᠤᠮ ᠬᠥᠳᠡᠯᠭᠡᠬᠦ ᠬᠦᠴᠦᠨ ᠨᠡᠮᠡᠷᠢᠯᠡᠪᠡ᠃

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ