ᠥᠪᠡᠷᠲᠡᠭᠡᠨ ᠵᠠᠰᠠᠬᠤ ᠣᠷᠣᠨ ᠤ ᠤᠯᠠᠭᠠᠨᠪᠤᠬ᠎ᠠ ᠶᠢᠨ ᠡᠯᠡᠰᠦ ᠮᠠᠩᠬ᠎ᠠ ᠶᠢ ᠶᠡᠷᠦᠩᠬᠡᠶᠢᠯᠡᠨ ᠵᠠᠰᠠᠬᠤ ᠢᠨᠵᠧᠨᠧᠷᠢᠩ ᠰᠢᠯᠢᠳᠡᠭ ᠨᠡᠶᠢᠲᠡᠯᠢᠭ ᠬᠡᠷᠡᠭ ᠤᠨ ᠵᠢᠱᠢᠶ᠎ᠡ ᠪᠠᠷ ᠰᠤᠩᠭᠤᠭᠳᠠᠪᠠ
ᠨᠡᠶᠢᠲᠡᠯᠡᠭᠰᠡᠨ ᠴᠠᠭ᠄
2023/11/9
   ᠲᠦᠷᠦᠭᠦᠭᠡᠡ ᠶᠠᠪᠤᠬᠳᠠᠬᠰᠠᠨ ᠤᠯᠤᠰ ᠤᠨ ᠠᠭᠤᠯᠠ ᠤᠰᠤ ᠤᠢ ᠮᠤᠳᠤ ᠭᠠᠵᠠᠷ ᠲᠠᠷᠢᠶ᠎ᠠ ᠨᠠᠭᠤᠷ ᠪᠤᠷᠢᠳᠤ ᠨᠤᠳᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠵᠠᠰᠠᠨ ᠰᠡᠷᠭᠦᠭᠡᠬᠦ ᠢᠨᠵᠧᠨᠧᠷᠢᠩ ᠢ ᠠᠬᠢᠭᠤᠯᠬᠤ ᠬᠤᠷᠠᠯ ᠲᠡᠭᠡᠷ᠎ᠠ᠂ ᠠᠭᠤᠯᠠ ᠤᠰᠤᠨ ᠤ ᠢᠨᠵᠧᠨᠧᠷᠢᠩ ᠤᠨ ᠲᠦᠷᠦᠭᠦᠦ ᠪᠦᠯᠦᠭ ᠤᠨ 15 ᠰᠢᠯᠢᠳᠡᠭ ᠨᠡᠶᠢᠲᠡᠯᠢᠭ ᠬᠡᠷᠡᠭ ᠤᠨ ᠵᠢᠱᠢᠶ᠎ᠡ ᠶᠢ ᠨᠡᠶᠢᠲᠡᠯᠡᠪᠡ᠃ ᠡᠭᠦᠨ ᠳᠤ ᠥᠪᠡᠷᠲᠡᠭᠡᠨ ᠵᠠᠰᠠᠬᠤ ᠣᠷᠣᠨ ᠤ ᠤᠯᠠᠭᠠᠨᠪᠤᠬ᠎ᠠ ᠶᠢᠨ ᠡᠯᠡᠰᠦ ᠮᠠᠩᠬ᠎ᠠ ᠶᠢ ᠶᠡᠷᠦᠩᠬᠡᠶᠢᠯᠡᠨ ᠵᠠᠰᠠᠬᠤ ᠢᠨᠵᠧᠨᠧᠷᠢᠩ ᠨᠢ ᠰᠢᠯᠢᠳᠡᠭ ᠨᠡᠶᠢᠲᠡᠯᠢᠭ ᠬᠡᠷᠡᠭ ᠤᠨ ᠵᠢᠱᠢᠶ᠎ᠡ ᠪᠠᠷ ᠰᠤᠩᠭᠤᠭᠳᠠᠭᠰᠠᠨ ᠪᠠᠶᠢᠨ᠎ᠠ᠃   ᠪᠠᠶᠠᠨᠨᠠᠭᠤᠷ ᠬᠤᠲᠠ ᠶᠢᠨ ᠬᠢᠯᠢ ᠳᠠᠬᠢ ᠤᠯᠠᠭᠠᠨᠪᠤᠬ᠎ᠠ ᠶᠢᠨ ᠡᠯᠡᠰᠦᠨ ᠴᠥᠯ ᠨᠢ ᠤᠯᠠᠭᠠᠨᠰᠤᠬᠠᠢ ᠨᠠᠭᠤᠷ ᠤᠨ ᠰᠠᠪᠠ ᠭᠠᠵᠠᠷ ᠤᠨ ᠳᠡᠭᠡᠳᠦ ᠤᠷᠤᠰᠬᠠᠯ ᠤᠨ ᠤᠷᠤᠨ ᠳᠤ ᠪᠠᠶᠢᠷᠢᠯᠠᠵᠤ᠂ ᠬᠠᠲᠤᠨ ᠭᠤᠣᠯ ᠤᠨ ᠰᠠᠪᠠ ᠭᠠᠵᠠᠷ ᠤᠨ ᠣᠷᠭᠠᠨᠢᠭ ᠪᠦᠷᠢᠯᠳᠦᠭᠦᠨ ᠬᠡᠰᠡᠭ ᠪᠣᠯᠬᠤ ᠪᠥᠭᠡᠳ ᠮᠠᠨ ᠤ ᠤᠯᠤᠰ ᠤᠨ ᠨᠠᠢᠮᠠᠨ ᠶᠡᠭᠡ ᠡᠯᠡᠰᠦᠨ ᠴᠥᠯ ᠤᠨ ᠨᠢᠭᠡ ᠪᠣᠯᠣᠨ᠎ᠠ᠃ ᠤᠯᠠᠭᠠᠨᠪᠤᠬ᠎ᠠ ᠶᠢᠨ ᠡᠯᠡᠰᠦ ᠮᠠᠩᠬ᠎ᠠ ᠶᠢ ᠶᠡᠷᠦᠩᠬᠡᠶᠢᠯᠡᠨ ᠵᠠᠰᠠᠬᠤ ᠢᠨᠵᠧᠨᠧᠷᠢᠩ ᠪᠣᠯ ᠤᠯᠠᠭᠠᠨᠰᠤᠬᠠᠢ ᠶᠢᠨ ᠰᠠᠪᠠ ᠭᠠᠵᠠᠷ ᠤᠨ ᠠᠭᠤᠯᠠ ᠤᠰᠤ ᠤᠢ ᠮᠤᠳᠤ ᠭᠠᠵᠠᠷ ᠲᠠᠷᠢᠶ᠎ᠠ ᠨᠠᠭᠤᠷ ᠪᠤᠷᠢᠳᠤ ᠨᠤᠳᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠵᠤ ᠰᠡᠷᠭᠦᠭᠡᠬᠦ ᠲᠤᠷᠰᠢᠯᠲᠠ ᠶᠢᠨ ᠢᠨᠵᠧᠨᠧᠷᠢᠩ ᠤᠨ ᠲᠤᠯᠤᠭᠠᠨ ᠶᠡᠭᠡ ᠲᠦᠷᠦᠯ ᠤᠨ ᠢᠨᠵᠧᠨᠧᠷᠢᠩ ᠤᠨ ᠨᠢᠭᠡ ᠪᠠᠶᠢᠵᠤ᠂ ᠡᠯᠡᠰᠦ ᠶᠢ ᠰᠡᠷᠭᠡᠶᠢᠯᠡᠨ ᠡᠯᠡᠰᠦ ᠶᠢ ᠵᠠᠰᠠᠬᠤ ᠵᠢᠱᠢᠶ᠎ᠡ ᠦᠵᠡᠭᠦᠯᠬᠦ ᠢᠨᠵᠧᠨᠧᠷᠢᠩ ᠪᠣᠯᠣᠨ ᠠᠮᠢ ᠠᠬᠤᠢ ᠶᠢ ᠰᠡᠷᠭᠦᠭᠡᠬᠦ ᠵᠢᠱᠢᠶ᠎ᠡ ᠦᠵᠡᠭᠦᠯᠬᠦ ᠢᠨᠵᠧᠨᠧᠷᠢᠩ ᠭᠡᠵᠦ ᠬᠤᠶᠠᠷ ᠬᠡᠰᠡᠭ ᠲᠤ ᠬᠤᠪᠢᠶᠠᠨ᠎ᠠ᠃ ᠲᠥᠷᠥᠯ ᠵᠦᠢᠯ ᠤᠨ ᠣᠷᠣᠨ ᠨᠢ ᠭᠤᠣᠯᠳᠠᠭᠤ ᠤᠯᠠᠭᠠᠨᠪᠤᠬ᠎ᠠ ᠶᠢᠨ ᠡᠯᠡᠰᠦᠨ ᠴᠥᠯ ᠤᠨ ᠯᠢᠦ ᠭᠤᠸᠠᠢ ᠱᠠ ᠲᠧᠦ ᠳᠤ ᠪᠠᠶᠢᠷᠢᠯᠠᠵᠤ᠂ ᠵᠡᠭᠦᠨ ᠡᠮᠦᠨᠡᠭᠦᠷ ᠢᠶᠠᠨ ᠬᠠᠳᠤᠨ ᠭᠤᠤᠯ ᠤᠨ ᠪᠠᠷᠠᠭᠤᠨ ᠡᠷᠬᠢ ᠲᠠᠢ ᠵᠠᠬ᠎ᠠ ᠨᠡᠶᠢᠯᠡᠵᠤ᠂ ᠵᠠᠰᠠᠯᠲᠠ ᠶᠢᠨ ᠶᠡᠷᠦᠩᠬᠡᠢ ᠲᠠᠯᠠᠪᠠᠶ ᠨᠢ 7 ᠲᠦᠮᠡᠨ ᠮᠦ᠂ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 6.43 ᠳ᠋ᠦᠩᠰᠢᠭᠤᠷ ᠲᠥᠭᠦᠷᠢᠭ ᠪᠣᠯᠣᠨ᠎ᠠ᠃ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠᠷ ᠳᠡᠮᠵᠢᠨ᠂ ᠤᠯᠠᠭᠠᠨᠪᠤᠬ᠎ᠠ ᠶᠢᠨ ᠬᠦᠨᠳᠦ ᠨᠣᠴᠢᠲᠠᠢ ᠡᠯᠡᠰᠦᠷᠬᠡᠭᠵᠢᠭᠰᠡᠨ ᠤᠷᠤᠨ ᠤ ᠡᠯᠡᠰᠦᠨ ᠴᠥᠯ ᠳᠠᠬᠢ ᠡᠵᠡᠯᠡᠬᠦ ᠬᠠᠷᠢᠴᠠᠯ ᠢ 2017 ᠣᠨ ᠤ 23.7% ᠪᠠᠶᠢᠭᠰᠠᠨ ᠠᠴᠠ 21.8% ᠪᠤᠯᠭᠠᠨ ᠪᠠᠭᠤᠷᠠᠭᠤᠯᠵᠤ᠂ ᠠᠮᠢ ᠠᠬᠤᠢ ᠶᠢᠨ ᠣᠷᠴᠢᠨ ᠨᠥᠬᠦᠴᠡᠯ ᠢᠯᠡᠳᠲᠡ ᠰᠠᠶᠢᠵᠢᠷᠠᠪᠠ᠃ ᠡᠭᠦᠨ ᠤ ᠬᠠᠮᠲᠤ᠂ ᠴᠠᠭᠠᠨ ᠭᠤᠶᠣᠣ ᠳᠠᠷᠢᠬᠤ ᠶᠢ ᠬᠡᠷᠡᠭᠵᠢᠭᠦᠯᠬᠦ ᠶᠢ ᠳᠠᠭᠠᠯᠳᠤᠨ᠂ ᠡᠯᠡᠰᠦᠨ ᠤ ᠠᠵᠤ ᠦᠢᠯᠡᠰ ᠤᠨ ᠬᠥᠭᠵᠢᠯᠲᠡ ᠶᠢ ᠪᠤᠵᠠᠭᠠᠶᠢᠷᠠᠭᠤᠯᠤᠭᠰᠠᠨ ᠮᠥᠷᠲᠡᠭᠡᠨ ᠪᠠᠰᠠ ᠠᠷᠠᠳ ᠣᠯᠠᠨ ᠤ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠶᠢ ᠪᠦᠲᠦᠮᠵᠢᠲᠡᠶ ᠳᠠᠶᠢᠴᠢᠯᠠᠵᠤ᠂ ᠤᠯᠠᠭᠠᠨᠪᠤᠬ᠎ᠠ ᠶᠢᠨ ᠡᠯᠡᠰᠦᠷᠬᠡᠭ ᠣᠷᠣᠨ ᠳᠤ ᠠᠮᠢ ᠠᠬᠤᠢ ᠶᠢᠨ ᠵᠠᠰᠠᠯᠲᠠ ᠶᠢᠨ ᠠᠵᠤ ᠦᠢᠯᠡᠰᠵᠢᠯᠲᠡ᠂ ᠠᠵᠤ ᠦᠢᠯᠡᠰ ᠤᠨ ᠬᠥᠭᠵᠢᠯᠲᠡ ᠶᠢᠨ ᠠᠮᠢ ᠠᠬᠤᠶᠢᠵᠢᠯᠲᠠ ᠶᠢᠨ ᠪᠦᠲᠦᠮᠵᠢᠲᠡᠶ ᠠᠷᠭ᠎ᠠ ᠵᠠᠮ ᠢ ᠬᠠᠶᠢᠨ ᠰᠦᠪᠡᠭᠴᠢᠯᠡᠵᠦ ᠭᠠᠷᠭᠠᠭᠰᠠᠨ ᠪᠠᠶᠢᠨ᠎ᠠ᠃   ᠤᠶᠢᠯᠠᠭᠠᠬᠰᠠᠨ ᠢᠶᠠᠷ᠂ ᠳᠠᠷᠠᠭᠠᠴᠢ ᠪᠠᠷ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠬᠢᠨ ︽ᠪᠦᠬᠦᠯᠢ ᠴᠣᠭᠴᠠ ᠪᠠᠷ ᠲᠥᠯᠥᠪᠵᠢᠭᠦᠯᠬᠦ᠂ ᠶᠡᠷᠦᠩᠬᠡᠢ ᠳᠤᠨᠢ ᠵᠢᠷᠤᠭᠯᠠᠨ ᠲᠥᠯᠥᠪᠯᠡᠬᠦ᠂ ᠬᠤᠭᠤᠴᠠᠭ᠎ᠠ ᠬᠤᠪᠢᠶᠠᠨ ᠪᠠᠶᠢᠷᠢᠯᠠᠭᠤᠯᠬᠤ᠂ ᠬᠡᠰᠡᠭ ᠬᠤᠪᠢᠶᠠᠨ ᠬᠡᠷᠡᠭᠵᠢᠭᠦᠯᠬᠦ︾ ᠰᠡᠳᠭᠢᠴᠡ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠠᠭᠤᠯᠠ ᠤᠰᠤ ᠤᠢ ᠮᠤᠳᠤ ᠭᠠᠵᠠᠷ ᠲᠠᠷᠢᠶ᠎ᠠ ᠨᠠᠭᠤᠷ ᠪᠦᠷᠢᠳᠤ ᠨᠤᠳᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠵᠠᠰᠠᠨ ᠰᠡᠷᠭᠦᠭᠡᠬᠦ ᠶᠢ ᠨᠢᠭᠡᠳᠦᠯᠲᠡᠢ ᠲᠥᠯᠥᠪᠯᠡᠨ ᠠᠬᠢᠭᠤᠯᠬᠤ ᠪᠤᠯᠤᠨ᠎ᠠ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ