ᠤᠷᠠᠳ ᠤᠨ ᠡᠮᠦᠨᠡᠲᠤ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠬᠠᠤᠯᠢ ᠲᠦᠭᠡᠮᠡᠯᠵᠢᠭᠦᠯᠬᠦ ᠮᠡᠳᠡᠯᠭᠡ ᠶᠢᠨ ᠤᠷᠤᠯᠳᠤᠭᠠᠨ ᠥᠷᠨᠢᠭᠦᠯᠪᠡ
ᠨᠡᠶᠢᠲᠡᠯᠡᠭᠰᠡᠨ ᠴᠠᠭ᠄
2023/11/7
    ᠶᠡᠷᠦᠩᠬᠡᠶ ᠱᠦᠵᠢ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠪᠣᠯᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠤᠬᠠᠶ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠤᠬᠠᠭᠤᠯᠵᠤ᠂ ᠺᠠᠳ᠋ᠷ ᠠᠵᠢᠯᠲᠠᠨ ᠤ ᠠᠮᠤᠷ ᠲᠦᠪᠰᠢᠨ ᠤ ᠬᠠᠤᠯᠢᠵᠢᠯ ᠤᠨ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠨ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠬᠠᠤᠯᠢᠵᠢᠯ ᠤᠨ ᠪᠠᠶᠢᠭᠤᠯᠤᠯᠲᠠ ᠶᠢᠨ ᠠᠮᠵᠢᠯᠲᠠ ᠪᠦᠲᠦᠮᠵᠢ ᠶᠢ ᠢᠯᠡᠷᠡᠭᠦᠯᠵᠦ᠂ ᠬᠠᠤᠯᠢ ᠶᠣᠰᠣᠭᠠᠷ ᠪᠠᠴᠢᠮ ᠪᠠᠶᠢᠳᠠᠯ ᠢ ᠠᠷᠭᠠᠴᠠᠭᠠᠬᠤ ᠶᠢ ᠪᠥᠬᠦ ᠲᠠᠯ᠎ᠠ ᠪᠠᠷ ᠠᠬᠢᠭᠤᠯᠬᠤ ᠶᠢᠨ ᠲᠥᠯᠥᠭᠡ᠂ ᠣᠶᠢᠷ᠎ᠠ ᠳᠤ᠂ ᠤᠷᠠᠳ ᠤᠨ ᠡᠮᠦᠨᠡᠲᠤ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠪᠥᠬᠦ ᠺᠠᠳ᠋ᠷ ᠠᠵᠢᠯᠲᠠᠨ ᠢ ᠵᠣᠬᠢᠶᠠᠨ ᠪᠠᠶᠢᠭᠤᠯᠵᠤ  ᠬᠠᠤᠯᠢ ᠲᠦᠭᠡᠮᠡᠯᠵᠢᠭᠦᠯᠬᠦ ᠮᠡᠳᠡᠯᠭᠡ ᠶᠢᠨ ᠤᠷᠤᠯᠳᠤᠭᠠᠨ ᠥᠷᠨᠢᠭᠦᠯᠪᠡ᠃   ᠮᠡᠳᠡᠯᠭᠡ ᠶᠢᠨ ᠤᠷᠤᠯᠳᠤᠭᠠᠨ ᠤ ᠠᠭᠤᠯᠭ᠎ᠠ ᠨᠢ ᠭᠤᠤᠯᠳᠠᠭᠤ ᠦᠨᠳᠦᠰᠦᠨ ᠬᠠᠤᠯᠢ᠂ ᠭᠡᠨᠡᠳᠲᠡ ᠶᠢᠨ ᠬᠡᠷᠡᠭ ᠢ ᠠᠷᠭᠠᠴᠠᠬᠤ ᠬᠠᠤᠯᠢ᠂ ᠠᠶᠥᠯᠬᠦᠢ ᠦᠢᠯᠡᠳᠪᠦᠷᠢᠯᠡᠯ ᠤᠨ ᠬᠠᠤᠯᠢ᠂ ᠭᠠᠯ ᠤᠨᠲᠠᠷᠠᠭᠠᠬᠤ ᠬᠠᠤᠯᠢ᠂ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠬᠠᠤᠯᠢ ᠵᠡᠷᠭᠡ ᠬᠠᠤᠯᠢ ᠴᠠᠭᠠᠵᠠ ᠲᠦᠷᠢᠮ ᠲᠣᠭᠲᠠᠭᠠᠯ ᠵᠢᠴᠢ ᠴᠢᠬᠤᠯᠠ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠠᠭᠤᠯᠭ᠎ᠠ ᠤᠳ ᠢ ᠪᠠᠭᠲᠠᠭᠠᠪᠠ᠃ ᠣᠷᠣᠯᠳᠣᠭᠠᠨ  ᠢᠶᠠᠷ ᠲᠠᠮᠵᠢᠨ ᠥᠷᠭᠡᠨ ᠣᠯᠠᠨ ᠺᠠᠳ᠋ᠷ ᠠᠵᠢᠯᠲᠠᠨ ᠠᠵᠢᠯᠴᠢᠨ ᠤ ᠬᠠᠤᠯᠢ ᠪᠠᠷ ᠵᠠᠰᠠᠬᠤ ᠦᠵᠡᠯᠲᠡ ᠪᠠᠨ ᠴᠢᠩᠭᠠᠳᠬᠠᠨ᠂ ᠬᠠᠤᠯᠢ ᠶᠣᠰᠣᠭᠠᠷ ᠪᠠᠴᠢᠮ ᠪᠠᠶᠢᠳᠠᠯ ᠢ ᠠᠷᠭᠠᠴᠠᠬᠤ ᠶᠢ ᠳᠥᠯᠭᠢᠨ ᠠᠬᠢᠭᠤᠯᠵᠤ᠂ ᠬᠠᠤᠯᠢ ᠪᠠᠷ ᠵᠠᠰᠠᠬᠤ ᠨᠡᠶᠢᠭᠡᠮ ᠤᠨ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠶᠢ ᠵᠣᠷᠢᠭᠰᠠᠨ ᠪᠠᠶᠢᠨ᠎ᠠ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ