ᠣᠢᠢᠷ᠎ᠠ ᠳᠤ᠂ ᠵᠠᠷᠢᠮ ᠭᠠᠵᠠᠷ ᠤᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ︽ᠬᠢᠴᠢᠶᠡᠯ ᠤᠨ ᠵᠠᠪᠰᠠᠷᠯᠠᠭ᠎ᠠ ᠶᠢᠨ 10 ᠮᠢᠨᠦ᠋ᠲ ᠤᠨ | ᠬᠦᠳᠡᠯᠭᠡᠭᠡᠨ ᠨᠢ ᠬᠢᠵᠠᠭᠠᠷᠯᠠᠭᠳᠠᠭᠰᠠᠨ︾ ᠠᠰᠠᠭᠤᠳᠠᠯ ᠨᠡᠶᠢᠭᠡᠮ ᠨᠡᠶᠢᠲᠡ ᠶᠢᠨ ᠠᠩᠬᠠᠷᠤᠯ ᠢ ᠥᠷᠭᠡᠨ ᠢᠶᠠᠷ ᠲᠠᠲᠠᠵᠤ᠂ ᠰᠢᠨᠬᠤᠸᠠ ᠬᠤᠷᠢᠶᠠᠨ ᠤ ︽ | ᠰᠢᠨᠬᠤᠸᠠ ᠬᠠᠷᠠᠭᠠᠨ ᠴᠡᠭ︾ ᠤᠨ ᠰᠤᠷᠪᠤᠯᠵᠢᠯᠠᠭᠴᠢ ᠡᠭᠦᠨ ᠤ ᠲᠤᠬᠠᠶ ᠰᠤᠷᠭᠠᠨ ᠬᠥᠮᠦᠵᠢᠯ ᠤᠨ ᠶᠠᠮᠤᠨ ᠤ ᠬᠤᠯᠪᠣᠭᠳᠠᠯ ᠪᠥᠬᠦᠶ ᠬᠠᠷᠢᠭᠤᠴᠠᠯᠭᠠᠲᠠᠨ | ᠨᠥᠬᠦᠳ ᠢ ᠰᠤᠷᠪᠤᠯᠵᠢᠯᠠᠪᠠ᠃ | ᠲᠤᠰ ᠬᠠᠷᠢᠭᠤᠴᠠᠯᠭᠠᠲᠠᠨ᠂ ᠳᠤᠮᠳᠠᠳᠤ ᠪᠠᠭ᠎ᠠ ᠰᠤᠷᠭᠠᠭᠤᠯᠢ ᠬᠢᠴᠢᠶᠡᠯ ᠤᠨ ᠵᠠᠪᠰᠠᠷᠯᠠᠭ᠎ᠠ ᠲᠣᠬᠢᠷᠠᠭᠤᠯᠬᠤ ᠨᠢ ᠮᠠᠰᠢ ᠴᠢᠬᠤᠯᠠ ᠪᠥᠭᠡᠳ | ᠰᠤᠷᠤᠭᠴᠢᠳ ᠤᠨ ᠤᠷᠮ᠎ᠠ ᠰᠡᠳᠬᠢᠯᠭᠡ ᠪᠠᠨ ᠲᠣᠬᠢᠷᠠᠭᠤᠯᠬᠤ᠂ ᠪᠡᠶ᠎ᠡ ᠰᠡᠳᠬᠢᠯ ᠢᠶᠠᠨ ᠲᠠᠶᠢᠪᠤᠰᠢᠷᠠᠭᠤᠯᠬᠤ᠂ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠪᠠ | ᠣᠢᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠳᠤ ᠠᠰᠢᠭᠲᠠᠶ ᠶᠤᠮ᠃ ᠰᠤᠷᠭᠠᠨ ᠬᠥᠮᠦᠵᠢᠯ ᠤᠨ ᠶᠠᠮᠤᠨ ᠰᠤᠷᠤᠭᠴᠢᠳ ᠤᠨ ᠬᠢᠴᠢᠶᠡᠯ ᠤᠨ | ᠵᠠᠪᠰᠠᠷᠯᠠᠭ᠎ᠠ ᠶᠢᠨ ᠴᠠᠭ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ 2021 ᠣᠨ ᠤ 9 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠭᠰᠡᠨ ︽ | ᠨᠠᠰᠤᠨ ᠳᠤ ᠥᠯᠥ ᠬᠦᠷᠦᠭᠰᠡᠳ ᠤᠨ ᠰᠤᠷᠭᠠᠭᠤᠯᠢ ᠳᠠᠬᠢ ᠬᠠᠮᠠᠭᠠᠯᠠᠯᠲᠠ ᠶᠢᠨ ᠲᠣᠭᠲᠠᠭᠠᠯ︾ ︵ᠰᠤᠷᠭᠠᠨ ᠬᠥᠮᠦᠵᠢᠯ ᠤᠨ ᠶᠠᠮᠤᠨ ᠤ ᠵᠠᠷᠯᠢᠭ 50 ᠳ᠋ᠤᠭᠠᠷ | ᠲᠣᠭᠠᠲᠤ︶ ᠳᠤ᠂ ᠰᠤᠷᠤᠭᠴᠢᠳ ᠤᠨ ᠬᠢᠴᠢᠶᠡᠯ ᠤᠨ ᠵᠠᠪᠰᠠᠷᠯᠠᠭ᠎ᠠ ᠵᠢᠴᠢ ᠪᠤᠰᠤᠳ ᠵᠢᠭᠠᠨ ᠰᠤᠷᠭᠠᠯᠲᠠ ᠶᠢᠨ ᠪᠤᠰᠤ ᠴᠠᠭ ᠤᠨ ᠵᠦᠶ ᠶᠣᠰᠣᠨ ᠤ | ᠰᠣᠯᠢᠯᠴᠠᠭ᠎ᠠ᠂ ᠲᠣᠭᠯᠠᠭᠠᠮ᠂ ᠬᠢᠴᠢᠶᠡᠯ ᠤᠨ ᠬᠡᠷ ᠠᠴᠠ ᠭᠠᠷᠴᠤ ᠬᠦᠳᠡᠯᠭᠡᠭᠡᠨ ᠬᠢᠬᠦ ᠵᠡᠷᠭᠡ ᠦᠭᠡ ᠶᠠᠷᠢᠶ᠎ᠠ ᠦᠢᠯᠡ ᠠᠵᠢᠯᠯᠠᠭ᠎ᠠ ᠳᠤ ᠴᠢᠬᠤᠯᠠ ᠪᠤᠰᠤ | ᠬᠢᠵᠠᠭᠠᠷᠯᠠᠯ ᠭᠠᠷᠭᠠᠵᠤ ᠪᠣᠯᠬᠤ ᠥᠬᠡᠶ ᠭᠡᠵᠦ ᠲᠣᠳᠣᠷᠬᠠᠶ ᠲᠣᠭᠲᠠᠭᠠᠪᠠ᠃ ᠪᠣᠳᠠᠲᠠᠶ ᠠᠵᠢᠯ ᠤᠨ ᠳᠤᠮᠳᠠ᠂ ᠳᠤᠮᠳᠠᠳᠤ ᠪᠠᠭ᠎ᠠ ᠰᠤᠷᠭᠠᠭᠤᠯᠢ ᠡᠳᠦᠷ ᠪᠦᠷᠢ | 30 ᠮᠢᠨᠦ᠋ᠲ ᠤᠨ ᠬᠢᠴᠢᠶᠡᠯ ᠤᠨ ᠵᠠᠪᠰᠠᠷᠯᠠᠭ᠎ᠠ ᠶᠢᠨ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠨᠢᠭᠡᠳᠦᠯᠲᠡᠶ ᠲᠣᠬᠢᠷᠠᠭᠤᠯᠵᠤ᠂ ᠬᠢᠴᠢᠶᠡᠯ ᠤᠨ ᠵᠠᠪᠰᠠᠷᠯᠠᠭ᠎ᠠ | ᠪᠦᠷᠢ ᠳᠤ ᠰᠤᠷᠤᠭᠴᠢᠳ ᠤᠨ ᠬᠢᠴᠢᠶᠡᠯ ᠤᠨ ᠭᠡᠷ ᠠᠴᠠ ᠭᠠᠷᠴᠤ ᠵᠣᠬᠢᠬᠤ ᠬᠡᠮᠵᠢᠶᠡᠨ ᠤ ᠬᠥᠳᠡᠯᠭᠡᠭᠡᠨ ᠬᠢᠬᠦ ᠪᠠ ᠪᠡᠶ᠎ᠡ ᠰᠡᠳᠬᠢᠯ ᠢᠶᠠᠨ ᠠᠮᠠᠷᠠᠭᠤᠯᠬᠤ ᠶᠢ | ᠱᠠᠭᠠᠷᠳᠠᠪᠠ ᠭᠡᠵᠡᠢ᠃ | ᠲᠣᠰ ᠬᠠᠷᠢᠭᠤᠴᠠᠯᠭᠠᠲᠠᠨ᠂ ᠰᠤᠷᠭᠠᠨ ᠬᠥᠮᠦᠵᠢᠯ ᠤᠨ ᠶᠠᠮᠤᠨ ᠣᠷᠣᠨ ᠨᠤᠲᠤᠭ ᠪᠠ ᠰᠤᠷᠭᠠᠭᠤᠯᠢ ᠶᠢ ᠤᠯᠠᠮ ᠴᠢᠨᠠᠬᠰᠢᠲᠠ ᠱᠠᠯᠠᠪᠳᠠᠭᠤᠯᠤᠨ | ᠱᠠᠭᠠᠷᠳᠠᠵᠤ ᠪᠠᠶᠢᠭᠠᠳ ᠤᠯᠤᠰ ᠤᠨ ᠬᠤᠯᠪᠣᠭᠳᠠᠯ ᠪᠥᠬᠦᠶ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠵᠤ᠂ ᠰᠤᠷᠭᠠᠨ ᠬᠥᠮᠦᠵᠢᠯ ᠤᠨ ᠵᠢᠮ᠎ᠡ ᠶᠣᠰᠣ ᠪᠠ | ᠰᠤᠷᠤᠭᠴᠢᠳ ᠤᠨ ᠪᠡᠶ᠎ᠡ ᠰᠡᠳᠬᠢᠯ ᠤᠨ ᠬᠥᠭᠵᠢᠯᠲᠡ ᠶᠢᠨ ᠵᠢᠮ᠎ᠡ ᠶᠣᠰᠣ ᠶᠢ ᠵᠢᠷᠤᠮᠯᠠᠨ᠂ ︽ᠰᠤᠷᠤᠭᠴᠢᠳ ᠤᠨ ᠠᠮᠤᠷ ᠲᠦᠪᠰᠢᠨ ᠢ ᠦᠨᠡᠨ ᠬᠦ ᠪᠠᠲᠤᠯᠠᠬᠤ | ︾ ᠪᠠᠷ ᠰᠢᠯᠲᠠᠭ ᠪᠣᠯᠭᠠᠵᠤ ᠰᠤᠷᠤᠭᠴᠢᠳ ᠤᠨ ᠴᠢᠬᠤᠯᠠ ᠪᠥᠬᠦᠶ ᠬᠢᠴᠢᠶᠡᠯ ᠤᠨ ᠵᠠᠪᠰᠠᠷᠯᠠᠭ᠎ᠠ ᠶᠢᠨ ᠠᠮᠠᠷᠠᠯᠲᠠ ᠪᠠ ᠬᠦᠳᠡᠯᠭᠡᠭᠡᠨ ᠢ ᠬᠢᠵᠠᠭᠠᠷᠯᠠᠬᠤ ᠠᠷᠭ᠎ᠠ | ᠬᠢᠳᠡᠯ ᠢ ᠡᠷᠡᠰ ᠵᠠᠯᠠᠷᠠᠭᠤᠯᠤᠨ᠎ᠠ᠃ ᠣᠷᠣᠨ ᠨᠤᠲᠤᠭ ᠪᠠ ᠰᠤᠷᠭᠠᠭᠤᠯᠢ ᠶᠢ ᠵᠢᠯᠣᠭᠤᠳᠴᠤ ᠪᠠᠶᠢᠭᠠᠳ ᠬᠠᠮᠢᠶᠠᠷᠤᠯᠲᠠ ᠪᠠ ᠠᠮᠤᠷ ᠲᠦᠪᠰᠢᠨ ᠤ | ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠠᠷ ᠬᠡᠷᠡᠭᠵᠢᠭᠦᠯᠵᠦ᠂ ᠬᠡᠷ ᠤᠨ ᠭᠠᠳᠠᠨᠠᠬᠢ ᠲᠠᠯᠠᠪᠤᠷ ᠭᠠᠵᠠᠷ ᠢ ᠳᠠᠷᠠᠭᠠᠯᠠᠨ ᠪᠠᠶᠢᠴᠠᠭᠠᠬᠤ | ᠪᠠ ᠬᠥᠮᠦᠰ ᠤᠨ ᠵᠢᠵᠢᠭᠦᠷᠯᠡᠨ ᠰᠠᠬᠢᠬᠤ ᠶᠢ ᠴᠢᠩᠭᠠᠳᠬᠠᠵᠤ᠂ ᠰᠤᠷᠤᠭᠴᠢᠳ ᠤᠨ ᠠᠮᠤᠷ ᠲᠦᠪᠰᠢᠨ ᠤ ᠶᠡᠷᠦ ᠶᠢᠨ ᠮᠡᠳᠡᠯᠭᠡ ᠶᠢᠨ ᠬᠥᠮᠦᠵᠢᠯ ᠢ | ᠴᠢᠩᠭᠠᠳᠬᠠᠵᠤ᠂ ᠠᠮᠤᠷ ᠲᠦᠪᠰᠢᠨ ᠤ ᠠᠳᠡᠯ ᠤᠨ ᠠᠶᠤᠯ ᠲᠦᠭᠰᠢᠭᠦᠷᠢ ᠶᠢ ᠬᠠᠮᠤᠭ ᠤᠨ ᠳᠤᠤᠷ᠎ᠠ ᠬᠡᠮᠵᠢᠶᠡᠨ ᠳᠤ ᠬᠦᠷᠲᠡᠯ᠎ᠡ ᠪᠠᠭᠤᠷᠠᠭᠤᠯᠵᠤ᠂ | ᠬᠡᠦᠬᠡᠳ ᠤᠳ ᠢ ᠪᠠᠶᠠᠷ ᠬᠥᠷ ᠲᠠᠢ ᠰᠠᠨᠠᠭ᠎ᠠ ᠠᠮᠤᠷ ᠬᠥᠳᠡᠯᠭᠡᠭᠡᠨ ᠬᠢᠯᠭᠡᠬᠦ ᠬᠡᠷᠡᠭᠲᠡᠢ᠃ ᠡᠭᠦᠨ ᠤ ᠬᠠᠮᠲᠤ᠂ ᠰᠤᠷᠭᠠᠭᠤᠯᠢ ᠠᠴᠠ ᠬᠡᠷ ᠪᠦᠯᠢ ᠰᠤᠷᠭᠠᠭᠤᠯᠢ | ᠨᠡᠶᠢᠭᠡᠮ ᠤᠨ ᠬᠠᠮᠵᠢᠯᠴᠠᠭ᠎ᠠ ᠪᠠᠨ ᠨᠢᠭᠲᠠᠷᠠᠭᠤᠯᠵᠤ᠂ ᠬᠡᠷ ᠤᠨ ᠠᠬᠠᠮᠠᠳ ᠤᠨ ᠣᠢᠢᠯᠠᠭᠠᠯᠲᠠ ᠪᠠ ᠨᠡᠶᠢᠭᠡᠮ ᠤᠨ ᠳᠡᠮᠵᠢᠯᠭᠡ ᠶᠢ ᠴᠢᠷᠮᠠᠶᠢᠨ ᠣᠯᠵᠤ᠂ | ᠰᠤᠷᠤᠭᠴᠢᠳ ᠤᠨ ᠬᠢᠴᠢᠶᠡᠯ ᠤᠨ ᠵᠠᠪᠰᠠᠷᠯᠠᠭ᠎ᠠ ᠶᠢᠨ ᠬᠡᠪ ᠤᠨ ᠬᠦᠳᠡᠯᠭᠡᠭᠡᠨ ᠢ ᠬᠠᠮᠲᠤ ᠪᠠᠷ ᠴᠢᠷᠮᠠᠶᠢᠨ ᠪᠠᠲᠤᠯᠠᠵᠤ᠂ ᠰᠤᠷᠤᠭᠴᠢᠳ ᠤᠨ ᠡᠷᠡᠭᠦᠯ ᠢᠶᠠᠷ | ᠦᠰᠦᠨ ᠪᠤᠶᠢᠵᠢᠬᠤ ᠪᠠ ᠪᠥᠬᠦ ᠲᠠᠯ᠎ᠠ ᠪᠠᠷ ᠬᠥᠭᠵᠢᠬᠦ ᠶᠢ ᠠᠬᠢᠭᠤᠯᠬᠤ ᠬᠡᠷᠡᠭᠲᠡᠶ ᠭᠡᠵᠦ ᠵᠢᠭᠠᠵᠤ ᠭᠠᠷᠭᠠᠪᠠ᠃ | ︵ᠢᠷᠡᠯᠲᠡ᠄ ᠰᠢᠨᠬᠤᠸᠠ ᠰᠦᠯᠵᠢᠶ᠎ᠡ︶ | |