ᠤᠯᠤᠰ ᠤᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠣᠢᠢᠷ᠎ᠠ ᠳᠤ ᠨᠡᠶᠢᠲᠡᠯᠡᠭᠰᠡᠨ ᠤᠯᠤᠰ ᠤᠨ ᠴᠢᠬᠤᠯᠠ ᠨᠤᠭᠤ ᠭᠠᠵᠠᠷ ᠤᠨ | ᠨᠡᠷᠡᠰ ᠤᠨ ᠵᠢᠭᠰᠠᠭᠠᠯᠲᠠ ᠳᠤ ᠤᠯᠠᠭᠠᠨᠰᠤᠬᠠᠢ ᠰᠤᠩᠭᠤᠭᠳᠠᠵᠤ᠂ ᠮᠠᠨ ᠤ ᠤᠷᠤᠨ ᠠᠴᠠ ᠰᠣᠩᠭᠤᠭᠳᠠᠭᠰᠠᠨ ᠴᠣᠷ ᠤᠨ ᠭᠠᠭᠴᠠ ᠨᠤᠭᠤ ᠭᠠᠵᠠᠷ ᠪᠣᠯᠵᠠᠢ᠃ | ᠤᠯᠠᠭᠠᠨᠰᠤᠬᠠᠢ ᠪᠣᠯ ᠪᠠᠶᠠᠨᠨᠠᠭᠤᠷ ᠬᠤᠲᠠ ᠶᠢᠨ ᠤᠷᠠᠳ ᠤᠨ ᠡᠮᠦᠨᠡᠲᠦ ᠬᠤᠰᠢᠭᠤᠨ ᠤ ᠬᠢᠯᠢ ᠳᠤ ᠪᠠᠶᠢᠷᠢᠯᠠᠵᠤ᠂ ᠬᠠᠳᠤᠨ ᠭᠤᠣᠯ ᠤᠨ ᠰᠠᠪᠠ | ᠭᠠᠵᠠᠷ ᠤᠨ ᠬᠠᠮᠤᠭ ᠤᠨ ᠶᠡᠭᠡ ᠨᠠᠭᠤᠷ ᠴᠥᠭᠦᠷᠥᠮ ᠤᠨ ᠨᠤᠭᠤ ᠭᠠᠵᠠᠷ ᠪᠠᠶᠢᠵᠦ᠂ ᠬᠠᠳᠤᠨ ᠭᠤᠣᠯ ᠤᠨ ᠤᠰᠤᠨ ᠤ ᠬᠡᠮᠵᠢᠶ᠎ᠡ ᠶᠢ ᠲᠣᠬᠢᠷᠠᠭᠤᠯᠬᠤ᠂ | ᠤᠰᠤᠨ ᠤ ᠴᠢᠨᠠᠷ ᠢ ᠰᠠᠶᠢᠵᠢᠷᠠᠭᠤᠯᠬᠤ᠂ ᠰᠦᠩ ᠬᠠᠯᠢᠶ᠎ᠠ ᠶᠢ ᠰᠡᠷᠭᠡᠶᠢᠯᠡᠬᠦ ᠵᠡᠷᠭᠡ ᠴᠢᠬᠤᠯᠠ ᠡᠭᠦᠷᠭᠡ ᠴᠢᠳᠠᠮᠵᠢ ᠶᠢ ᠡᠭᠦᠷᠭᠡᠯᠡᠵᠦ᠂ ᠮᠠᠨ ᠤ ᠤᠯᠤᠰ ᠤᠨ | ᠤᠮᠠᠷᠠᠲᠤ ᠶᠢᠨ ᠤᠯᠠᠨ ᠠᠮᠢ ᠠᠬᠤᠢ ᠶᠢᠨ ᠴᠢᠳᠠᠮᠵᠢ ᠰᠣᠯᠪᠢᠴᠠᠭᠰᠠᠨ ᠣᠷᠣᠨ ᠪᠣᠯᠬᠤ ᠪᠥᠭᠡᠳ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ | ᠡᠵᠡᠮᠳᠡᠬᠦ ᠪᠠᠶᠢᠭᠠᠯᠢ ᠶᠢᠨ ᠠᠮᠢ ᠠᠬᠤᠢ ᠶᠢᠨ ᠬᠠᠯᠬᠠᠪᠴᠢ ᠪᠣᠯᠣᠨ᠎ᠠ᠃ | ᠣᠶᠢᠷ᠎ᠠ ᠶᠢᠨ ᠵᠢᠯ ᠤᠳ ᠲᠤ᠂ ᠪᠠᠶᠠᠨᠨᠠᠭᠤᠷ ᠬᠤᠲᠠ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ | ᠮᠠᠩᠬ᠎ᠠ ᠶᠢ ᠰᠢᠰᠲ᠋ᠧᠮᠵᠢᠭᠦᠯᠦᠨ ᠵᠠᠰᠠᠬᠤ ᠣᠶᠢᠯᠠᠭᠠᠭᠳᠠᠬᠤᠨ ᠶᠣᠰᠣᠭᠠᠷ᠂ ᠤᠯᠠᠭᠠᠨᠰᠤᠬᠠᠢ ᠶᠢᠨ ᠰᠠᠪᠠ ᠭᠠᠵᠠᠷ ᠤᠨ ᠰᠢᠰᠲ᠋ᠧᠮ ᠲᠠᠢ ᠵᠠᠰᠠᠯᠲᠠ ᠶᠢ | ᠦᠷᠭᠦᠯᠵᠢᠯᠡᠨ ᠠᠬᠢᠭᠤᠯᠪᠠ᠃ 2018 ᠣᠨ ᠠᠴᠠ ᠡᠬᠢᠯᠡᠨ᠂ ᠬᠠᠲᠤᠨ ᠭᠤᠣᠯ ᠤᠨ ᠰᠦᠡᠭ ᠬᠠᠯᠢᠶ᠎ᠠ ᠦᠶᠡᠷ ᠤᠨ ᠬᠤᠭᠤᠴᠠᠭ᠎ᠠ ᠪᠠ ᠤᠰᠤᠯᠠᠯᠲᠠ ᠶᠢᠨ | ᠵᠠᠪᠰᠠᠷᠯᠠᠭ᠎ᠠ ᠶᠢᠨ ᠬᠤᠭᠤᠴᠠᠭ᠎ᠠ ᠶᠢ ᠠᠰᠢᠭᠯᠠᠨ᠂ ᠤᠯᠠᠭᠠᠨᠰᠤᠬᠠᠢ ᠨᠠᠭᠤᠷ ᠲᠤ ᠵᠢᠯ ᠪᠦᠷᠢ 3 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠠᠴᠠ ᠳᠡᠭᠡᠭᠰᠢ | ᠠᠮᠢ ᠠᠬᠤᠢ ᠶᠢᠨ ᠤᠰᠤ ᠨᠥᠬᠦᠪᠦᠷᠢᠯᠡᠵᠡᠢ︔ ᠪᠣᠬᠢᠷᠲᠤᠯ ᠢ ᠡᠬᠢ ᠡᠭᠦᠰᠦᠯ ᠠᠴᠠ ᠨᠢ ᠬᠤᠷᠢᠭᠯᠠᠵᠤ᠂ ᠲᠣᠮᠣ ᠬᠡᠯᠪᠡᠷᠢ ᠶᠢᠨ ᠪᠣᠬᠢᠷ ᠤᠰᠤ ᠰᠶᠢᠳᠪᠦᠷᠢᠯᠡᠬᠦ | ᠦᠢᠯᠡᠳᠪᠦᠷᠢ ᠶᠢ ᠪᠠᠶᠢᠭᠤᠯᠵᠤ᠂ ᠦᠢᠯᠡᠳᠪᠦᠷᠢᠯᠡᠯ ᠠᠮᠢᠳᠤᠷᠠᠯ ᠤᠨ ᠪᠣᠬᠢᠷ ᠤᠰᠤ ᠶᠢ ᠰᠶᠢᠳᠪᠦᠷᠢᠯᠡᠵᠦ᠂ ᠣᠲᠣ ᠪᠠᠶᠢᠭ᠎ᠠ ᠪᠣᠬᠢᠷ ᠤᠰᠤ ᠰᠶᠢᠳᠪᠦᠷᠢᠯᠡᠬᠦ | ᠦᠢᠯᠡᠳᠪᠦᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ ᠥᠭᠡᠷᠡᠴᠢᠯᠡᠵᠦ᠂ ᠵᠠᠪᠰᠠᠷ ᠤᠨ ᠤᠰᠤ ᠶᠢ ᠡᠭᠡᠭᠦᠯᠦᠨ ᠬᠡᠷᠡᠭᠯᠡᠬᠦ ᠨᠣᠷᠮ᠎ᠠ ᠶᠢ ᠳᠡᠭᠡᠭᠰᠢᠯᠡᠭᠦᠯᠵᠡᠢ︔ | ᠤᠯᠠᠭᠠᠨᠰᠤᠬᠠᠢ ᠶᠢᠨ ᠤᠰᠤ ᠣᠷᠣᠭᠤᠯᠬᠤ 4 ᠠᠮᠠᠰᠠᠷ ᠲᠤ ᠶᠡᠭᠡ ᠪᠠᠭ᠎ᠠ ᠨᠢ ᠠᠳᠠᠯᠢ ᠪᠤᠰᠤ ᠵᠣᠬᠢᠶᠠᠮᠠᠯ ᠨᠤᠭᠤ ᠭᠠᠵᠠᠷ ᠢ ᠪᠠᠶᠢᠭᠤᠯᠵᠤ᠂ ᠤᠰᠤᠨ ᠤ | ᠴᠢᠨᠠᠷ ᠢ ᠠᠶᠠᠨᠳᠠᠭᠠᠨ ᠰᠠᠶᠢᠵᠢᠷᠠᠭᠤᠯᠤᠭᠰᠠᠨ ᠤ ᠳᠠᠷᠠᠭ᠎ᠠ ᠤᠯᠠᠭᠠᠨᠰᠤᠬᠠᠢ ᠳᠤ ᠣᠷᠣᠭᠤᠯᠳᠠᠭ︔ ᠪᠣᠷᠣᠳᠣᠬᠤᠢ ᠶᠢᠨ ᠤᠰᠤᠯᠠᠯᠲᠠ ᠶᠢᠨ ᠣᠷᠣᠨ ᠳᠤ ᠤᠰᠤ᠂ | ᠡᠮ᠂ ᠪᠦᠷᠬᠦᠪᠴᠢ᠂ ᠪᠣᠷᠳᠣᠭᠤᠷ ᠵᠡᠷᠭᠡ ᠶᠢ ᠡᠵᠡᠮᠳᠡᠬᠦ᠂ ᠮᠠᠯ ᠵᠢᠭᠦᠷᠲᠡᠨ ᠤ ᠢᠯᠭᠠᠳᠠᠰᠤ ᠶᠢ ᠬᠤᠣᠷ ᠦᠭᠡᠶᠢᠳᠡᠭᠦᠯᠦᠨ ᠰᠶᠢᠳᠪᠦᠷᠢᠯᠡᠬᠦ᠂ ᠡᠰᠢ ᠰᠦᠷᠡᠯ ᠢ | ᠡᠬᠢ ᠪᠠᠶᠠᠯᠢᠭᠵᠢᠭᠤᠯᠤᠨ ᠠᠰᠢᠭᠯᠠᠬᠤ ᠵᠡᠷᠭᠡ ᠠᠵᠢᠯᠯᠠᠭ᠎ᠠ ᠶᠢ ᠥᠷᠨᠢᠭᠦᠯᠵᠦ᠂ ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠢ ᠪᠠᠭᠠᠰᠬᠠᠪᠠ︔ | ᠲᠤᠤᠷᠵᠢᠯᠠᠭᠰᠠᠨ ᠤᠰᠤᠨ ᠵᠠᠮ ᠤᠨ ᠢᠨᠵᠧᠨᠧᠷᠢᠩ ᠢ ᠪᠠᠶᠢᠭᠤᠯᠵᠤ᠂ ᠤᠰᠤᠨ ᠴᠣᠭᠴᠠ ᠶᠢᠨ ᠤᠷᠤᠰᠬᠠᠯ ᠢ ᠲᠦᠷᠭᠡᠳᠬᠡᠨ᠂ ᠨᠠᠭᠤᠷ ᠤᠨ ᠢᠷᠤᠭᠠᠷ ᠤᠨ | ᠰᠢᠪᠠᠷ ᠢ ᠰᠡᠯᠪᠢᠨ ᠵᠠᠰᠠᠬᠤ ᠢᠨᠵᠧᠨᠧᠷᠢᠩ ᠢ ᠬᠡᠷᠡᠭᠵᠢᠭᠦᠯᠵᠦ᠂ ᠨᠠᠭᠤᠷ ᠤᠨ ᠢᠷᠤᠭᠠᠷ ᠤᠨ ᠰᠢᠪᠠᠷ ᠢ ᠶᠡᠭᠡ ᠬᠡᠪᠴᠢᠶ᠎ᠡ ᠪᠠᠷ ᠠᠷᠢᠯᠭᠠᠵᠠᠢ᠃ ᠣᠳᠣᠬᠠᠨ ᠳᠤ᠂ | ᠤᠯᠠᠭᠠᠨᠰᠤᠬᠠᠢ ᠨᠠᠭᠤᠷ ᠤᠨ ᠲᠠᠯᠠᠪᠠᠶ 293 ᠲᠡᠭᠰᠢ ᠳᠥᠷᠪᠡᠯᠵᠢᠨ ᠺᠢᠯᠣᠮᠲ᠋ᠧᠷ ᠲᠤ ᠬᠦᠷᠴᠦ᠂ ᠤᠰᠤᠨ ᠤ ᠴᠢᠨᠠᠷ ᠨᠢ V ᠲᠥᠷᠥᠯ ᠳᠤ ᠬᠦᠷᠴᠦ᠂ | ᠬᠡᠰᠡᠭ ᠣᠷᠣᠨ ᠪᠦᠰᠡ ᠨᠢ V ᠲᠥᠷᠥᠯ ᠠᠴᠠ ᠳᠠᠪᠠᠵᠤ᠂ ᠤᠰᠤᠨ ᠤ ᠴᠢᠨᠠᠷ ᠨᠢ ᠶᠡᠷᠦᠩᠬᠡᠢ ᠳᠡᠭᠡᠨ ᠰᠠᠶᠢᠵᠢᠷᠠᠵᠤ᠂ 264 ᠲᠥᠷᠥᠯ ᠤᠨ ᠰᠢᠪᠠᠭᠤ ᠪᠠ | 20 ᠭᠠᠷᠤᠢ ᠲᠥᠷᠥᠯ ᠤᠨ ᠵᠢᠭᠠᠰᠤ ᠲᠠᠢ ᠪᠣᠯᠵᠤ᠂ ᠠᠮᠢ ᠠᠬᠤᠢ ᠶᠢᠨ ᠴᠢᠳᠠᠮᠵᠢ ᠨᠢ ᠲᠠᠰᠤᠷᠠᠯᠲᠠ ᠦᠭᠡᠢ ᠰᠡᠷᠭᠦᠵᠦ᠂ ︽ᠪᠣᠭᠤᠮᠲᠠ ᠶᠢᠨ ᠭᠠᠳᠠᠨᠠᠬᠢ | ᠬᠡᠷᠡᠯᠳᠦ ᠰᠤᠪᠤᠳ︾ ᠤᠨ ᠭᠤᠶᠣ ᠦᠵᠡᠮᠵᠢ ᠳᠠᠬᠢᠨ ᠢᠯᠡᠷᠡᠵᠡᠢ᠃ |