ᠣᠷᠠᠳ ᠤᠨ ᠡᠮᠦᠨᠡᠲᠤ ᠬᠤᠰᠢᠭᠤᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ᠄ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2023/11/8
    ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠶ ᠵᠣᠯᠭᠠᠭᠤᠯᠬᠤ ᠰᠢᠢᠳᠪᠦᠷᠢᠲᠣ ᠪᠣᠳᠣᠯᠭ᠎ᠠ ᠪᠠ ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠤᠷᠠᠳ ᠤᠨ ᠡᠮᠦᠨᠡᠲᠦ ᠬᠤᠰᠢᠭᠤᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠂ ᠡᠯ᠎ᠡ ᠰᠤᠮᠤ ᠪᠠᠯᠭᠠᠰᠤ᠂ ᠲᠠᠷᠢᠶᠠᠯᠠᠩ ᠮᠠᠯ ᠠᠵᠤ ᠠᠬᠤᠶ ᠵᠢᠭᠠᠰᠤᠨ ᠲᠠᠯᠠᠪᠠᠶ᠂ ᠡᠯ᠎ᠡ ᠡᠷᠡᠭᠦᠯ ᠬᠠᠮᠠᠭᠠᠯᠠᠯ ᠤᠨ ᠬᠤᠷᠢᠶ᠎ᠠ ᠪᠠᠷ ᠭᠦᠨᠵᠡᠭᠡᠶᠢᠷᠡᠨ᠂ ᠶᠠᠳᠠᠭᠤ ᠠᠴᠠ ᠠᠩᠭᠢᠵᠢᠷᠠᠭᠰᠠᠨ ᠡᠷᠦᠬᠡ᠂ ᠤᠨᠳᠤᠤ ᠭᠠᠵᠠᠷ ᠲᠤ ᠨᠡᠭᠦᠯᠭᠡᠭᠰᠡᠨ ᠡᠷᠦᠬᠡ᠂ ᠡᠩ ᠤᠨ ᠡᠷᠦᠬᠡ ᠵᠡᠷᠭᠡ ᠳᠤ ᠭᠦᠨᠵᠡᠭᠡᠶᠢᠷᠡᠨ᠂ ᠡᠮᠴᠢᠯᠡᠭᠡᠨ ᠤ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠪᠠ ᠲᠠᠶᠢᠯᠤᠮᠵᠢ ᠬᠢᠪᠠ᠃    ᠲᠣᠰ ᠲᠣᠪᠴᠢᠶ᠎ᠠ ᠠᠴᠠ ᠲᠤᠰᠬᠠᠶ ᠠᠵᠢᠯ ᠤᠨ ᠬᠢᠨᠠᠨ ᠵᠢᠯᠣᠭᠤᠳᠬᠤ ᠳᠤᠭᠤᠶᠢᠯᠠᠩ ᠪᠠᠶᠢᠭᠤᠯᠵᠤ᠂ ᠪᠥᠬᠦ ᠬᠤᠰᠢᠭᠤᠨ ᠤ  ᠶᠠᠳᠠᠭᠤ ᠠᠴᠠ ᠠᠩᠭᠢᠵᠢᠷᠠᠭᠰᠠᠨ ᠡᠷᠦᠬᠡ ᠳᠤ ᠬᠦᠷᠴᠦ᠂ ᠲᠡᠳᠡᠨ ᠤ ᠡᠷᠡᠭᠦᠯ ᠮᠡᠨᠳᠦ ᠶᠢᠨ ᠪᠠᠶᠢᠳᠠᠯ᠂ ᠡᠭᠦᠳᠡᠨ ᠡᠮᠨᠡᠯᠭᠡ ᠶᠢᠨ ᠣᠨᠴᠠᠭᠠᠶ ᠤᠵᠢᠭ ᠡᠪᠡᠳᠴᠢᠨ ᠢ ᠪᠣᠳᠠᠲᠠᠶᠢᠵᠢᠭᠤᠯᠤᠭᠰᠠᠨ ᠡᠰᠡᠬᠦ ︔ ᠮᠠᠯᠴᠢᠨ ᠲᠠᠷᠢᠶᠠᠴᠢᠨ ᠤ ᠡᠮᠨᠡᠯᠭᠡ ᠳᠤ ᠰᠠᠭᠤᠭᠰᠠᠨ ᠪᠣᠯ ᠴᠠᠭ ᠲᠤᠬᠠᠶ ᠳᠤᠨᠢ ᠳᠠᠩᠰᠠ ᠴᠠᠶᠢᠷᠠᠭᠤᠯᠣᠭᠰᠠᠨ ᠡᠰᠡᠬᠦ︔ ᠦᠨᠳᠦᠰᠦᠨ ᠡᠮ ᠡᠮᠨᠡᠯᠭᠡ ᠶᠢᠨ ᠳᠠᠭᠠᠳᠬᠠᠯ᠂ ᠬᠦᠨᠳᠦ ᠡᠪᠡᠳᠴᠢᠨ ᠤ ᠬᠤᠶᠠᠳᠠᠬᠢ ᠨᠥᠬᠦᠪᠥᠷᠢ᠂ ᠡᠮ ᠡᠮᠨᠡᠯᠭᠡ ᠶᠢᠨ ᠠᠪᠤᠷᠠᠨ ᠲᠤᠰᠠᠯᠠᠬᠤ ︽ᠭᠤᠷᠪᠠᠨ ᠵᠦᠢᠯ ᠤᠨ ᠪᠠᠲᠤᠯᠠᠭ᠎ᠠ︾ ᠨᠢ ᠬᠡᠪ ᠤᠨ ᠶᠣᠰᠣᠭᠠᠷ ᠪᠦᠬᠦᠨ ᠢᠶᠠᠷ ᠢᠶᠠᠨ ᠬᠠᠷᠠᠭᠠᠯᠵᠠᠯ ᠬᠦᠷᠲᠡᠵᠦ ᠪᠠᠶᠢᠬᠤ ᠶᠢ ᠪᠦᠬᠦ ᠲᠠᠯ᠎ᠠ ᠪᠠᠷ ᠣᠶᠢᠯᠠᠭᠠᠨ ᠪᠠᠶᠢᠴᠠᠭᠠᠬᠤ  ᠶᠢᠨ ᠬᠠᠮᠲᠣ᠂ ᠣᠷᠣᠰᠢᠵᠤ ᠪᠠᠶᠢᠭ᠎ᠠ ᠠᠰᠠᠭᠤᠳᠠᠯ ᠢ ᠰᠤᠳᠤᠯᠤᠨ ᠮᠠᠭᠠᠳᠯᠠᠵᠤ ᠵᠠᠳᠠᠯᠤᠨ ᠰᠢᠨᠵᠢᠯᠡᠵᠦ᠂ ᠠᠰᠠᠭᠤᠳᠠᠯ ᠢ ᠴᠡᠭᠴᠡᠯᠡᠨ ᠦᠭᠡᠷᠡᠴᠢᠯᠡᠵᠦ᠂ ᠲᠤᠭ᠎ᠠ ᠪᠠᠷᠢᠮᠲᠠ ᠶᠢ ᠵᠠᠳᠠᠯᠤᠨ ᠰᠢᠨᠵᠢᠯᠡᠵᠦ ᠬᠢᠨᠠᠨ ᠬᠡᠮᠵᠢᠵᠤ᠂ ᠠᠰᠠᠭᠤᠳᠠᠯ ᠢ ᠠᠯᠢ ᠲᠦᠷᠭᠡᠨ ᠢᠶᠠᠷ ᠰᠢᠢᠳᠪᠦᠷᠢᠯᠡᠬᠦ ᠶᠢ  ᠪᠠᠲᠣᠯᠠᠪᠠ᠃   ᠤᠷᠠᠳ ᠤᠨ ᠡᠮᠦᠨᠡᠲᠦ ᠬᠤᠰᠢᠭᠤᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠬᠤᠷᠢᠭ᠎ᠠ ᠱᠤᠭᠤᠮ ᠤᠨ ᠰᠡᠳᠬᠢᠬᠦᠶ ᠶᠢ ᠪᠠᠲᠤ ᠪᠣᠶ ᠪᠣᠯᠭᠠᠨ᠂ ᠬᠠᠷᠢᠭᠤᠴᠠᠯᠭ᠎ᠠ ᠶᠢ ᠦᠷᠭᠦᠯᠵᠢᠯᠡᠨ ᠴᠢᠩᠭ᠎ᠠ ᠪᠣᠳᠠᠲᠠᠶᠢᠵᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠭᠦᠨᠵᠡᠭᠡᠶᠢᠷᠡᠭᠦᠯᠦᠨ ᠪᠠᠬᠢᠵᠢᠭᠦᠯᠵᠦ᠂ ᠡᠮᠨᠡᠯᠭᠡ ᠶᠢᠨ ᠪᠠᠲᠤᠯᠠᠭ᠎ᠠ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠪᠦᠲᠦᠮᠵᠢᠲᠡᠢ ᠵᠣᠯᠭᠠᠭᠤᠯᠬᠤ ᠳᠤ  ᠬᠦᠴᠦᠨ ᠨᠡᠮᠡᠷᠢᠯᠡᠪᠡ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ