ᠮᠠᠨ ᠤ ᠤᠷᠤᠨ HPV ᠸᠠᠺᠼᠢᠨ ᠤ ᠬᠠᠩᠭᠠᠯᠭ᠎ᠠ ᠶᠢ ᠨᠡᠮᠡᠭᠳᠡᠭᠦᠯᠬᠦ ᠪᠠᠷ ᠪᠣᠶ
ᠨᠡᠶᠢᠲᠡᠯᠡᠭᠰᠡᠨ ᠴᠠᠭ᠄
2023/11/7
   ᠥᠪᠡᠷᠲᠡᠭᠡᠨ ᠵᠠᠰᠠᠬᠤ ᠣᠷᠣᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠣᠪᠴᠢᠶ᠎ᠠ  ᠠᠴᠠ ᠣᠶᠢᠯᠠᠭᠠᠭᠰᠠᠨ ᠢᠶᠠᠷ᠂ ᠮᠠᠨ ᠤ ᠤᠷᠤᠨ 11 ᠰᠠᠷ᠎ᠠ  ᠠᠴᠠ ᠡᠬᠢᠯᠡᠨ ᠪᠥᠬᠦ ᠣᠷᠣᠨ ᠤ ᠡᠯ᠎ᠡ ᠠᠶᠢᠮᠠᠭ ᠬᠤᠲᠠ ᠳᠤ 9 ᠸᠠᠯᠧᠨ᠋ᠳ᠋ᠲᠤ HPV ᠸᠠᠺᠼᠢᠨ ᠤ ᠬᠠᠩᠭᠠᠯᠭ᠎ᠠ ᠶᠢᠨ ᠬᠡᠮᠵᠢᠶ᠎ᠡ ᠶᠢ ᠨᠡᠮᠡᠭᠳᠡᠭᠦᠯᠬᠦ ᠪᠠᠷ ᠪᠣᠶ᠃   ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠮᠠᠨ ᠤ ᠤᠷᠤᠨ ᠤ ᠥᠷᠭᠡᠨ ᠣᠯᠠᠨ ᠲᠤᠬᠢᠷᠠᠬᠤ ᠨᠠᠰᠤᠨ ᠤ ᠡᠮᠡᠭᠲᠡᠶᠢᠴᠦᠳ ᠤᠨ HPV ᠸᠠᠺᠼᠢᠨ ᠤ ᠲᠠᠷᠢᠯᠭ᠎ᠠ ᠶᠢᠨ ᠬᠡᠷᠡᠭᠴᠡᠭᠡ ᠶᠢ ᠤᠯᠠᠮ ᠨᠢᠭᠡ ᠠᠯᠬᠤᠮ ᠬᠠᠩᠭᠠᠵᠤ᠂ ᠥᠷᠭᠡᠨ ᠣᠯᠠᠨ ᠡᠮᠡᠭᠲᠡᠶᠢᠴᠦᠳ ᠤᠨ ᠪᠡᠶ᠎ᠡ ᠮᠠᠬᠠᠪᠤᠳ ᠤᠨ ᠡᠷᠡᠭᠦᠯ ᠮᠡᠨᠳᠦ ᠪᠠ ᠠᠮᠢ ᠪᠡᠶ᠎ᠡ ᠶᠢᠨ ᠠᠰᠢᠭ ᠲᠤᠰᠠ ᠶᠢ ᠬᠠᠮᠠᠭᠠᠯᠠᠬᠤ ᠶᠢᠨ ᠲᠥᠯᠥᠭᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠣᠪᠴᠢᠶ᠎ᠠ HPV ᠸᠠᠺᠼᠢᠨ ᠤ ᠬᠠᠩᠭᠠᠯᠭ᠎ᠠ ᠶᠢᠨ ᠠᠵᠤ ᠠᠬᠤᠶᠢᠯᠠᠯ ᠲᠠᠢ ᠢᠳᠡᠪᠬᠢᠲᠡᠢ ᠪᠠᠷ ᠵᠥᠪᠳᠡᠯᠴᠡᠵᠦ ᠪᠠᠶᠢᠭᠠᠳ ᠸᠠᠺᠼᠢᠨ ᠤ ᠬᠠᠩᠭᠠᠯᠭ᠎ᠠ ᠶᠢᠨ ᠬᠡᠮᠵᠢᠶ᠎ᠡ ᠶᠢ ᠨᠡᠮᠡᠭᠳᠡᠭᠦᠯᠬᠦ ᠪᠠᠷ ᠪᠤᠯᠵᠠᠢ᠃ ᠣᠳᠣᠬᠠᠨ ᠳᠤ ᠡᠯ᠎ᠡ ᠠᠶᠢᠮᠠᠭ ᠬᠤᠲᠠ ᠶᠢᠨ HPV ᠸᠠᠺᠼᠢᠨ ᠢ ᠨᠢᠭᠡᠨᠲᠡ ᠵᠠᠯᠭᠠᠭ᠎ᠠ ᠪᠠᠷ ᠬᠦᠷᠭᠡᠭᠰᠡᠨ ᠪᠣᠯᠬᠤᠷ᠂ ᠪᠥᠬᠦ ᠣᠷᠣᠨ ᠳᠤ 11 ᠰᠠᠷ᠎ᠠ ᠶᠢᠨ ᠳᠤᠮᠳᠠᠴᠢ ᠠᠴᠠ ᠡᠬᠢᠯᠡᠨ ︽ᠮᠦᠩᠬᠡ ᠰᠤᠪᠠᠭ︾ APP ᠪᠠᠷ ᠳᠠᠮᠵᠢᠭᠤᠯᠤᠨ ᠤᠷᠢᠳᠴᠢᠯᠠᠨ ᠪᠣᠯᠵᠣᠬᠤ ᠳ᠋ᠤᠭᠠᠷ ᠬᠠᠩᠭᠠᠬᠤ ᠪᠠᠷ ᠪᠣᠶ᠃   HPV ᠸᠠᠺᠼᠢᠨ ᠤ ᠲᠠᠷᠢᠯᠭ᠎ᠠ ᠪᠣᠯ ᠰᠠᠪᠠ ᠶᠢᠨ ᠬᠦᠵᠦᠭᠦᠨ ᠤ ᠥᠮᠡᠨ ᠵᠢᠴᠢ ᠬᠤᠯᠪᠣᠭᠳᠠᠯ ᠪᠦᠬᠦᠢ ᠡᠪᠡᠳᠴᠢᠨ ᠡᠮᠭᠡᠭ ᠢ ᠰᠡᠷᠭᠡᠶᠢᠯᠡᠬᠦ ᠪᠦᠲᠦᠮᠵᠢᠲᠡᠶ ᠠᠷᠭ᠎ᠠ ᠮᠥᠨ᠂ ᠲᠣᠰ ᠸᠠᠺᠼᠢᠨ ᠨᠢ ᠡᠭᠡᠯᠢᠯᠡᠭᠡ ᠶᠢᠨ ᠲᠥᠯᠦᠪᠵᠢᠭᠦᠯᠭᠡ ᠶᠢᠨ ᠪᠤᠰᠤ ᠸᠠᠺᠼᠢᠨ ᠮᠥᠨ᠂ ᠣᠯᠠᠨ ᠲᠦᠮᠡᠨ ᠰᠠᠶᠢᠨ ᠳᠤᠷ᠎ᠠ ᠠᠴᠠ ᠪᠠᠨ ᠥᠪᠡᠷ ᠤᠨ ᠰᠦᠢᠳᠬᠡᠯ ᠢᠶᠠᠷ ᠢᠶᠠᠨ ᠲᠠᠷᠢᠯᠭ᠎ᠠ ᠬᠢᠳᠡᠭ᠂ 9 - 45 ᠨᠠᠰᠤᠨ ᠤ ᠡᠮᠡᠭᠲᠡᠶᠢᠴᠦᠳ ᠲᠤ ᠲᠤᠬᠢᠷᠠᠨ᠎ᠠ᠃ ᠲᠠᠷᠢᠬᠤ ᠱᠠᠭᠠᠷᠳᠠᠯᠭ᠎ᠠ ᠲᠠᠢ ᠲᠤᠬᠢᠷᠠᠬᠤ ᠨᠠᠰᠤᠨ ᠤ ᠬᠥᠮᠥᠰ ︽ᠮᠦᠩᠬᠡ ᠰᠤᠪᠠᠭ︾ ᠲᠤ ᠳᠠᠩᠰᠠᠯᠠᠭᠤᠯᠤᠭᠰᠠᠨ ᠤ ᠳᠠᠷᠠᠭ᠎ᠠ᠂ ᠲᠦᠷᠦᠭᠦᠤ ᠨᠢᠭᠤᠷ ᠲᠠᠬᠢ HPV ᠸᠠᠺᠼᠢᠨ ᠤ ᠲᠠᠷᠢᠯᠭ᠎ᠠ ᠶᠢᠨ ᠬᠤᠯᠪᠤᠭᠠᠰᠤ ᠪᠠᠷ ᠤᠷᠤᠵᠤ ᠤᠷᠢᠳᠴᠢᠯᠠᠨ ᠪᠣᠯᠵᠣᠵᠤ ᠪᠣᠯᠣᠨ᠎ᠠ᠃   9 ᠸᠠᠯᠧᠨ᠋ᠳ᠋ᠲᠤ HPV ᠸᠠᠺᠼᠢᠨ ᠤ ᠲᠠᠷᠢᠯᠭ᠎ᠠ ᠲᠠᠷᠢᠬᠤ ᠬᠥᠮᠥᠨ ᠤ ᠲᠤᠭ᠎ᠠ ᠨᠡᠯᠢᠶᠡᠳ ᠣᠯᠠᠨ ᠪᠠᠶᠢᠬᠤ ᠤᠴᠢᠷ ᠠᠴᠠ ᠤᠷᠢᠳᠴᠢᠯᠠᠨ ᠪᠣᠯᠵᠣᠭᠰᠠᠨ ᠦᠭᠡᠢ ᠬᠥᠮᠥᠰ ᠬᠦᠯᠢᠴᠡᠩᠭᠦᠢ ᠪᠠᠷ ᠬᠦᠯᠢᠶᠡᠬᠦ ᠶᠢ ᠰᠠᠨᠠᠭᠤᠯᠵᠤ ᠪᠠᠶᠢᠨ᠎ᠠ᠂ ᠰᠠᠷ᠎ᠠ ᠪᠦᠷᠢ ᠤᠷᠢᠳᠴᠢᠯᠠᠨ ᠪᠤᠯᠵᠤᠬᠤ ᠶᠢ ᠨᠡᠭᠡᠭᠡᠬᠦ ᠤᠴᠢᠷ ᠠᠴᠠ ᠲᠠᠷᠢᠵᠤ ᠳᠡᠶᠢᠯᠬᠦ ᠪᠦᠬᠦᠨ ᠳᠤ ᠴᠦᠮ ᠲᠠᠷᠢᠬᠤ ᠪᠠᠷ ᠴᠢᠷᠮᠠᠶᠢᠨ᠎ᠠ ᠭᠡᠵᠦ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠣᠪᠴᠢᠶ᠎ᠠ ᠶᠢᠨ ᠬᠢᠨ ᠢᠯᠡᠷᠬᠡᠶᠢᠯᠡᠵᠡᠢ᠃   ᠢᠷᠡᠯᠲᠡ᠄ ᠰᠢᠨᠬᠤᠸᠠ ᠰᠦᠯᠵᠢᠶ᠎ᠡ
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ