ᠬᠦᠳᠡᠭᠡ ᠠᠵᠤ ᠠᠬᠤᠢ ᠬᠦᠳᠡᠭᠡ ᠲᠤᠰᠬᠤᠨ ᠤ ᠶᠠᠮᠤᠨ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ | ︵ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ 11 ᠰᠠᠷ᠎ᠠ ᠶᠢᠨ 27 ᠤ ᠡᠳᠦᠷ᠂ ︽ | ᠥᠪᠥᠷ ᠮᠣᠩᠭᠤᠯ ᠤᠨ ᠠᠮᠢ ᠠᠬᠤᠢ ᠶᠢᠨ ᠮᠠᠯ ᠠᠵᠤ ᠠᠬᠤᠢ ᠲᠠᠷᠢᠶᠠᠯᠠᠩ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ | ᠪᠦᠳᠦᠭᠦᠪᠴᠢ ᠵᠥᠪᠯᠡᠯᠴᠡᠭᠡᠷ︾ ᠢ ᠪᠠᠲᠤᠯᠠᠵᠤ᠂ ᠲᠥᠷᠥ ᠶᠢᠨ ᠪᠣᠳᠣᠯᠭ᠎ᠠ᠂ ᠪᠡᠯᠡ ᠮᠥᠩᠭᠦ᠂ ᠮᠡᠷᠭᠡᠵᠢᠯ ᠵᠡᠷᠭᠡ ᠣᠯᠠᠨ ᠲᠠᠯ᠎ᠠ ᠪᠠᠷ ᠮᠠᠨ ᠤ ᠤᠷᠤᠨ ᠤ ᠠᠮᠢ | ᠠᠬᠤᠢ ᠶᠢᠨ ᠮᠠᠯ ᠠᠵᠤ ᠠᠬᠤᠢ ᠲᠠᠷᠢᠶᠠᠯᠠᠩ ᠤᠨ ᠬᠥᠭᠵᠢᠯᠲᠡ ᠶᠢ ᠳᠡᠮᠵᠢᠬᠦ ᠪᠠᠷ ᠪᠠᠶᠢᠨ᠎ᠠ᠃ ᠣᠶᠢᠯᠠᠭᠠᠭᠰᠠᠨ ᠢᠶᠠᠷ᠂ ︽ᠥᠪᠥᠷ ᠮᠣᠩᠭᠤᠯ ᠤᠨ ᠠᠮᠢ | ᠠᠬᠤᠢ ᠶᠢᠨ ᠮᠠᠯ ᠠᠵᠤ ᠠᠬᠤᠢ ᠲᠠᠷᠢᠶᠠᠯᠠᠩ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ︾ ᠲᠤ | ᠨᠡᠶᠢᠲᠡ 25 ᠵᠤᠷᠪᠤᠰ ᠬᠠᠮᠲᠤᠷᠠᠯᠴᠠᠭᠠᠨ ᠤ ᠵᠦᠢᠯᠡᠰ ᠢ ᠳᠤᠷᠠᠳᠤᠨ ᠭᠠᠷᠭᠠᠵᠠᠢ᠂ ᠡᠭᠦᠨ ᠳᠤ ᠦᠢᠯᠡᠳᠪᠦᠷᠢᠯᠡᠯ᠂ ᠨᠠᠷᠢᠯᠢᠭ ᠡᠳ᠋ᠰᠢᠭᠦᠯᠬᠦ᠂ ᠡᠪᠡᠰᠦ | ᠪᠣᠷᠳᠤᠭ᠎ᠠ ᠶᠢᠨ ᠦᠢᠯᠡᠰ᠂ ᠦᠷ᠎ᠡ ᠶᠢᠨ ᠦᠢᠯᠡᠰ᠂ ᠰᠦ ᠶᠢᠨ ᠦᠢᠯᠡᠰ ᠵᠡᠷᠭᠡ ᠠᠵᠤ ᠦᠢᠯᠡᠰ ᠤᠨ ᠬᠥᠭᠵᠢᠯᠲᠡ ᠶᠢᠨ ᠣᠯᠠᠨ ᠭᠤᠣᠯᠳᠠᠯᠭ᠎ᠠ ᠲᠠᠢ ᠬᠦᠷᠢᠶ᠎ᠡ | ᠴᠠᠷᠠᠭ᠎ᠠ ᠶᠢ ᠪᠠᠭᠳᠠᠭᠠᠵᠤ᠂ ᠮᠠᠯ ᠠᠵᠤ ᠠᠬᠤᠢ ᠲᠠᠷᠢᠶᠠᠯᠠᠩ ᠤᠨ ᠠᠵᠤ ᠦᠢᠯᠡᠰ ᠤᠨ ᠬᠡᠯᠬᠢᠶ᠎ᠡ ᠶᠢᠨ ᠳᠡᠭᠡᠳᠦ ᠳᠣᠣᠷᠠᠳᠤ ᠤᠷᠤᠰᠬᠠᠯ ᠢ ᠬᠠᠮᠤᠷᠴᠤ᠂ | ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠤ ᠶᠡᠷᠦᠩᠬᠡᠶᠢᠯᠡᠭᠰᠡᠨ | ᠦᠢᠯᠡᠳᠪᠦᠷᠢᠯᠡᠯ ᠤᠨ ᠴᠢᠳᠠᠪᠤᠷᠢ ᠶᠢ ᠬᠦᠴᠦᠯᠡᠨ ᠲᠡᠭᠡᠭᠰᠢᠯᠡᠭᠦᠯᠬᠦ ᠪᠤᠯᠤᠨ᠎ᠡ᠃ | ︽︿ᠥᠪᠥᠷ ᠮᠣᠩᠭᠤᠯ ᠤᠨ ᠠᠮᠢ ᠠᠬᠤᠢ ᠶᠢᠨ ᠮᠠᠯ ᠠᠵᠤ ᠠᠬᠤᠢ ᠲᠠᠷᠢᠶᠠᠯᠠᠩ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ | ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ﹀ ᠤᠨ ᠠᠭᠤᠯᠭ᠎ᠠ ᠨᠢ ᠲᠦᠷᠦᠯ ᠵᠦᠢᠯ᠂ ᠲᠦᠷᠦ ᠶᠢᠨ ᠪᠣᠳᠣᠯᠭ᠎ᠠ᠂ ᠪᠡᠯᠡ ᠮᠥᠩᠭᠦᠨ ᠤ ᠲᠡᠮᠵᠢᠯᠭᠡ ᠶᠢᠨ | ᠳᠠᠪᠠᠭᠤᠯᠢᠭ ᠲᠠᠢ ᠪᠠᠶᠢᠵᠦ᠂ ᠮᠠᠨ ᠤ ᠤᠷᠤᠨ ᠤ ᠠᠮᠢ ᠠᠬᠤᠢ ᠶᠢᠨ ᠮᠠᠯ ᠠᠵᠤ ᠠᠬᠤᠢ ᠲᠠᠷᠢᠶᠠᠯᠠᠩ ᠤᠨ ᠬᠥᠭᠵᠢᠯᠲᠡ ᠳᠤ ᠬᠦᠴᠦᠲᠡᠢ ᠳᠡᠮᠵᠢᠯᠭᠡ ᠬᠠᠩᠭᠠᠬᠤ | ᠪᠣᠯᠣᠨ᠎ᠠ︾ ᠭᠡᠵᠦ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ | ᠲᠥᠯᠦᠪᠵᠢᠭᠦᠯᠭᠡ ᠶᠢᠨ ᠭᠠᠵᠠᠷ ᠤᠨ ᠳᠠᠷᠤᠭ᠎ᠠ ᠬᠤᠸᠠᠩ ᠸᠧᠢ ᠶᠠᠷᠢᠵᠤ ᠪᠠᠶᠢᠯ᠎ᠠ᠃ | ︽ᠥᠪᠥᠷ ᠮᠣᠩᠭᠤᠯ ᠤᠨ ᠠᠮᠢ ᠠᠬᠤᠢ ᠶᠢᠨ ᠮᠠᠯ ᠠᠵᠤ ᠠᠬᠤᠢ ᠲᠠᠷᠢᠶᠠᠯᠠᠩ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ | ᠪᠦᠳᠦᠭᠦᠪᠴᠢ ᠵᠥᠪᠯᠡᠯᠴᠡᠭᠡᠷ︾ ᠢ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ | ᠲᠢᠩᠬᠢᠮ ᠠᠴᠠ ᠲᠤᠭᠤᠷᠪᠢᠨ ᠪᠢᠴᠢᠵᠦ᠂ ᠬᠦᠳᠡᠭᠡ ᠠᠵᠤ ᠠᠬᠤᠢ ᠬᠦᠳᠡᠭᠡ ᠲᠤᠰᠬᠤᠨ ᠤ ᠶᠠᠮᠤᠨ ᠲᠠᠢ ᠣᠯᠠᠨ ᠤᠳᠠᠭ᠎ᠠ ᠰᠠᠨᠠᠯ ᠢᠶᠠᠨ ᠰᠤᠯᠢᠯᠴᠠᠵᠤ᠂ | ᠣᠶᠢᠷ᠎ᠠ ᠶᠢᠨ ᠬᠤᠭᠤᠴᠠᠭᠠᠨ ᠳᠤ ᠲᠤᠰ ᠵᠥᠪᠯᠡᠯᠴᠡᠭᠡᠷ ᠲᠤ ᠭᠠᠷ ᠤᠨ ᠥᠰᠥᠭ ᠵᠢᠷᠤᠬᠤ ᠪᠠᠷ ᠪᠠᠶᠢᠨ᠎ᠠ᠃ ᠡᠭᠦᠨ ᠤ ᠬᠠᠮᠲᠤ᠂ ︽ᠰᠠᠨᠠᠯ︾ ᠪᠠ ᠲᠤᠰ | ᠵᠥᠪᠯᠡᠯᠴᠡᠭᠡᠷ ᠢ ᠨᠠᠩ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ | ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠨᠢᠭᠡᠨᠲᠡ ᠮᠠᠯ ᠠᠵᠤ ᠠᠬᠤᠢ ᠲᠠᠷᠢᠶᠠᠯᠠᠩ ᠤᠨ ᠰᠠᠭᠤᠷᠢ ᠲᠦᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠬᠤ᠂ ᠤᠰᠤᠨ ᠤ ᠡᠬᠢ ᠪᠠᠶᠠᠯᠢᠭ ᠤᠨ ᠪᠠᠲᠤᠯᠠᠭ᠎ᠠ ᠶᠢᠨ ᠴᠢᠳᠠᠪᠤᠷᠢ ᠶᠢ ᠲᠡᠭᠡᠭᠰᠢᠯᠡᠭᠦᠯᠬᠦ᠂ ᠮᠠᠯ ᠠᠵᠤ ᠠᠬᠤᠢ | ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠭᠦᠨᠵᠡᠭᠡᠢ ᠥᠷᠨᠢᠭᠦᠯᠬᠦ ᠵᠡᠷᠭᠡ ᠶᠢ ᠪᠠᠭᠲᠠᠭᠠᠭᠰᠠᠨ ᠨᠡᠶᠢᠲᠡ 8 ᠲᠠᠯ᠎ᠠ ᠶᠢᠨ | 37 ᠵᠤᠷᠪᠤᠰ ᠪᠣᠳᠠᠲᠠᠢ ᠠᠷᠭ᠎ᠠ ᠬᠡᠮᠵᠢᠶ᠎ᠡ ᠶᠢ ᠲᠤᠷᠠᠳᠤᠭᠰᠠᠨ ᠤ ᠬᠠᠮᠲᠤ᠂ ᠣᠨ ᠤ ᠬᠠᠷᠠᠯᠲᠠᠲᠤ ᠡᠭᠦᠷᠭᠡ ᠪᠠ ᠬᠠᠷᠢᠭᠤᠴᠠᠯᠭᠠᠲᠤ ᠰᠠᠯᠠᠭ᠎ᠠ ᠮᠥᠴᠢᠷ ᠢ | ᠨᠠᠷᠢᠨ ᠲᠣᠳᠣᠷᠬᠠᠶᠢᠯᠠᠵᠤ᠂ ᠡᠭᠦᠷᠭᠡ ᠨᠢᠭᠡ ᠪᠦᠷᠢ ᠶᠢ ᠪᠣᠳᠠᠲᠠᠶᠢᠵᠢᠭᠤᠯᠤᠨ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠪᠠ᠃ |