ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ ᠤᠯᠤᠰ ᠤᠨ ᠲᠥᠷᠥ ᠶᠢᠨ ᠪᠣᠳᠣᠯᠭ᠎ᠠ ᠶᠢᠨ | ᠲᠣᠬᠢᠷᠠᠭᠤᠯᠤᠯᠲᠠ ᠪᠠ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠭᠦᠨᠵᠡᠭᠡᠶ ᠠᠭᠢᠬᠤ ᠶᠢ ᠳᠠᠭᠠᠯᠳᠤᠨ᠂ ᠥᠪᠡᠷᠲᠡᠭᠡᠨ ᠵᠠᠰᠠᠬᠤ ᠣᠷᠣᠨ ᠤ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠦᠨᠡᠮᠯᠡᠯ ᠤᠨ ᠬᠠᠮᠢᠶᠠᠷᠤᠯᠲᠠ ᠶᠢᠨ ᠠᠵᠢᠯ ᠳᠤ ᠰᠢᠨ᠎ᠡ ᠡᠭᠦᠷᠭᠡ ᠪᠠ ᠰᠢᠨ᠎ᠡ ᠱᠠᠭᠠᠷᠳᠠᠯᠭ᠎ᠠ ᠲᠤᠯᠭᠠᠷᠠᠵᠤ᠂ ᠣᠲᠣ ᠶᠢᠨ | ᠬᠡᠷᠡᠭᠵᠢᠭᠦᠯᠵᠦ ᠪᠠᠶᠢᠭ᠎ᠠ 2015 ᠣᠨ ᠤ 9 ᠰᠠᠷ᠎ᠠ ᠳᠤ ᠨᠡᠶᠢᠲᠡᠯᠡᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠦᠨᠡᠮᠯᠡᠯ ᠤᠨ ᠬᠠᠮᠢᠶᠠᠷᠤᠯᠲᠠ ᠶᠢᠨ ᠠᠷᠭ᠎ᠠ︾ ᠶᠢᠨ ᠵᠠᠷᠢᠮ ᠲᠣᠭᠲᠠᠭᠠᠯ ᠨᠢ ᠨᠢᠭᠡᠨᠲᠡ ᠰᠢᠨ᠎ᠡ ᠴᠠᠭ ᠦᠶ᠎ᠡ ᠶᠢᠨ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠠᠵᠢᠯ ᠤᠨ ᠬᠡᠷᠡᠭᠴᠡᠭᠡ ᠳᠤ ᠵᠣᠬᠢᠴᠠᠬᠤ ᠥᠬᠡᠶ ᠪᠣᠯᠵᠣ᠂ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠴᠢᠬᠤᠯᠠᠲᠠᠶ ᠪᠠᠶᠢᠨ᠎ᠠ᠃ | ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠨᠠᠮ ᠤᠨ ᠲᠥᠪ ᠬᠤᠷᠢᠶ᠎ᠠ ᠶᠢᠨ ᠬᠢᠨᠠᠯᠲᠠ ᠲᠠᠯᠪᠢᠯᠲᠠ ᠲᠥᠷᠥ ᠶᠢᠨ ᠶᠠᠪᠤᠳᠠᠯ ᠤᠨ | ᠬᠤᠷᠢᠶ᠎ᠠ ᠶᠢᠨ ᠪᠠᠶᠢᠷᠢᠯᠠᠭᠤᠯᠤᠯᠲᠠ ᠪᠠ ᠱᠠᠭᠠᠷᠳᠠᠯᠭ᠎ᠠ ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠠᠤᠯᠢ ᠲᠣᠭᠲᠠᠭᠠᠬᠤ ᠳᠠᠷᠠᠭᠠᠯᠠᠯ ᠢ | ᠴᠢᠩᠭ᠎ᠠ ᠵᠢᠷᠤᠮᠯᠠᠨ᠂ ᠥᠷᠭᠡᠨ ᠢᠶᠠᠷ ᠰᠠᠨᠠᠯ ᠬᠤᠷᠢᠶᠠᠵᠦ᠂ ᠬᠠᠤᠯᠢ ᠲᠣᠭᠲᠠᠭᠠᠬᠤ ᠪᠠᠶᠢᠴᠠᠭᠠᠨ ᠰᠤᠳᠤᠯᠤᠯᠲᠠ ᠶᠢ ᠭᠦᠨᠵᠡᠭᠡᠢ ᠦᠷᠨᠢᠭᠦᠯᠦᠨ᠂ ᠲᠤᠰᠬᠠᠶ | ᠮᠡᠷᠭᠡᠵᠢᠯᠲᠡᠨ ᠢᠶᠠᠷ ᠨᠤᠲᠠᠯᠠᠭᠤᠯᠬᠤ ᠶᠢ ᠵᠣᠬᠢᠶᠠᠨ ᠪᠠᠶᠢᠭᠤᠯᠤᠭᠰᠠᠨ ᠰᠠᠭᠤᠷᠢᠨ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠪᠠᠶᠢᠩᠭᠤ ᠶᠢᠨ ᠬᠤᠷᠠᠯ ᠳᠤ ᠳᠡᠪᠰᠢᠭᠦᠯᠵᠦ ᠰᠢᠨ᠎ᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠦᠨᠡᠮᠯᠡᠯ ᠤᠨ ᠬᠠᠮᠢᠶᠠᠷᠤᠯᠲᠠ ᠶᠢᠨ ᠠᠷᠭ᠎ᠠ︾ ︵ᠳᠣᠷᠣᠭᠰᠢ ︽ᠠᠷᠭ᠎ᠠ︾ ᠭᠡᠵᠦ ᠲᠣᠪᠴᠢᠯᠠᠨ᠎ᠠ︶ ᠶᠢ ᠬᠢᠨᠠᠨ ᠪᠠᠲᠤᠯᠠᠭᠰᠠᠨ ᠤ ᠬᠠᠮᠲᠤ᠂ | 2023 ᠣᠨ ᠤ 12 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠬᠦ ᠪᠣᠯᠣᠨ᠎ᠡ᠃ | ᠰᠢᠨ᠎ᠡ ᠪᠠᠷ ᠲᠣᠭᠲᠠᠭᠠᠭᠰᠠᠨ ︽ᠠᠷᠭ᠎ᠠ︾ ᠶᠢᠨ ᠭᠤᠤᠯ ᠠᠭᠤᠯᠭ᠎ᠠ ᠳᠤ᠄ | 1. ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠨᠡᠮᠯᠡᠯ | ᠠᠪᠬᠤ ᠪᠠᠷ ᠭᠤᠶᠤᠴᠢᠯᠠᠬᠤ ᠨᠥᠬᠦᠴᠡᠯ ᠢ ᠲᠣᠳᠣᠷᠬᠠᠶᠢᠯᠠᠨ᠎ᠠ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠨᠡᠮᠯᠡᠯ ᠪᠣᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠨᠢᠭᠡᠳᠦᠯᠲᠡᠶ | ᠵᠣᠬᠢᠶᠠᠨ ᠲᠠᠷᠬᠠᠭᠠᠭᠰᠠᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠯᠠᠭ᠎ᠠ ᠶᠢ | ᠬᠡᠷᠡᠭᠵᠢᠭᠦᠯᠬᠦ ᠬᠢᠷᠢ ᠬᠡᠮ ᠢ ᠭᠡᠷᠡᠴᠢᠯᠡᠬᠦ ᠦᠨᠡᠮᠯᠡᠯ ᠪᠣᠯᠤᠨ᠎ᠠ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠨᠡᠮᠯᠡᠯ ᠪᠠ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠳᠤ ᠬᠢᠨᠠᠯᠲᠠ ᠲᠠᠯᠪᠢᠬᠤ ᠦᠨᠡᠮᠯᠡᠯ ᠪᠠᠭᠲᠠᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠨᠡᠮᠯᠡᠯ ᠭᠤᠶᠤᠴᠢᠯᠠᠬᠤ ᠡᠷᠬᠡ ᠲᠠᠢ ᠨᠢ | ᠡᠷᠬᠡᠪᠰᠢ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠪᠠᠶᠢᠭᠤᠯᠭ᠎ᠠ ᠪᠠᠶᠢᠬᠤ᠂ ᠬᠠᠤᠯᠢ ᠴᠠᠭᠠᠵᠠ᠂ ᠬᠠᠤᠯᠢ ᠲᠣᠭᠲᠠᠭᠠᠯ ᠠᠴᠠ ᠡᠷᠬᠡ | ᠣᠯᠭᠤᠭᠰᠠᠨ ᠣᠯᠠᠨ ᠨᠡᠶᠢᠲᠡ ᠶᠢᠨ ᠬᠡᠷᠡᠭ ᠶᠠᠪᠤᠳᠠᠯ ᠢ ᠬᠠᠮᠢᠶᠠᠷᠬᠤ ᠡᠭᠦᠷᠭᠡ ᠴᠢᠳᠠᠪᠤᠷᠢ ᠲᠠᠢ ᠵᠣᠬᠢᠶᠠᠨ ᠪᠠᠶᠢᠭᠤᠯᠤᠯᠲᠠ ᠵᠢᠴᠢ ᠬᠠᠤᠯᠢ ᠶᠣᠰᠣᠭᠠᠷ | ᠨᠠᠶᠢᠳᠠᠯᠭ᠎ᠠ ᠬᠦᠯᠢᠶᠡᠭᠰᠡᠨ ᠵᠣᠬᠢᠶᠠᠨ ᠪᠠᠶᠢᠭᠤᠯᠤᠯᠲᠠ ᠶᠢᠨ ᠳᠣᠲᠣᠷᠠᠬᠢ ᠣᠷᠣᠨ ᠲᠤᠭ᠎ᠠ ᠪᠠ ᠠᠵᠢᠯ ᠤᠨ ᠪᠠᠶᠢᠷᠢ ᠳᠤ ᠪᠠᠶᠢᠭ᠎ᠠ ᠠᠵᠢᠯᠲᠠᠨ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠬᠢᠷᠢ ᠬᠡᠮ ᠢ ᠭᠡᠷᠡᠴᠢᠯᠡᠬᠦ ᠪᠣᠯᠪᠠᠰᠤᠷᠠᠯ ᠭᠦᠷᠳᠡᠭᠰᠡᠨ ᠪᠠᠶᠢᠬᠤ ᠶᠢᠨ ᠬᠠᠮᠲᠤ ᠰᠢᠯᠭᠠᠯᠲᠠ ᠳᠤ ᠬᠢᠷᠢ ᠲᠡᠩᠴᠡᠭᠰᠡᠨ ᠪᠠᠶᠢᠬᠤ | ᠬᠡᠷᠡᠭᠲᠡᠢ᠃ | 2. ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠦᠨᠡᠮᠯᠡᠯ ᠤᠨ ᠬᠦᠴᠦᠨ ᠢ ᠲᠣᠳᠣᠷᠬᠠᠶᠢᠯᠠᠬᠤ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠪᠣᠯᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠠᠵᠢᠯᠲᠠᠨ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠯᠠᠭ᠎ᠠ ᠶᠠᠪᠤᠭᠤᠯᠬᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠠᠵᠢᠯᠯᠠᠭ᠎ᠠ | ᠵᠠᠪᠤᠭᠤᠯᠬᠤ ᠳᠤ ᠰᠠᠨᠠᠭᠠᠴᠢᠯᠠᠭ᠎ᠠ ᠠᠴᠠ ᠪᠠᠨ ᠭᠡᠷᠡᠴᠢ ᠲᠡᠮᠳᠡᠭ ᠢᠶᠠᠨ ᠦᠵᠡᠭᠦᠯᠬᠦ ᠬᠡᠷᠡᠭᠲᠡᠶ᠃ ᠭᠡᠷᠡᠴᠢ ᠲᠡᠮᠳᠡᠭ ᠢᠶᠠᠨ ᠭᠠᠷᠭᠠᠵᠤ ᠦᠵᠡᠭᠦᠯᠦᠭᠰᠡᠨ ᠥᠬᠡᠶ | ᠪᠤᠶᠤ ᠡᠭᠦᠷᠭᠡ ᠬᠠᠷᠢᠭᠤᠴᠠᠯᠭ᠎ᠠ ᠶᠢᠨ ᠡᠷᠬᠡ ᠶᠢᠨ ᠬᠡᠪᠴᠢᠶ᠎ᠡ ᠠᠴᠠ ᠳᠠᠪᠠᠭ᠋ᠤ᠂ ᠣᠷᠣᠨ ᠭᠡᠪᠴᠢᠶ᠎ᠠ ᠶᠢᠨ ᠭᠢᠵᠠᠭᠠᠷ ᠠᠴᠠ ᠳᠠᠪᠠᠨ ᠬᠠᠤᠯᠢ ᠬᠡᠷᠡᠭᠵᠢᠭᠦᠯᠦᠭᠰᠡᠨ | ᠪᠠᠶᠢᠪᠠᠯ᠂ ᠲᠤᠬᠠᠢ ᠶᠢᠨ ᠬᠥᠮᠦᠨ ᠨᠢ ᠲᠡᠭᠦᠨ ᠤ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠶᠢ ᠲᠡᠪᠴᠢᠬᠦ ᠡᠷᠬᠡ ᠲᠠᠢ᠃ | 3 . ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠨᠡᠮᠯᠡᠯ | ᠳᠡᠭᠡᠷ᠎ᠡ ᠲᠣᠳᠣᠷᠬᠠᠶᠢᠯᠠᠭᠰᠠᠨ ᠮᠡᠳᠡᠭᠡ ᠵᠠᠩᠭᠢ ᠶᠢ ᠲᠣᠳᠣᠷᠬᠠᠶᠢᠯᠠᠬᠤ | ᠬᠠᠤᠯᠢ ᠴᠠᠭᠠᠵᠠ ᠶᠢᠨ ᠶᠠᠮᠤᠨ ᠤ ᠪᠥᠬᠦ ᠤᠯᠤᠰ ᠤᠨ ᠨᠢᠭᠡᠳᠦᠯᠲᠡᠶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠨᠡᠮᠯᠡᠯ ᠤᠨ ᠪᠠᠷᠢᠮᠵᠢᠶ᠎ᠠ ᠶᠢᠨ ᠶᠠᠩᠵᠤ | ᠬᠡᠯᠪᠡᠷᠢ ᠶᠢᠨ ᠲᠤᠬᠠᠶ ᠱᠠᠭᠠᠷᠳᠠᠯᠭ᠎ᠠ ᠶᠢ ᠦᠨᠳᠦᠰᠦᠯᠡᠪᠡᠯ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠨᠡᠮᠯᠡᠯ ᠳᠤ ᠦᠨᠡᠮᠯᠡᠯ ᠭᠠᠷᠳᠠᠭᠴᠢ ᠶᠢᠨ ᠣᠪᠣᠭ | ᠨᠡᠷ᠎ᠡ᠂ ᠬᠡᠷᠡᠯ ᠵᠢᠷᠤᠭ ᠪᠠ ᠬᠤᠶᠠᠷ ᠬᠡᠮᠵᠢᠯᠳᠦ ᠺᠣᠳ᠋᠂ ᠬᠠᠷᠢᠶ᠎ᠠ ᠪᠥᠬᠦᠶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠭ᠎ᠠ ᠶᠢᠨ ᠨᠡᠷᠡᠶᠢᠳᠦᠯ ᠪᠠ | ᠬᠠᠤᠯᠢ ᠬᠡᠷᠡᠭᠵᠢᠭᠦᠯᠬᠦ ᠲᠥᠷᠥᠯ ᠢᠯᠭᠠᠯ᠂ ᠳ᠋ᠤᠭᠠᠷ᠂ ᠬᠦᠴᠦᠨ ᠪᠥᠬᠦᠶ ᠬᠤᠭᠤᠴᠠᠭ᠎ᠠ ᠪᠠ ᠲᠠᠷᠬᠠᠭᠠᠬᠰᠠᠨ ᠪᠠᠶᠢᠭᠤᠯᠭ᠎ᠠ ᠵᠡᠷᠭᠡ ᠶᠢ ᠪᠠᠭᠲᠠᠭᠠᠬᠤ ᠬᠡᠷᠡᠭᠲᠡᠶ᠃ | 4. ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠨᠡᠮᠯᠡᠯ ᠤᠨ | ᠬᠠᠮᠢᠶᠠᠷᠤᠯᠲᠠ ᠶᠢᠨ ᠪᠦᠬᠦ ᠴᠤᠪᠤᠷᠠᠯ ᠢ ᠵᠢᠷᠤᠮᠵᠢᠭᠤᠯᠬᠤ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠨᠡᠮᠯᠡᠯ ᠤᠨ ᠬᠠᠮᠢᠶᠠᠷᠤᠯᠲᠠ ᠶᠢᠨ ᠠᠷᠭ᠎ᠠ︾ ᠨᠢ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠪᠣᠯᠪᠠᠰᠤᠷᠠᠯ᠂ ᠰᠢᠯᠭᠠᠯᠳᠠ ᠪᠠ ᠬᠠᠤᠯᠢ ᠬᠡᠷᠡᠭᠵᠢᠭᠦᠯᠬᠦ ᠬᠢᠷᠢ ᠬᠡᠮ ᠤᠯᠬᠤ ᠵᠢᠴᠢ ᠦᠨᠡᠮᠯᠡᠯ | ᠭᠤᠶᠤᠴᠢᠯᠠᠨ ᠠᠪᠬᠤ᠂ ᠰᠣᠯᠢᠬᠤ᠂ ᠪᠤᠴᠠᠭᠠᠨ ᠠᠪᠬᠤ᠂ ᠬᠦᠴᠦᠨ ᠥᠬᠡᠶ ᠪᠣᠯᠭᠠᠬᠤ ᠪᠠ ᠦᠭᠡᠶᠢᠰᠭᠡᠬᠦ ᠵᠡᠷᠭᠡ ᠲᠠᠯ᠎ᠠ ᠠᠴᠠ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠦᠨᠡᠮᠯᠡᠯ ᠤᠨ ᠪᠥᠬᠦ ᠴᠤᠪᠤᠷᠠᠯ ᠤᠨ ᠬᠠᠮᠢᠶᠠᠷᠤᠯᠲᠠ ᠶᠢ ᠵᠢᠷᠤᠮᠵᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ | ᠦᠨᠡᠮᠯᠡᠯ ᠤᠨ ᠬᠠᠮᠢᠶᠠᠷᠤᠯᠲᠠ ᠶᠢᠨ ᠲᠠᠪᠴᠠᠩ ᠢᠶᠠᠷ ᠳᠠᠮᠵᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠨᠡᠮᠯᠡᠯ ᠤᠨ ᠪᠥᠬᠦ ᠴᠤᠪᠤᠷᠠᠯ ᠢ ᠰᠦᠯᠵᠢᠶᠡᠨ | ᠳᠡᠭᠡᠷ᠎ᠡ ᠭᠦᠢᠴᠡᠳᠭᠡᠬᠦ ᠶᠢ ᠬᠡᠷᠡᠭᠵᠢᠭᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠨᠡᠮᠯᠡᠯ ᠤᠨ ᠬᠠᠮᠢᠶᠠᠷᠤᠯᠲᠠ ᠶᠢᠨ ᠦᠷ᠎ᠡ ᠪᠦᠲᠦᠮᠵᠢ ᠪᠠ ᠬᠢᠷᠢ | ᠲᠦᠪᠰᠢᠨ ᠢ ᠳᠡᠭᠡᠭᠰᠢᠯᠡᠭᠦᠯᠦᠨ᠎ᠡ᠃ | |