ᠰᠤᠷᠪᠤᠯᠵᠢᠯᠠᠭᠴᠢ ᠪᠠᠶᠠᠨᠨᠠᠭᠤᠷ ᠬᠤᠲᠠ ᠶᠢᠨ ᠭᠠᠭᠴᠠᠮᠣᠳᠣ ᠬᠢᠯᠢ ᠶᠢᠨ ᠪᠣᠭᠤᠮᠲᠠ ᠶᠢᠨ ᠬᠠᠮᠢᠶᠠᠷᠤᠯᠲᠠ ᠶᠢᠨ ᠵᠥᠪᠯᠡᠯ ᠠᠴᠠ ᠣᠶᠢᠯᠠᠭᠠᠭᠰᠠᠨ ᠢᠶᠠᠷ᠂ | 10 ᠰᠠᠷ᠎ᠠ ᠶᠢᠨ 30 ᠤ ᠡᠳᠦᠷ ᠪᠣᠯᠲᠠᠯ᠎ᠠ᠂ ᠭᠠᠭᠴᠠᠮᠣᠳᠣ ᠬᠢᠯᠢ ᠶᠢᠨ ᠪᠣᠭᠤᠮᠲᠠ ᠪᠠᠷ ᠥᠩᠭᠡᠷᠡᠭᠰᠡᠨ ᠪᠠᠷᠠᠭ᠎ᠠ ᠶᠢᠨ ᠬᠡᠮᠵᠢᠶ᠎ᠡ 3004.07 ᠲᠦᠮᠡᠨ | ᠲᠣᠨ ᠢ ᠳᠠᠪᠠᠵᠤ᠂ ᠠᠳᠠᠯᠢ ᠬᠤᠭᠤᠴᠠᠭᠠᠨ ᠤ ᠬᠢ ᠠᠴᠠ 124.96% ᠪᠠᠷ ᠨᠡᠮᠡᠭᠳᠡᠪᠡ᠂ ᠡᠭᠦᠨ ᠳᠤ ᠭᠠᠳᠠᠭᠠᠳᠤ ᠠᠴᠠ ᠣᠷᠣᠭᠤᠯᠤᠭᠰᠠᠨ ᠨᠡᠭᠦᠷᠡᠰᠦ | 2891.33 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 131.53% ᠪᠠᠷ ᠨᠡᠮᠡᠭᠳᠡᠵᠦ᠂ ᠭᠠᠳᠠᠭᠠᠳᠤ ᠠᠴᠠ ᠣᠷᠣᠭᠤᠯᠤᠭᠰᠠᠨ | ᠵᠡᠰ ᠤᠨ ᠨᠠᠷᠢᠯᠢᠭ ᠨᠤᠨᠲᠠᠭ 71.34 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 11.47% ᠪᠠᠷ ᠨᠡᠮᠡᠭᠳᠡᠪᠡ᠃ | ᠭᠠᠳᠠᠭᠠᠳᠤ ᠳᠤ ᠭᠠᠷᠭᠠᠭᠰᠠᠨ ᠪᠠᠷᠠᠭ᠎ᠠ 41.4 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 83.62% ᠢᠶᠠᠷ ᠥᠰᠴᠦ᠂ | ᠭᠠᠭᠴᠠᠮᠤᠳᠤ ᠬᠢᠯᠢ ᠶᠢᠨ ᠪᠣᠭᠤᠮᠲᠠ ᠪᠠᠷ ᠪᠠᠷᠠᠭ᠎ᠠ ᠥᠩᠭᠡᠷᠡᠭᠦᠯᠦᠭᠰᠡᠨ ᠠᠴᠠ ᠨᠠᠭᠠᠰᠢᠬᠢ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠪᠡ᠃ | ᠭᠠᠭᠴᠠᠮᠤᠳᠤ ᠬᠢᠯᠢ ᠶᠢᠨ ᠪᠣᠭᠤᠮᠲᠠ ᠨᠡᠭᠡᠭᠡᠯᠲᠡ ᠬᠢᠭᠰᠡᠨ 31 ᠵᠢᠯ ᠤᠨ ᠲᠤᠷᠰᠢ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠥᠲᠥᠭᠡᠨ | ᠪᠠᠶᠢᠭᠤᠯᠬᠤ ᠶᠡᠭᠡ ᠪᠠᠶᠢᠷᠢᠰᠢᠯ ᠳᠤ ᠢᠳᠡᠪᠬᠢᠲᠡᠶ ᠠᠭᠤᠰᠤᠯᠴᠠᠵᠤ᠂ ᠰᠠᠭᠤᠷᠢ ᠲᠥᠬᠦᠭᠡᠷᠦᠮᠵᠢ ᠶᠢᠨ ᠬᠤᠯᠪᠣᠯᠳᠤᠨ ᠨᠡᠪᠲᠡᠷᠡᠯᠴᠡᠬᠦ᠂ ᠪᠣᠭᠤᠮᠲᠠ ᠥᠩᠭᠡᠷᠡᠬᠦ | ᠬᠠᠮᠲᠤᠷᠠᠯᠴᠠᠭ᠎ᠠ᠂ ᠲᠠᠪᠴᠠᠩ ᠤᠨ ᠬᠠᠮᠲᠤᠷᠠᠯᠴᠠᠭᠠᠨ ᠤ ᠪᠥᠲᠥᠭᠡᠨ ᠪᠠᠶᠢᠭᠤᠯᠤᠯᠲᠠ᠂ ᠭᠠᠳᠠᠭᠠᠳᠤ ᠳᠤ ᠭᠠᠷᠭᠠᠬᠤ ᠵᠢᠮᠢᠰ ᠢᠳᠡᠰᠢᠨ ᠨᠣᠭᠤᠭ᠎ᠠ ᠶᠢᠨ ᠰᠢᠨ᠎ᠡ | ᠵᠠᠮ ᠢ ᠨᠡᠭᠡᠭᠡᠬᠦ ᠵᠡᠷᠭᠡ ᠬᠦᠷᠢᠶᠡᠨ ᠳᠤ ᠲᠠᠰᠤᠷᠠᠯᠲᠠ ᠥᠬᠡᠶ ᠬᠦᠴᠦᠯᠡᠵᠦ᠂ AGV ᠵᠢᠯᠣᠭᠤᠴᠢ ᠥᠬᠡᠶ ᠬᠢᠯᠢ ᠠᠯᠤᠰᠯᠠᠭᠰᠠᠨ ᠲᠡᠭᠡᠭᠡᠪᠦᠷᠢ ᠶᠢᠨ ᠵᠠᠭᠪᠤᠷ ᠨᠢ | ᠪᠣᠭᠤᠮᠲᠠ ᠳᠤ ᠣᠯᠠᠨ ᠬᠡᠯᠪᠡᠷᠢ ᠶᠢᠨ ᠬᠤᠯᠪᠣᠭᠠᠯᠠᠨ ᠲᠡᠭᠡᠭᠡᠪᠦᠷᠢᠯᠡᠬᠦ ᠠᠷᠭ᠎ᠠ ᠵᠠᠮ ᠢ ᠨᠡᠭᠡᠭᠡᠨ ᠥᠭᠴᠦ᠂ ᠪᠣᠭᠤᠮᠲᠠ ᠪᠠᠷ ᠥᠩᠭᠡᠷᠡᠬᠦᠯᠬᠦ ᠴᠢᠳᠠᠪᠤᠷᠢ ᠶᠢ | ᠳᠡᠭᠡᠭᠰᠢᠯᠡᠭᠦᠯᠵᠦ᠂ ᠭᠠᠭᠴᠠᠮᠤᠳᠤ ᠬᠢᠯᠢ ᠶᠢᠨ ᠪᠣᠭᠤᠮᠲᠠ ᠶᠢᠨ ᠵᠢᠯ ᠤᠨ ᠪᠠᠷᠠᠭ᠎ᠠ ᠥᠩᠭᠡᠷᠡᠬᠦᠯᠬᠦ ᠬᠡᠮᠵᠢᠶ᠎ᠡ ᠨᠢ ᠲᠦᠮᠡᠨ ᠲᠣᠨ ᠬᠥᠷᠬᠦ ᠥᠬᠡᠶ | ᠪᠠᠶᠢᠭᠰᠠᠨ ᠠᠴᠠ ᠪᠠᠨ ᠪᠥᠬᠦ ᠤᠯᠤᠰ ᠤᠨ ᠪᠠᠷᠠᠭ᠎ᠠ ᠥᠩᠭᠡᠷᠡᠬᠦᠯᠬᠦ ᠬᠡᠮᠵᠢᠶ᠎ᠡ ᠪᠠᠷ ᠬᠠᠮᠤᠭ ᠤᠨ ᠶᠡᠭᠡ ᠵᠠᠰᠠᠮᠠᠯ ᠵᠠᠮ ᠤᠨ ᠬᠢᠯᠢ ᠶᠢᠨ ᠪᠣᠭᠤᠮᠲᠠ ᠪᠣᠯᠤᠭᠰᠠᠨ | ᠪᠠᠶᠢᠨ᠎ᠠ᠃ | ︽ᠣᠶᠢᠷ᠎ᠠ ᠶᠢᠨ ᠵᠢᠯ ᠠᠴᠠ ᠨᠠᠭᠠᠰᠢ᠂ ︿ᠥᠨᠳᠥᠷ ᠪᠦᠲᠦᠮᠵᠢᠲᠡᠶ ᠪᠣᠭᠤᠮᠲᠠ ᠪᠠᠷ ᠥᠩᠭᠡᠷᠡᠬᠦᠯᠵᠤ﹀᠂ ᠴᠢᠨᠠᠷ ᠰᠠᠶᠢᠲᠠᠶ ᠬᠥᠭᠵᠢᠯᠲᠡ ᠳᠤ ᠬᠦᠴᠦᠨ | ᠨᠡᠮᠡᠷᠢᠯᠡᠬᠦ ᠪᠣᠯ ᠭᠠᠭᠴᠠᠮᠤᠳᠤ ᠬᠢᠯᠢ ᠶᠢᠨ ᠪᠣᠭᠤᠮᠲᠠ ᠶᠢᠨ ︿ᠲᠠᠪᠤᠨ ᠶᠡᠭᠡ ᠡᠭᠦᠷᠭᠡ﹀ ᠪᠠ ᠪᠠᠶᠠᠨᠨᠠᠭᠤᠷ ᠬᠤᠲᠠ ᠶᠢᠨ ᠴᠢᠬᠤᠯᠠ ᠬᠠᠷᠠᠯᠲᠠ ᠪᠠᠶᠢᠷᠢ | ᠲᠣᠭᠲᠠᠭᠠᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠭᠠᠷᠳᠠᠴᠠ ᠪᠤᠯᠤᠨ᠎ᠠ᠃ ᠲᠠᠷᠠᠭᠠᠴᠢ ᠪᠠᠷ ᠭᠠᠭᠴᠠᠮᠤᠳᠤ ᠬᠢᠯᠢ ᠶᠢᠨ ᠪᠣᠭᠤᠮᠲᠠ ︿ | ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ | ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ﹀ ᠢ ᠨᠠᠷᠢᠨ ᠬᠢᠨᠠᠮᠠᠭᠠᠶ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠭᠠᠭᠴᠠᠮᠤᠳᠤ ᠬᠢᠯᠢ ᠶᠢᠨ ᠪᠣᠭᠤᠮᠲᠠ ᠶᠢᠨ ᠬᠢᠯᠢ ᠠᠯᠤᠰᠯᠠᠭᠰᠠᠨ ᠲᠡᠮᠦᠷ ᠵᠠᠮ ᠤᠨ ᠡᠮᠦᠨᠡᠬᠢ ᠬᠤᠭᠤᠴᠠᠭᠠᠨ ᠤ ᠰᠤᠳᠤᠯᠭᠠᠨ ᠪᠠ | ᠪᠥᠲᠥᠭᠡᠨ ᠪᠠᠶᠢᠭᠤᠯᠤᠯᠲᠠ ᠶᠢᠨ ᠠᠵᠢᠯ ᠢ ᠠᠬᠢᠭᠤᠯᠵᠤ᠂ ︿ᠣᠶᠤᠨᠴᠢ ᠬᠢᠯᠢ ᠶᠢᠨ ᠪᠣᠭᠤᠮᠲᠠ﹀᠂ ︿ᠲᠣᠭᠠᠴᠢᠯᠠᠭᠰᠠᠨ ᠤᠯᠤᠰ ᠤᠨ ᠡᠭᠦᠳᠡ﹀ ᠶᠢᠨ | ᠲᠤᠷᠰᠢᠯᠲᠠ ᠶᠢᠨ ᠴᠡᠭ ᠤᠨ ᠪᠥᠲᠥᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠬᠢᠯᠢ ᠶᠢᠨ ᠪᠣᠭᠤᠮᠲᠠ ᠪᠠᠷ ᠥᠩᠭᠡᠷᠡᠬᠦᠯᠬᠦ | ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠣᠯᠠᠨ ᠬᠡᠯᠪᠡᠷᠢ ᠶᠢᠨ ᠬᠤᠯᠪᠣᠭᠠᠯᠠᠨ ᠲᠡᠭᠡᠭᠡᠪᠦᠷᠢᠯᠡᠬᠦ᠂ ᠬᠢᠯᠢ ᠳᠣᠲᠣᠷ᠎ᠠ ᠬᠠᠷᠢᠯᠴᠠᠨ ᠬᠥᠳᠡᠯᠦᠯᠴᠡᠬᠦ᠂ | ᠬᠤᠲᠠ ᠪᠠᠯᠭᠠᠰᠤᠨ ᠤ ᠪᠥᠲᠥᠭᠡᠨ ᠪᠠᠶᠢᠭᠤᠯᠤᠯᠲᠠ ᠳᠤ ᠨᠠᠷᠢᠨ ᠣᠨᠣᠪᠴᠢᠲᠠᠶ ᠬᠦ᠋ᠴᠦᠯᠡᠵᠦ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ | ᠪᠠᠬᠢᠯᠡᠯᠲᠡ ᠶᠢ ᠪᠥᠲᠥᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ︾ ᠭᠡᠮᠡᠨ ᠭᠠᠭᠴᠠᠮᠤᠳᠤ ᠬᠢᠯᠢ ᠶᠢᠨ ᠪᠣᠭᠤᠮᠲᠠ ᠶᠢᠨ ᠬᠠᠮᠢᠶᠠᠷᠤᠯᠲᠠ ᠶᠢᠨ | ᠵᠥᠪᠯᠡᠯ ᠤᠨ ᠳᠡᠳ᠋ ᠡᠷᠬᠢᠯᠡᠭᠴᠢ ᠲᠢᠶᠠᠨ ᠬᠦᠶ ᠬᠤ᠋ ᠲᠠᠨᠢᠯᠴᠠᠭᠤᠯᠤᠭᠰᠠᠨ ᠪᠠᠶᠢᠨ᠎ᠠ᠃ |