ᠮᠤᠨᠠ ᠠᠭᠤᠯᠠ ᠪᠠᠯᠭᠠᠰᠤ ︽ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ︾ ᠶᠢᠨ ᠠᠵᠢᠯ ᠢ ᠡᠮᠬᠢ ᠵᠢᠷᠤᠮ ᠲᠠᠢ ᠠᠬᠢᠭᠤᠯᠪᠠ
ᠨᠡᠶᠢᠲᠡᠯᠡᠭᠰᠡᠨ ᠴᠠᠭ᠄
2023/11/6
   ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠯᠠᠪᠳᠠᠭᠤᠨ ᠪᠠᠲᠤᠲᠠᠶ ᠡᠮᠬᠢ ᠵᠢᠷᠤᠮ ᠲᠠᠢ ᠠᠬᠢᠭᠤᠯᠤᠨ᠂ ᠠᠵᠤ ᠠᠬᠤᠶ ᠶᠢᠨ ᠰᠠᠭᠤᠷᠢ ᠲᠤᠭ᠎ᠠ ᠶᠢ ᠪᠥᠬᠦ ᠲᠠᠯ᠎ᠠ ᠪᠠᠷ ᠲᠣᠳᠣᠷᠬᠠᠶ ᠣᠶᠢᠯᠠᠭᠠᠵᠤ᠂ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠪᠠᠲᠤᠯᠠᠬᠤ ᠶᠢᠨ ᠲᠥᠯᠥᠭᠡ᠂ ᠣᠷᠠᠳ ᠤᠨ ᠡᠮᠦᠨᠡᠲᠤ ᠬᠤᠰᠢᠭᠤᠨ ᠤ ᠮᠤᠨᠠ ᠠᠭᠤᠯᠠ ᠪᠠᠯᠭᠠᠰᠤ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ︽ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ︾ ᠶᠢᠨ ᠠᠵᠢᠯ ᠢ ᠪᠣᠳᠠᠲᠠᠶ ᠪᠥᠭᠡᠳ ᠨᠠᠷᠢᠯᠢᠭ ᠬᠢᠬᠦ ᠶᠢ ᠪᠠᠷᠢᠮᠲᠠᠯᠠᠪᠠ᠃    ᠮᠤᠨᠠ ᠠᠭᠤᠯᠠ ᠪᠠᠯᠭᠠᠰᠤ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠪᠠᠶᠢᠭᠤᠯᠵᠤ᠂ ᠲᠡᠷᠡ ᠳᠠᠷᠤᠶ ᠳᠤᠨᠢ ᠪᠠᠶᠢᠷᠢᠯᠠᠭᠤᠯᠬᠤ ᠬᠤᠷᠠᠯ᠂ ᠲᠦᠯᠬᠢᠨ ᠠᠬᠢᠭᠤᠯᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠬᠤᠯᠪᠣᠭᠳᠠᠯ ᠪᠦᠬᠦᠢ ᠠᠵᠢᠯᠲᠠᠨ ᠢ ᠵᠣᠬᠢᠶᠠᠨ ᠪᠠᠶᠢᠭᠤᠯᠤᠨ ᠡᠩ ᠤᠨ ᠲᠤᠬᠠᠶᠢᠯᠠᠭᠰᠠᠨ ᠠᠵᠢᠯ ᠤᠨ ᠪᠣᠯᠪᠠᠰᠣᠷᠠᠯ ᠳᠤ ᠣᠷᠣᠯᠴᠠᠭᠤᠯᠵᠤ᠂ ᠲᠤᠬᠠᠶᠢᠯᠠᠭᠰᠠᠨ ᠠᠵᠢᠯ ᠤᠨ ᠮᠡᠳᠡᠯᠭᠡ᠂ ᠲᠠᠭᠯᠠᠨ ᠮᠡᠳᠡᠭᠦᠯᠬᠦ ᠱᠠᠭᠠᠷᠳᠠᠯᠭ᠎ᠠ ᠪᠠ ᠡᠷᠦᠬᠡ ᠳᠤ ᠬᠦᠷᠴᠦ ᠯᠠᠪᠯᠠᠨ ᠠᠰᠠᠭᠤᠬᠤ ᠤᠷ᠎ᠠ ᠳᠡᠮ ᠢ ᠮᠡᠳᠡᠭᠦᠯᠵᠦ᠂ ᠠᠳᠠᠯᠢ ᠪᠤᠰᠤ ᠪᠠᠶᠢᠴᠠᠭᠠᠬᠤ ᠲᠥᠯᠥᠪᠯᠡᠭᠡ ᠲᠣᠭᠲᠠᠭᠠᠵᠤ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠤᠷᠤᠭᠰᠢᠲᠠᠶ ᠥᠷᠨᠢᠬᠦ ᠶᠢ ᠦᠨᠡᠨᠬᠦ  ᠪᠠᠲᠣᠯᠠᠪᠠ᠃    ᠪᠠᠶᠢᠴᠠᠭᠠᠯᠲᠠ ᠳᠤ᠂ ᠠᠵᠢᠯᠲᠠᠳ ᠠᠴᠠ ᠬᠠᠷᠢᠶ᠎ᠠ ᠣᠷᠣᠨ ᠤ ᠪᠠᠨ ᠨᠡᠶᠢᠭᠡᠮ ᠲᠣᠭᠤᠷᠢᠭ ᠂ ᠰᠠᠭᠤᠭᠠᠯᠢ ᠠᠷᠠᠳ ᠤᠨ ᠲᠣᠭᠤᠷᠢᠭ᠂ ᠡᠯ᠎ᠡ ᠠᠵᠤ ᠠᠬᠤᠶᠢᠯᠠᠯ᠂ ᠳᠡᠯᠭᠡᠭᠦᠷ ᠫᠦᠰᠡ ᠳᠤ ᠬᠦᠷᠴᠣ ᠠᠯᠪᠠᠨ ᠵᠠᠷ ᠨᠠᠭᠠᠬᠤ᠂ ᠤᠬᠠᠭᠤᠯᠭ᠎ᠠ ᠶᠢᠨ ᠤᠷᠢᠶ᠎ᠠ ᠯᠣᠽᠦ᠋ᠩ ᠡᠯᠭᠦᠬᠦ᠂ ᠮᠡᠳᠡᠭᠳᠡᠯ ᠤᠨ ᠪᠢᠴᠢᠭ ᠲᠠᠷᠬᠠᠭᠠᠬᠤ ᠵᠡᠷᠭᠡ ᠤᠯᠠᠮᠵᠢᠯᠠᠯᠲᠤ ᠤᠬᠠᠭᠤᠯᠭ᠎ᠠ ᠶᠢᠨ ᠠᠷᠭ᠎ᠠ ᠬᠡᠯᠪᠡᠷᠢ ᠪᠠ ᠲᠤᠤᠷ ᠰᠦᠯᠵᠢᠶᠡᠨ ᠤ ᠴᠤᠭᠯᠠᠷᠠᠯ᠂ ᠸᠢᠴᠠᠲ ᠤᠨ ᠣᠯᠠᠨ ᠨᠡᠶᠢᠲᠡ ᠶᠢᠨ ᠳ᠋ᠤᠭᠠᠷ ᠵᠡᠷᠭᠡ ᠰᠢᠨ᠎ᠡ ᠵᠠᠭᠤᠴᠢᠯᠠᠭᠤᠷ ᠢ ᠠᠰᠢᠭᠯᠠᠨ ᠰᠦᠯᠵᠢᠶᠡᠨ ᠳᠡᠭᠡᠷ᠎ᠡ᠂ ᠰᠦᠯᠵᠢᠶᠡᠨ ᠭᠠᠳᠠᠨ᠎ᠠ ᠤᠬᠠᠭᠤᠯᠤᠨ ᠲᠦᠭᠡᠮᠡᠯᠵᠢᠭᠦᠯᠬᠦ ᠠᠵᠢᠯ ᠢ ᠬᠢᠬᠦ ᠪᠠᠷ ᠪᠠᠷᠠᠬᠤ ᠦᠬᠡᠢ ᠡᠷᠦᠬᠡ ᠳᠠᠷᠠᠭᠠᠯᠠᠨ ᠰᠤᠷᠪᠤᠯᠵᠢᠯᠠᠨ᠂ ᠡᠵᠡᠩᠨᠡᠯᠲᠡ ᠶᠢᠨ ᠦᠨᠡᠮᠯᠡᠯ ᠢ ᠨᠠᠷᠢᠨ ᠪᠠᠶᠢᠴᠠᠭᠠᠨ ᠦᠵᠡᠵᠦ᠂ ᠨᠢᠭᠡᠴᠢ ︵ᠬᠤᠪᠢ ᠶᠢᠨ ᠨᠡᠷᠡᠶᠢᠳᠦᠯ︶᠂ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠶ ᠣᠷᠣᠯᠠᠬᠤ ᠨᠣᠮᠧᠷ᠂ ᠡᠵᠡᠩᠨᠡᠯᠲᠡ ᠶᠢᠨ ᠪᠠᠶᠢᠳᠠᠯ᠂ ᠭᠤᠤᠯ ᠪᠣᠯᠬᠤ ᠲᠤᠬᠠᠶᠢᠯᠠᠭᠰᠠᠨ ᠠᠵᠢᠯ ᠤᠨ ᠠᠵᠢᠯᠯᠠᠭ᠎ᠠ ᠶᠢ ᠨᠢᠭᠡᠳᠦᠯᠲᠡᠶ ᠬᠢᠬᠦ ᠶᠢᠨ ᠬᠠᠮᠲᠤ ᠳᠡᠩᠰᠡᠯᠡᠨ ᠬᠢᠨᠠᠨ ᠬᠠᠷᠭᠤᠭᠤᠯᠵᠤ᠂ ᠨᠢᠭᠡ ᠡᠷᠦᠬᠡ ᠶᠢ ᠴᠦ ᠣᠷᠬᠢᠭᠳᠠᠭᠤᠯᠬᠤ ᠥᠬᠡᠶ᠂ ᠨᠢᠭᠡ  ᠵᠦᠢᠯ ᠢ ᠴᠦ ᠣᠷᠬᠢᠭᠳᠠᠭᠤᠯᠬᠤ ᠥᠬᠡᠶ ᠪᠠᠶᠢᠬᠤ ᠶᠢ ᠦᠨᠡᠨ ᠬᠦ  ᠪᠠᠲᠣᠯᠠᠵᠠᠢ ᠃   ᠣᠳᠣᠬᠠᠨ ᠳᠤ᠂ ᠢᠯᠭᠠᠷᠠᠭᠤᠯᠤᠨ ᠪᠠᠶᠢᠴᠠᠭᠠᠬᠤ ᠠᠵᠢᠯ ᠨᠢᠭᠡᠨᠲᠡ ᠣᠷᠬᠢᠭᠳᠠᠭᠤᠯᠤᠭᠰᠠᠨ ᠢ ᠪᠠᠶᠢᠴᠠᠭᠠᠨ ᠨᠥᠬᠦᠪᠥᠷᠢᠯᠡᠬᠦ ᠭᠤᠭᠴᠤᠭ᠎ᠠ ᠳᠤ ᠣᠷᠣᠪᠠ᠃ ᠨᠡᠶᠢᠳᠡᠮ ᠪᠠᠶᠢᠴᠠᠭᠠᠭᠴᠢᠳ ᠠᠴᠠ ᠳᠡᠭᠡᠭᠰᠢ ᠮᠡᠳᠡᠭᠦᠯᠦᠭᠰᠡᠨ ᠨᠠᠷᠢᠨ ᠲᠠᠩᠰᠠ ᠲᠠᠢ ᠬᠠᠷᠭᠤᠭᠤᠯᠵᠤ᠂ ᠳᠠᠬᠢᠨᠲᠠ ︽ᠬᠡᠪᠢᠰ ᠤᠨ ᠬᠡᠯᠪᠡᠷᠢ︾ ᠪᠠᠷ ᠪᠥᠬᠦ ᠲᠠᠯ᠎ᠠ ᠪᠠᠷ ᠬᠠᠷᠭᠤᠭᠤᠯᠤᠨ ᠪᠠᠶᠢᠴᠠᠭᠠᠵᠤ ᠡᠷᠦᠬᠡ ᠳᠤ ᠣᠷᠣᠵᠣ᠂  ᠣᠨᠴᠠᠭᠠᠶ ᠣᠷᠣᠨ ᠪᠦᠰᠡ᠂ ᠭᠤᠤᠯᠳᠠᠯᠭ᠎ᠠ ᠲᠠᠢ ᠣᠷᠣᠨ ᠪᠦᠰᠡ ᠶᠢ ᠲᠤᠰᠬᠠᠶ ᠲᠥᠷᠥᠯ ᠢᠶᠠᠷ ᠢᠯᠭᠠᠷᠠᠭᠤᠯᠤᠨ ᠪᠠᠶᠢᠴᠠᠭᠠᠬᠤ ᠠᠵᠢᠯ ᠢ ᠪᠥᠬᠦ ᠲᠠᠯ᠎ᠠ ᠪᠠᠷ ᠦᠷᠨᠢᠬᠦᠯᠵᠦ᠂ ᠲᠣᠰ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ ᠲᠠᠢ ᠢᠳᠡᠪᠬᠢᠲᠡᠶ ᠬᠠᠮᠵᠢᠯᠴᠠᠨ ᠮᠣᠨᠠ ᠠᠭᠤᠯᠠ ᠪᠠᠯᠭᠠᠰᠤᠨ ᠳᠤ ᠢᠯᠭᠠᠷᠠᠭᠤᠯᠤᠨ ᠪᠠᠶᠢᠴᠠᠭᠠᠭᠰᠠᠨ ᠲᠤᠭ᠎ᠠ ᠪᠠᠷᠢᠮᠲᠠ ᠶᠢᠨ ᠶᠠᠰᠤ ᠴᠢᠨᠠᠷ ᠤᠨ ᠰᠣᠯᠪᠢᠴᠠᠭᠰᠠᠨ ᠪᠠᠶᠢᠴᠠᠭᠠᠯᠲᠠ ᠬᠢᠵᠦ᠂ ᠬᠠᠷᠢᠭᠤ ᠲᠤᠰᠬᠠᠭᠰᠠᠨ ᠠᠰᠠᠭᠤᠳᠠᠯ ᠢ ᠴᠠᠭ ᠲᠤᠬᠠᠶ ᠳᠤᠨᠢ ᠬᠢᠨᠠᠨ ᠬᠠᠷᠭᠤᠭᠤᠯᠵᠤ ᠵᠠᠰᠠᠪᠤᠷᠢ ᠣᠷᠣᠭᠤᠯᠣᠨ᠂ ᠢᠯᠭᠠᠷᠠᠭᠤᠯᠤᠨ ᠪᠠᠶᠢᠴᠠᠭᠠᠬᠤ ᠠᠵᠢᠯ ᠤᠨ ᠶᠠᠰᠤ ᠴᠢᠨᠠᠷ ᠪᠠ ᠲᠤᠭ᠎ᠠ ᠬᠡᠮᠵᠢᠶ᠎ᠡ ᠶᠢ ᠪᠡᠶᠡᠯᠡᠭᠦᠯᠬᠦ ᠶᠢ ᠪᠠᠲᠤᠯᠠᠪᠠ᠃   ᠲᠠᠷᠠᠭᠠᠴᠢ ᠶᠢᠨ ᠠᠯᠬᠤᠮ ᠳᠤ᠂ ᠮᠤᠨᠠ ᠠᠭᠤᠯᠠ ᠪᠠᠯᠭᠠᠰᠤ ᠲᠤᠭ᠎ᠠ ᠪᠠᠷᠢᠮᠲᠠ ᠶᠢᠨ ᠶᠠᠰᠤ ᠴᠢᠨᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠮᠠᠲ᠋ᠧᠷᠢᠶᠠᠯ ᠢ ᠡᠮᠬᠢᠯᠡᠬᠦ ᠶᠢ ᠲᠡᠭᠦᠯᠳᠡᠷᠵᠢᠭᠦᠯᠦᠨ᠂ ᠪᠠᠶᠢᠴᠠᠭᠠᠨ ᠣᠷᠬᠢᠭᠳᠠᠭᠤᠯᠤᠭᠰᠠᠨ ᠢᠶᠠᠨ ᠨᠥᠬᠦᠪᠥᠷᠢᠯᠡᠬᠦ ᠠᠵᠢᠯ ᠢ ᠰᠠᠶᠢᠲᠤᠷ ᠬᠢᠵᠦ᠂ ᠦᠵᠡᠯ ᠰᠠᠨᠠᠭ᠎ᠠ ᠪᠠᠨ ᠨᠢᠭᠡᠳᠬᠡᠨ᠂ ᠬᠠᠷᠢᠯᠴᠠᠨ ᠬᠥᠳᠡᠯᠦᠯᠴᠡᠵᠦ᠂ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠶᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠡᠯ᠎ᠡ  ᠵᠦᠢᠯ ᠤᠨ ᠠᠵᠢᠯ ᠢ ᠯᠠᠪᠳᠠᠭᠤᠨ ᠢᠶᠠᠷ ᠠᠬᠢᠭᠤᠯᠤᠨ᠎ᠠ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ