1.8 ᠲᠦᠮᠡᠨ ᠬᠥᠮᠥᠨ ᠬᠠᠲᠤᠨ ᠭᠤᠣᠯ ᠤᠨ ᠰᠦᠩ ᠬᠠᠯᠢᠶ᠎ᠠ ᠶᠢ ᠰᠡᠷᠭᠡᠶᠢᠯᠡᠵᠦ ᠪᠠᠶᠢᠨ᠎ᠠ
ᠨᠡᠶᠢᠲᠡᠯᠡᠭᠰᠡᠨ ᠴᠠᠭ᠄
2023/11/30
   ᠡᠪᠦᠯ ᠤᠨ ᠠᠭᠤᠷ ᠣᠷᠣᠭᠰᠠᠨ ᠠᠴᠠ ᠨᠠᠭᠠᠰᠢ ᠠᠭᠠᠷ ᠤᠨ ᠳᠤᠯᠠᠭᠠᠨ ᠠᠭᠠᠵᠢᠮ ᠢᠶᠠᠷ ᠳᠣᠷᠣᠭᠰᠢᠯᠠᠵᠤ᠂ ᠬᠠᠲᠤᠨ ᠭᠤᠣᠯ ᠤᠨ ᠪᠠᠶᠠᠨᠨᠠᠭᠤᠷ ᠤᠨ ᠬᠡᠰᠡᠭ ᠬᠦᠯᠳᠡᠬᠦ ᠬᠤᠭᠤᠴᠠᠭᠠᠨ ᠳᠤ ᠣᠷᠣᠵᠠᠢ᠃ ᠬᠠᠲᠤᠨ ᠭᠤᠣᠯ ᠤᠨ ᠪᠠᠶᠠᠨᠨᠠᠭᠤᠷ ᠤᠨ ᠬᠡᠰᠡᠭ ᠤᠨ ᠰᠦᠩ ᠬᠠᠯᠢᠶ᠎ᠠ ᠶᠢ ᠰᠡᠷᠭᠡᠶᠢᠯᠡᠬᠦ ᠠᠵᠢᠯ ᠢ ᠦᠨᠡᠨᠬᠦ ᠰᠠᠶᠢᠲᠤᠷ ᠬᠢᠵᠦ᠂ ᠭᠤᠣᠯ ᠬᠦᠯᠳᠡᠬᠦ ᠱᠠᠲᠤᠨ ᠤ ᠠᠮᠤᠷ ᠲᠦᠪᠰᠢᠨ ᠢ ᠦᠨᠡᠨᠬᠦ ᠪᠠᠲᠤᠯᠠᠬᠤ ᠶᠢᠨ ᠲᠥᠯᠥᠭᠡ᠂ ᠪᠠᠶᠠᠨᠨᠠᠭᠤᠷ ᠬᠤᠳᠠ ᠶᠢᠨ ᠦᠶᠡᠷ ᠢ ᠰᠡᠷᠭᠡᠶᠢᠯᠡᠨ ᠭᠠᠩ ᠬᠠᠭᠰᠠᠷᠠᠭᠠᠨ ᠲᠠᠢ ᠲᠡᠮᠡᠴᠡᠬᠦ ᠵᠢᠯᠤᠭᠤᠳᠬᠤ ᠭᠠᠵᠠᠷ ᠤᠨ ᠠᠯᠪᠠᠨ ᠭᠡᠷ ᠬᠠᠳᠤᠨ ᠭᠤᠣᠯ ᠳᠠᠭᠠᠤ ᠬᠤᠰᠢᠭᠤ ᠰᠢᠶᠠᠨ ᠲᠣᠭᠤᠷᠢᠭ ᠤᠨ ᠭᠤᠣᠯᠳᠠᠯᠭ᠎ᠠ ᠲᠠᠢ ᠭᠤᠣᠯ ᠤᠨ ᠬᠡᠰᠡᠭ ᠤᠨ ᠰᠦᠩ ᠬᠠᠯᠢᠶ᠎ᠠ ᠶᠢ ᠰᠡᠷᠭᠡᠶᠢᠯᠡᠬᠦ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠬᠤ᠂ ᠰᠦᠩ ᠬᠠᠯᠢᠶ᠎ᠠ ᠶᠢ ᠰᠡᠷᠭᠡᠶᠢᠯᠡᠬᠦ ᠪᠡᠯᠡᠳᠬᠡᠯ ᠲᠥᠰᠥᠯ ᠳᠤ ᠵᠠᠰᠠᠪᠤᠷᠢ ᠣᠷᠣᠭᠤᠯᠬᠤ᠂ ᠪᠠᠴᠢᠮ ᠪᠠᠶᠢᠳᠠᠯ ᠢ ᠠᠷᠭᠠᠴᠠᠭᠠᠵᠤ ᠠᠶᠤᠯ ᠠᠴᠠ ᠠᠪᠤᠷᠠᠬᠤ ᠪᠣᠳᠠᠰ ᠨᠥᠭᠡᠴᠡᠯᠡᠬᠦ᠂ ᠠᠶᠤᠯ ᠠᠴᠠ ᠠᠪᠤᠷᠠᠬᠤ ᠡᠩᠨᠡᠭᠡ ᠪᠣᠯᠣᠨ ᠮᠠᠰᠢᠨ ᠲᠣᠨᠣᠭᠯᠠᠯ ᠤᠨ ᠪᠡᠯᠡᠳᠬᠡᠯ ᠵᠢᠴᠢ ᠬᠠᠰᠢᠯᠭ᠎ᠠ ᠦᠩᠭᠡᠷᠡᠬᠦ ᠭᠤᠯᠲᠤᠩ ᠤᠨ ᠨᠡᠭᠡᠯᠡᠬᠡᠢ ᠶᠢ ᠪᠥᠭᠯᠡᠭᠰᠡᠨ ᠢ ᠰᠡᠷᠭᠦᠭᠡᠬᠦ ᠵᠡᠷᠭᠡ ᠠᠵᠢᠯ ᠳᠤ ᠪᠠᠶᠢᠴᠠᠭᠠᠯᠲᠠ ᠬᠢᠵᠦ᠂ ᠠᠰᠠᠭᠤᠳᠠᠯ ᠤᠨ ᠳᠠᠯᠳᠠ ᠭᠡᠮ ᠢ ᠴᠠᠭ ᠲᠤᠬᠠᠢ ᠳᠤᠨᠢ ᠣᠯᠵᠤ ᠮᠡᠳᠡᠬᠦ ᠶᠢᠨ ᠬᠠᠮᠲᠤ ᠪᠦᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠵᠤ᠂ ᠠᠶᠤᠯ ᠲᠦᠭᠰᠢᠭᠦᠷᠢ ᠶᠢ ᠤᠷᠢᠳᠴᠢᠯᠠᠨ ᠰᠡᠷᠭᠡᠶᠢᠯᠡᠵᠡᠢ᠃ 21 ᠤ ᠡᠳᠦᠷ ᠪᠣᠯᠲᠠᠯ᠎ᠠ᠂ ᠪᠠᠶᠠᠨᠨᠠᠭᠤᠷ ᠬᠤᠲᠠ ᠶᠢᠨ ᠬᠢᠨ ᠨᠢᠭᠡᠨᠲᠡ 18028 ᠬᠥᠮᠥᠨ ᠤ ᠠᠶᠤᠯ ᠠᠴᠠ ᠠᠪᠤᠷᠠᠬᠤ ᠡᠩᠨᠡᠭᠡ  ᠶᠢ ᠵᠤᠬᠢᠶᠠᠨ ᠪᠠᠶᠢᠭᠤᠯᠵᠦ᠂ 182.1 ᠲᠣᠨ ᠲᠤᠭᠤᠯᠭᠠᠨ ᠤᠲᠠᠰᠤ᠂ 18.25 ᠲᠦᠮᠡᠨ ᠪᠣᠰᠤᠭ᠎ᠠ ᠳᠥᠷᠪᠡᠯᠵᠢᠨ ᠮᠧᠲᠷ ᠬᠡᠰᠡᠭᠲᠦ ᠴᠢᠯᠠᠭᠤ᠂ 15.07 ᠲᠦᠮᠡᠨ ᠨᠡᠬᠡᠮᠡᠯ ᠤᠭᠤᠲᠠ᠂ 3.78 ᠲᠦᠮᠡᠨ ᠪᠣᠭᠤᠳᠠᠯ ᠂ 0.95 ᠲᠦᠮᠡᠨ ᠬᠠᠪᠲᠠᠭᠠᠢ ᠳᠥᠷᠪᠡᠯᠵᠢᠨ ᠮᠧᠳ᠋ᠷ ᠤᠨ ᠪᠥᠰ᠂ 32470 ᠲᠡᠭᠰᠢ ᠳᠥᠷᠪᠡᠯᠵᠢᠨ ᠮᠧᠲᠷ ᠤᠨ ᠲᠤᠭᠤᠯᠭᠠᠨ ᠲᠣᠣᠷ ᠤᠨ ᠢᠯᠲᠠᠰᠤ᠂ 161360 ᠲᠡᠭᠰᠢ ᠳᠥᠷᠪᠡᠯᠵᠢᠨ ᠮᠧᠲᠷ ᠤᠨ ᠴᠢᠯᠠᠭᠤᠨ ᠲᠤᠤᠷᠯᠢᠭ ᠰᠢᠩᠭᠡᠯᠢᠭ ᠨᠥᠭᠡᠴᠡᠯᠡᠵᠦ᠂ 1320 ᠰᠠᠤᠷᠢ ᠠᠶᠤᠯ  ᠠᠴᠠ ᠠᠪᠤᠷᠠᠬᠤ ᠮᠠᠰᠢᠨ ᠮᠧᠬᠠᠨᠢᠭ ᠢ ᠨᠠᠶᠢᠳᠠᠪᠤᠷᠢᠵᠢᠭᠤᠯᠵᠤ᠂ ᠬᠠᠲᠤᠨ ᠭᠤᠣᠯ ᠤᠨ ᠰᠦᠩ ᠬᠠᠯᠢᠶ᠎ᠠ ᠶᠢ ᠰᠡᠷᠭᠡᠶᠢᠯᠡᠵᠦ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠭᠰᠠᠨ ᠪᠠᠶᠢᠨ᠎ᠠ᠃      ᠢᠷᠡᠯᠲᠡ᠄ ᠤᠮᠠᠷᠠᠲᠤ ᠶᠢᠨ ᠰᠢᠨ᠎ᠡ ᠰᠤᠨᠢᠨ
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ