ᠡᠨᠡ ᠰᠠᠷ᠎ᠠ ᠠᠴᠠ ᠡᠬᠢᠯᠡᠨ ᠡᠲᠡᠭᠡᠷ ᠦᠵᠡᠮᠵᠢ ᠶᠢᠨ ᠣᠷᠣᠨ ᠡᠭᠦᠳᠡᠨ ᠪᠢᠯᠧᠲ ᠠᠪᠬᠤ ᠥᠬᠡᠶ
ᠨᠡᠶᠢᠲᠡᠯᠡᠭᠰᠡᠨ ᠴᠠᠭ᠄
2023/11/7
   11 ᠰᠠᠷ᠎ᠠ ᠠᠴᠠ ᠡᠬᠢᠯᠡᠨ᠂ ᠪᠣᠳᠠᠯᠠ ᠣᠷᠳᠣᠨ ᠵᠡᠷᠭᠡ ᠪᠥᠬᠦ ᠤᠯᠤᠰ ᠤᠨ ᠣᠯᠠᠨ ᠨᠠᠷᠠᠲᠤ ᠦᠵᠡᠮᠵᠢ ᠶᠢᠨ ᠣᠷᠣᠨ ᠡᠭᠦᠳᠡᠨ ᠪᠢᠯᠧᠲ ᠤᠨ ᠰᠦᠢᠳᠬᠡᠯ ᠬᠤᠷᠢᠶᠠᠬᠤ ᠥᠬᠡᠶ ᠭᠡᠵᠦ ᠨᠡᠶᠢᠲᠡᠯᠡᠪᠠ᠃    ᠪᠣᠳᠠᠯᠠ ᠣᠷᠳᠣᠨ   11 ᠰᠠᠷ᠎ᠠ ᠶᠢᠨ 1 ᠤ ᠡᠳᠦᠷ᠂ ᠪᠣᠳᠠᠯᠠ ᠣᠷᠳᠣᠨ ᠤ ᠬᠠᠮᠢᠶᠠᠷᠤᠯᠲᠠ ᠶᠢᠨ ᠭᠠᠵᠠᠷ ᠮᠡᠳᠡᠭᠳᠡᠯ ᠨᠡᠶᠢᠲᠡᠯᠡᠵᠦ᠂ 2023 ᠣᠨ ᠤ 11 ᠰᠠᠷ᠎ᠠ ᠶᠢᠨ 1 ᠤ ᠡᠳᠦᠷ ᠠᠴᠠ 2024 ᠣᠨ ᠤ 3 ᠰᠠᠷ᠎ᠠ ᠶᠢᠨ 15 ᠤ ᠡᠳᠦᠷ ᠪᠣᠯᠲᠠᠯᠠᠬᠢ ᠬᠤᠭᠤᠴᠠᠭᠠᠨ ᠳᠤ ᠵᠢᠷᠭᠤᠳᠤᠭᠠᠷ ᠡᠭᠡᠯᠵᠢ ᠶᠢᠨ ︽ᠡᠪᠦᠯ ᠤᠨ ᠤᠯᠠᠷᠢᠯ ᠳᠤ ᠲᠥᠪᠡᠳ ᠢᠶᠠᠷ ᠵᠢᠭᠤᠯᠴᠢᠯᠠᠬᠤ︾ ᠠᠵᠢᠯᠯᠠᠭ᠎ᠠ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ ᠭᠡᠵᠦ ᠲᠣᠳᠣᠷᠬᠠᠶ ᠲᠣᠭᠲᠠᠭᠠᠪᠠ᠃ ᠡᠨᠡᠬᠦ ᠬᠤᠭᠤᠴᠠᠭᠠᠨ ᠳᠤ ᠪᠣᠳᠠᠯᠠ ᠣᠷᠳᠣᠨ ᠨᠢ ᠰᠦᠢᠳᠬᠡᠯ ᠬᠤᠷᠢᠶᠠᠬᠤ ᠦᠭᠡᠶ ᠪᠠᠷ ᠤᠷᠢᠳᠴᠢᠯᠠᠨ ᠵᠠᠬᠢᠶᠠᠯᠠᠬᠤ᠂ ᠰᠦᠢᠳᠬᠡᠯ ᠬᠤᠷᠢᠶᠠᠬᠤ ᠦᠭᠡᠶ ᠪᠠᠷ ᠲᠣᠭᠤᠷᠢᠨ ᠦᠵᠡᠬᠦ ᠵᠢᠴᠢ ᠣᠷᠭᠢᠯ ᠤᠨ ᠬᠤᠭᠤᠴᠠᠭ᠎ᠠ ᠶᠢ ᠵᠥᠷᠢᠭᠦᠯᠬᠦ᠂ ᠤᠷᠤᠰᠬᠠᠯ ᠢ ᠬᠢᠵᠠᠭᠠᠷᠯᠠᠬᠤ᠂ ᠤᠷᠢᠳᠴᠢᠯᠠᠨ ᠪᠣᠯᠵᠣᠬᠤ ᠳᠦᠷᠢᠮ ᠢ ᠬᠡᠷᠡᠭᠵᠢᠭᠦᠯᠦᠨ᠎ᠠ᠃   ᠠᠨ ᠶᠤᠸᠠᠢ ᠤᠯᠤᠰ ᠤᠨ ᠥᠮᠴᠢᠯᠡᠯ ᠤᠨ ᠦᠵᠡᠮᠵᠢ ᠶᠢᠨ ᠣᠷᠣᠨ   ︽ᠠᠨ ᠶᠤᠸᠠᠢ ᠶᠢᠨ ᠰᠤᠶᠤᠯ ᠵᠢᠭᠤᠯᠴᠢᠯᠠᠯ︾ ᠶᠢᠨ ᠮᠡᠳᠡᠭᠡ ᠶᠢ ᠦᠨᠳᠦᠰᠦᠯᠡᠪᠡᠯ᠂ 2023 ᠣᠨ ᠤ 11 ᠰᠠᠷ᠎ᠠ ᠶᠢᠨ 1 ᠤ ᠡᠳᠦᠷ ᠠᠴᠠ 2024 ᠣᠨ ᠤ 3 ᠰᠠᠷ᠎ᠠ ᠶᠢᠨ 31 ᠤ ᠡᠳᠦᠷ ᠪᠣᠯᠲᠠᠯ᠎ᠠ᠂  ᠰᠧᠴᠣᠸᠠᠨ ᠮᠤᠵᠢ ᠶᠢᠨ ᠠᠨ ᠶᠤᠸᠠᠢ ᠰᠢᠶᠠᠨ ᠤ ᠤᠯᠤᠰ ᠤᠨ ᠥᠮᠴᠢᠯᠡᠯ ᠤᠨ ᠦᠵᠡᠮᠵᠢ ᠶᠢᠨ ᠣᠷᠣᠨ ᠪᠤᠯᠬᠤ ᠠᠨ ᠶᠤᠸᠠᠢ ᠴᠢᠯᠠᠭᠤᠨ ᠰᠡᠶᠢᠯᠦᠮᠡᠯ · ᠶᠤᠸᠠᠨ ᠵᠢᠤᠸᠠᠢ ᠳ᠋ᠦᠩ ᠦᠵᠡᠮᠵᠢ ᠶᠢᠨ ᠣᠷᠣᠨ᠂ ᠠᠨ ᠶᠤᠸᠠᠢ ᠴᠢᠯᠠᠭᠤᠨ ᠠᠭᠤᠢ · ᠬᠡᠪᠲᠡᠭᠡ ᠪᠤᠷᠬᠠᠨ ᠤ ᠬᠦᠷᠢᠶᠡᠯᠡᠩ ᠤᠨ ᠦᠵᠡᠮᠵᠢ ᠶᠢᠨ ᠣᠷᠣᠨ ᠢ ᠪᠦᠬᠦ ᠤᠯᠤᠰ ᠤᠨ ᠵᠢᠭᠤᠯᠴᠢᠯᠠᠬᠰᠠᠳ ᠲᠤ ᠰᠦᠢᠳᠬᠡᠯ ᠬᠤᠷᠢᠶᠠᠬᠤ ᠦᠭᠡᠢ ᠪᠠᠷ ᠨᠡᠭᠡᠭᠡᠨ᠎ᠡ᠃   ᠵᠤᠤ ᠵᠸᠦ ᠴᠢᠶᠤᠤ ᠬᠥᠭᠦᠷᠭᠡ   ︽ᠵᠣᠣ ᠵᠧᠤ ᠶᠢᠨ ᠨᠡᠶᠢᠲᠡᠯᠡᠯ︾ ᠤᠨ ᠮᠡᠳᠡᠭᠡ ᠶᠢ ᠦᠨᠳᠦᠰᠦᠯᠡᠪᠡᠯ᠂ ᠥᠷᠭᠡᠨ ᠣᠯᠠᠨ ᠵᠢᠭᠤᠯᠴᠢᠯᠠᠬᠰᠠᠳ ᠲᠤ ᠨᠠᠩ ᠰᠠᠶᠢᠨ ᠵᠢᠭᠤᠯᠴᠢᠯᠠᠯ ᠤᠨ ᠪᠡᠶᠡᠴᠢᠯᠡᠨ ᠣᠢᠢᠯᠠᠭᠠᠯᠲᠠ ᠣᠯᠭᠤᠬᠤ ᠶᠢᠨ ᠲᠥᠯᠥᠭᠡ᠂ ᠵᠣᠣ ᠵᠧᠤ ᠴᠢᠶᠣᠤ ᠦᠵᠡᠮᠵᠢ ᠶᠢᠨ ᠣᠷᠣᠨ 2023 ᠣᠨ ᠤ 11 ᠰᠠᠷ᠎ᠠ ᠶᠢᠨ 1 ᠤ ᠡᠳᠦᠷ ᠠᠴᠠ ᠡᠬᠢᠯᠡᠨ ᠪᠢᠯᠧᠲ ᠬᠤᠳᠠᠯᠳᠤᠬᠤ ᠪᠠᠨ ᠵᠣᠭᠰᠣᠵᠤ᠂ ᠰᠦᠢᠳᠬᠡᠯ ᠬᠤᠷᠢᠶᠠᠬᠤ ᠥᠬᠡᠶ ᠪᠠᠷ ᠣᠯᠠᠨ ᠨᠡᠶᠢᠲᠡ ᠳᠤ ᠨᠡᠭᠡᠭᠡᠬᠦ ᠪᠠᠷ ᠲᠣᠭᠲᠠᠪᠠ᠃ ᠾᠤᠪᠸᠢ ᠮᠤᠵᠢ ᠶᠢᠨ ᠱᠢ ᠵᠢᠶᠠ ᠵᠤᠸᠠᠩ ᠬᠤᠲᠠ ᠶᠢᠨ ᠵᠣᠣ ᠰᠢᠶᠠᠨ ᠳᠤ ᠪᠠᠶᠢᠭ᠎ᠠ ᠵᠤᠤ ᠵᠸᠦ ᠴᠢᠶᠤᠤ ᠬᠥᠭᠦᠷᠭᠡ ᠶᠢ ᠰᠦᠶ ᠤᠯᠤᠰ ᠤᠨ ᠦᠶ᠎ᠡ ᠠᠴᠠ ᠡᠬᠢᠯᠡᠨ ᠪᠠᠶᠢᠭᠤᠯᠵᠤ᠂ ᠣᠲᠣ ᠪᠣᠯᠲᠠᠯ᠎ᠠ ᠨᠢᠭᠡᠨᠲᠡ 1400 ᠭᠠᠷᠤᠶ ᠵᠢᠯ ᠤᠨ ᠲᠡᠦᠬᠡ ᠲᠠᠢ ᠪᠣᠯᠵᠣ᠂ ︽ᠳᠡᠯᠡᠬᠡᠶ ᠳᠡᠭᠡᠷᠡᠬᠢ ᠨᠢᠭᠡᠳᠦᠭᠡᠷ ᠬᠥᠭᠦᠷᠭᠡ︾ ᠬᠡᠮᠡᠭᠳᠡᠭᠰᠡᠨ ᠪᠠᠶᠢᠨ᠎ᠠ᠃ᠳ᠋ᠠ ᠢ ᠱᠠᠨ ᠠᠭᠤᠯᠠ  ᠵᠢᠶᠠᠩᠰᠦ ᠮᠤᠵᠢ ᠶᠢᠨ ᠯᠢᠶᠠᠨ ᠶᠦᠨ ᠭᠠᠩ ᠬᠤᠳᠠ ᠶᠢᠨ ᠭᠤᠸᠠᠨ ᠶᠦᠨ ᠰᠢᠶᠠᠨ ᠤ ᠳ᠋ᠠ ᠢ ᠱᠠᠨ ᠠᠭᠤᠯᠠᠨ ᠤ ᠦᠵᠡᠮᠵᠢ ᠶᠢᠨ ᠣᠷᠣᠨ 11 ᠰᠠᠷ᠎ᠠ ᠶᠢᠨ 1 ᠤ ᠡᠳᠦᠷ ᠠᠯᠪᠠᠨ ᠵᠠᠷᠯᠠᠯ ᠨᠡᠶᠢᠲᠡᠯᠡᠵᠦ᠂ 2023 ᠣᠨ ᠤ 11 ᠰᠠᠷ᠎ᠠ ᠶᠢᠨ 1 ᠤ ᠡᠳᠦᠷ ᠠᠴᠠ 2024 ᠣᠨ ᠤ 2 ᠰᠠᠷ᠎ᠠ ᠶᠢᠨ 29 ᠤ ᠡᠳᠦᠷ ᠪᠣᠯᠲᠠᠯ᠎ᠠ ︵ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭ᠎ᠠ ᠪᠠᠭᠲᠠᠬᠤ ᠦᠭᠡᠢ︶ ᠡᠭᠦᠳᠡᠨ ᠪᠢᠯᠧᠲ ᠠᠪᠬᠤ ᠦᠭᠡᠢ᠃ 11 ᠰᠠᠷ᠎ᠠ ᠶᠢᠨ 1 ᠤ ᠡᠳᠦᠷ ᠠᠴᠠ ᠡᠬᠢᠯᠡᠨ᠂ ᠦᠵᠡᠮᠵᠢ ᠶᠢᠨ ᠣᠷᠣᠨ ᠤ ᠨᠡᠭᠡᠭᠡᠯᠲᠡ ᠬᠢᠬᠦ ᠴᠠᠭ ᠢ 8᠄ 00 ~ 17᠄ 00 ᠪᠣᠯᠭᠠᠨ ᠲᠣᠬᠢᠷᠠᠭᠤᠯᠪᠠ᠃    ︵ᠢᠷᠡᠯᠲᠡ᠄ ᠰᠢᠨᠬᠤᠸᠠ ᠬᠤᠷᠢᠶ᠎ᠠ︶
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ