ᠡᠨᠡ ᠬᠦ ᠲᠠᠪᠴᠠᠩ ᠢ ᠨᠡᠶᠢᠭᠡᠮ ᠨᠡᠶᠢᠲᠡ ᠳᠤ ᠴᠢᠯᠦᠭᠡᠲᠡᠢ ᠨᠡᠭᠡᠭᠡᠯ᠎ᠡ
ᠨᠡᠶᠢᠲᠡᠯᠡᠭᠰᠡᠨ ᠴᠠᠭ᠄
2023/11/7
   1.7 ᠳ᠋ᠦᠩᠰᠢᠭᠤᠷ ᠬᠤᠪᠢ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠤᠷᠪᠤᠯᠵᠢ ᠪᠢᠴᠢᠭ ᠢ ᠡᠷᠢᠵᠦ ᠣᠯᠵᠤ ᠪᠣᠯᠬᠤ ᠨᠡᠶᠢᠲᠡ ᠶᠢᠨ ᠠᠰᠠᠷᠠᠮᠵᠢ ᠶᠢᠨ ᠲᠠᠪᠴᠠᠩ ᠭᠠᠷᠴᠠᠢ︕ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠵᠡᠷᠭᠡ ᠨᠢᠭᠡᠴᠢ ᠠᠴᠠ ᠬᠠᠮᠲᠤᠷᠠᠨ ᠪᠠᠶᠢᠭᠤᠯᠤᠭᠰᠠᠨ PubScholar ᠨᠡᠶᠢᠲᠡ ᠶᠢᠨ ᠠᠰᠠᠷᠠᠮᠵᠢ ᠶᠢᠨ ᠡᠷᠳᠡᠮ ᠰᠢᠨᠵᠢᠯᠡᠭᠡᠨ ᠤ ᠲᠠᠪᠴᠠᠩ ᠢ ᠨᠡᠶᠢᠭᠡᠮ ᠨᠡᠶᠢᠲᠡ ᠳᠤ ᠬᠠᠨᠳᠤᠭᠤᠯᠤᠨ ᠵᠢᠩᠬᠢᠨᠢ ᠪᠠᠷ ᠨᠡᠭᠡᠭᠡᠵᠠᠢ᠃

6383460691154038867655448.jpg

     ᠲᠤᠰ ᠲᠠᠪᠴᠠᠩ ᠠᠩᠬᠠᠨ ᠤ ᠬᠤᠭᠤᠴᠠᠭᠠᠨ ᠳᠠᠭᠠᠨ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠰᠢᠨᠵᠢᠯᠡᠬᠦ ᠤᠬᠠᠭᠠᠨ

ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠡᠬᠢ ᠪᠠᠶᠠᠯᠢᠭ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠪᠯᠡᠯ ᠤᠨ ᠡᠬᠢ ᠪᠠᠶᠠᠯᠢᠭ ᠪᠠ ᠡᠷᠳᠡᠮ

ᠰᠢᠨᠵᠢᠯᠡᠭᠡᠨ ᠤ ᠰᠤᠯᠢᠯᠴᠠᠭᠠᠨ ᠤ ᠡᠬᠢ ᠪᠠᠶᠠᠯᠢᠭ ᠢ ᠡᠮᠬᠢᠯᠡᠨ ᠴᠤᠭᠯᠠᠭᠤᠯᠵᠠᠢ᠃ ᠡᠭᠦᠨ ᠳᠤ ᠬᠤᠭᠤᠴᠠᠭᠠᠲᠤ ᠰᠡᠳᠬᠦᠯ ᠤᠨ ᠥᠭᠦᠯᠡᠯ᠂ ᠡᠷᠳᠡᠮ ᠤᠨ ᠴᠣᠯᠠ

ᠬᠠᠮᠠᠭᠠᠯᠠᠬᠤ ᠥᠭᠦᠯᠡᠯ᠂ ᠨᠡᠶᠢᠲᠡᠯᠡᠬᠦ ᠪᠠᠷ ᠪᠠᠶᠢᠭ᠎ᠠ ᠥᠭᠦᠯᠡᠯ᠂ ᠲᠤᠰᠬᠠᠢ ᠠᠰᠢᠭ ᠤᠨ ᠰᠤᠷᠪᠤᠯᠵᠢ ᠪᠢᠴᠢᠭ᠂ ᠰᠢᠨᠵᠢᠯᠡᠭᠡᠨ ᠤ ᠬᠦᠷᠢᠶᠡᠨ ᠳᠠᠬᠢ ᠲᠦᠷᠭᠡᠨ

ᠮᠡᠳᠡᠭᠡ᠂ ᠬᠥᠳᠡᠯᠦᠩᠭᠦᠢ ᠲᠦᠷᠭᠡᠨ ᠮᠡᠳᠡᠭᠡ᠂ ᠰᠢᠨᠵᠢᠯᠡᠬᠦ ᠤᠬᠠᠭᠠᠨ ᠤ ᠳ᠋ᠠᠶᠢᠲ᠋ᠠ᠂ ᠨᠣᠮ ᠪᠢᠴᠢᠭ ᠤᠨ ᠲᠤᠰᠬᠠᠢ ᠪᠦᠲᠦᠭᠡᠯ ᠵᠡᠷᠭᠡ ᠠᠭᠤᠯᠭ᠎ᠠ ᠪᠠᠭᠲᠠᠨ᠎ᠠ᠃

   ᠣᠳᠣᠬᠠᠨ ᠳᠤ ᠲᠤᠰ ᠲᠠᠪᠴᠠᠩ ᠢᠶᠠᠷ ᠳᠠᠮᠵᠢᠨ ᠡᠷᠢᠵᠦ ᠪᠣᠯᠬᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠷᠪᠤᠯᠵᠢ ᠪᠢᠴᠢᠭ ᠤᠨ ᠡᠬᠢ

ᠪᠠᠶᠠᠯᠢᠭ ᠤᠨ ᠬᠡᠮᠵᠢᠶ᠎ᠡ ᠪᠠᠷᠤᠭ 1.7 ᠳ᠋ᠦᠩᠰᠢᠭᠤᠷ ᠬᠤᠪᠢ ᠪᠠᠶᠢᠨ᠎ᠠ᠃

     ᠢᠷᠡᠯᠲᠡ᠄ ᠰᠢᠨᠬᠤᠸᠠ ᠬᠤᠷᠢᠶ᠎ᠠ

ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ