ᠰᠠᠭᠠᠳᠠᠭ ᠰᠤᠮᠤ ᠴᠡᠪᠡᠷᠯᠡᠭᠴᠢ ᠶᠢ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/11/9
   ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠵᠤ᠂ ᠳᠤᠮᠳᠠᠳᠤ ᠤᠯᠤᠰ ᠤᠨ ᠠᠵᠢᠯᠴᠢᠨ ᠤ ᠡᠪᠯᠡᠯ ᠤᠨ ᠠᠷᠪᠠᠨ ᠨᠠᠢᠮᠠᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠣᠷᠴᠢᠨ ᠲᠣᠭᠤᠷᠢᠨ ᠤ ᠠᠷᠢᠭᠤᠨ ᠴᠡᠪᠡᠷ ᠢ ᠡᠷᠬᠢᠮᠯᠡᠨ᠂ ᠠᠵᠢᠯᠴᠢᠨ ᠢ ᠬᠠᠯᠠᠮᠵᠢᠯᠠᠨ᠂ ᠣᠷᠴᠢᠨ ᠲᠣᠭᠤᠷᠢᠨ ᠤ ᠠᠷᠢᠭᠤᠨ ᠴᠡᠪᠡᠷ ᠢ ᠬᠠᠮᠠᠭᠠᠯᠠᠬᠤ ᠦᠷ᠎ᠡ ᠪᠦᠲᠦᠭᠡᠯ ᠢ ᠨᠠᠨᠳᠢᠩᠨᠠᠵᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠦᠷᠭᠦᠯᠵᠢᠯᠡᠨ ᠪᠤᠢ ᠪᠣᠯᠭᠠᠬᠤ ᠶᠢᠨ ᠲᠥᠯᠥᠭᠡ᠂ ᠤᠷᠠᠳ ᠤᠨ ᠡᠮᠦᠨᠡᠲᠦ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠪᠠ ᠰᠠᠭᠠᠳᠠᠭ ᠰᠣᠮᠣ ᠬᠠᠮᠲᠣᠪᠡᠷ ᠴᠡᠪᠡᠷᠯᠡᠭᠴᠢ ᠶᠢ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ᠃   ᠬᠥᠳᠡᠭᠡ ᠲᠣᠰᠬᠤᠨ ᠤ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯ ᠨᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢᠨ ᠴᠢᠬᠤᠯᠠ ᠪᠦᠷᠢᠯᠳᠦᠬᠦᠨ ᠬᠡᠰᠡᠭ ᠮᠥᠨ᠂ ᠪᠠᠰᠠ ᠴᠣ᠋ ᠠᠷᠠᠳ ᠤᠨ ᠠᠮᠢᠳᠤᠷᠠᠯ ᠲᠠᠢ ᠰᠢᠭᠤᠳ ᠬᠤᠯᠪᠤᠭᠳᠠᠵᠥ ᠪᠠᠶᠢᠳᠠᠭ᠃ ᠰᠠᠭᠠᠳᠠᠭ ᠰᠣᠮᠣ ᠶᠢᠨ ᠵᠡᠭᠡᠯᠢ ᠴᠡᠪᠡᠷᠯᠡᠭᠴᠢ ᠭᠤᠤᠯᠳᠠᠭᠤ ᠵᠡᠭᠡᠯᠢ ᠭᠤᠳᠤᠮᠵᠢ ᠶᠢᠨ ᠠᠷᠢᠭᠤᠨ ᠴᠡᠪᠡᠷ ᠢ ᠪᠠᠲᠣᠯᠠᠬᠤ᠂ ᠬᠤᠭ ᠨᠣᠪᠰᠢ ᠶᠢ ᠰᠢᠯᠵᠢᠭᠦᠯᠦᠨ ᠵᠥᠭᠡᠭᠡᠪᠦᠷᠢᠯᠡᠬᠦ ᠵᠡᠷᠭᠡ ᠠᠵᠢᠯ ᠢ ᠡᠭᠦᠷᠭᠡᠯᠡᠵᠦ᠂ ᠣᠷᠳᠣ ᠬᠤᠭᠤᠴᠠᠭᠠᠨ ᠤ ᠲᠤᠷᠰᠢ ᠣᠷᠴᠢᠨ ᠲᠣᠭᠤᠷᠢᠨ ᠤ ᠠᠷᠢᠭᠤᠨ ᠴᠡᠪᠡᠷ ᠤᠨ ᠡᠮᠦᠨ᠎ᠡ ᠹᠷᠣᠨᠲ ᠢ ᠪᠠᠲᠤ ᠰᠠᠬᠢᠵᠤ᠂ ᠠᠵᠢᠯᠴᠢ ᠬᠤᠶᠠᠷ ᠭᠠᠷ ᠢᠶᠠᠷ ᠢᠶᠠᠨ ᠴᠡᠪᠡᠷ ᠲᠡᠭᠰᠢ᠂ ᠲᠠᠭᠠᠯᠠᠮᠵᠢᠲᠠᠶ ᠬᠥᠳᠡᠭᠡ ᠲᠣᠰᠬᠤᠨ ᠤ ᠣᠷᠴᠢᠨ ᠲᠣᠭᠤᠷᠢᠨ ᠢ  ᠪᠣᠢ ᠪᠣᠯᠭᠠᠳᠠᠭ ᠶᠣᠮ᠃ ᠲᠣᠰ ᠣᠳᠠᠭ᠎ᠠ 12 ᠴᠡᠪᠡᠷᠯᠡᠭᠴᠢ ᠳᠤ ᠠᠮᠤ ᠲᠣᠰᠣ ᠵᠡᠷᠭᠡ ᠲᠣᠬᠤᠨᠢᠭᠤᠯᠬᠤ ᠪᠣᠳᠠᠰ ᠲᠠᠷᠬᠠᠭᠠᠵᠤ᠂ ᠨᠠᠮ ᠪᠠ ᠵᠠᠰᠠᠭ ᠤᠨ ᠣᠷᠳᠣᠨ ᠵᠢᠴᠢ ᠠᠵᠢᠯᠴᠢᠨ ᠤ ᠡᠪᠯᠡᠯ ᠤᠨ ᠬᠠᠶᠢᠷ᠎ᠠ ᠬᠠᠯᠠᠮᠵᠢ ᠶᠢ ᠮᠡᠳᠡᠷᠡᠭᠦᠯᠦᠭᠰᠡᠨ ᠪᠥᠭᠡᠳ ᠲᠡᠳᠡᠨ ᠤ ᠶᠠᠳᠠᠷᠠᠯ ᠵᠦᠳᠡᠷᠡᠯ ᠢ ᠬᠠᠶᠢᠬᠤᠷᠤᠯ ᠥᠬᠡᠶ ᠬᠤᠪᠢ ᠨᠡᠮᠡᠷᠢ ᠦᠵᠡᠭᠦᠯᠦᠭᠰᠡᠨ ᠵᠣᠷᠢᠭ ᠰᠠᠨᠠᠭ᠎ᠠ ᠶᠢ ᠮᠠᠭᠲᠠᠨ ᠰᠠᠶᠢᠰᠢᠶᠠᠵᠤ ᠪᠠᠶᠢᠬᠤ ᠪᠠᠨ ᠢᠯᠡᠳᠬᠡᠵᠦ᠂ ᠰᠤᠮᠤ ᠶᠢᠨ ᠠᠷᠢᠭᠤᠨ ᠴᠡᠪᠡᠷ ᠲᠤ ᠰᠢᠷᠭᠠᠭᠤ ᠬᠥᠳᠡᠯᠮᠦᠷᠢ ᠭᠠᠷᠭᠠᠭᠰᠠᠨ ᠴᠡᠪᠡᠷᠯᠡᠭᠴᠢ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃     ᠲᠠᠷᠠᠭᠠᠴᠢ ᠪᠠᠷ᠂ ᠰᠠᠭᠠᠳᠠᠭ ᠰᠤᠮᠤ ᠣᠯᠠᠨ ᠲᠦᠮᠡᠨ ᠤ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠭᠰᠡᠨ ᠰᠢᠨ᠎ᠡ ᠦᠷ᠎ᠡ ᠪᠦᠲᠦᠮᠵᠢ ᠪᠠᠷ ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠰᠢᠯᠭᠠᠬᠤ ᠶᠢ ᠪᠠᠷᠢᠮᠲᠠᠯᠠᠵᠤ᠂ ᠡᠯ᠎ᠡ  ᠵᠦᠢᠯ ᠤᠨ ᠠᠵᠢᠯ ᠢ ᠨᠠᠷᠢᠯᠢᠭ ᠪᠣᠳᠠᠲᠠᠶ ᠬᠢᠵᠦ᠂ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠢᠳᠡᠪᠬᠢᠲᠡᠶ ᠤᠬᠠᠭᠤᠯᠵᠤ᠂ ᠭᠤᠤᠯ ᠰᠡᠳᠦᠪᠲᠦ ᠬᠥᠮᠦᠵᠢᠯ ᠢ ᠪᠣᠳᠠᠲᠤ ᠶᠠᠪᠤᠳᠠᠯ ᠬᠢᠬᠦ ᠲᠠᠢ ᠤᠶᠠᠯᠳᠤᠭᠤᠯᠵᠤ᠂ ᠥᠨᠳᠥᠷ ᠪᠦᠲᠦᠮᠵᠢᠲᠡᠶ ᠪᠣᠳᠠᠲᠠᠶ ᠶᠢ ᠡᠷᠬᠢᠮᠯᠡᠬᠦ ᠪᠠᠷ ᠬᠠᠷᠠᠯᠲᠠ  ᠪᠣᠯᠭᠠᠨ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠠᠶᠢᠭᠠᠳ ᠨᠢᠭᠡ ᠬᠤᠪᠢ ᠴᠢᠨᠠᠷ ᠰᠠᠶᠢᠲᠠᠶ ᠬᠠᠶᠢᠷ᠎ᠠ ᠬᠠᠯᠠᠮᠵᠢ ᠲᠠᠢ ᠭᠤᠤᠯ ᠰᠡᠳᠦᠪᠲᠦ ᠬᠥᠮᠦᠵᠢᠯ ᠤᠨ ᠠᠷᠠᠳ ᠤᠨ ᠠᠮᠢᠳᠤᠷᠠᠯ ᠤᠨ ᠬᠠᠷᠢᠭᠤᠯᠲᠠ ᠶᠢᠨ ᠬᠠᠭᠤᠳᠠᠰᠤ ᠶᠢ ᠬᠠᠷᠢᠭᠤᠯᠤᠨ᠎ᠠ᠃                      
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ