ᠤᠷᠠᠳ ᠤᠨ ᠡᠮᠦᠨᠡᠲᠦ ᠬᠤᠰᠢᠭᠤᠨ ᠤ ᠬᠦᠳᠡᠭᠡ ᠲᠤᠰᠬᠤᠨ ᠤ ᠬᠦᠭᠵᠢᠭᠦᠯᠦᠯᠲᠡ ᠶᠢᠨ ᠪᠠᠩᠬᠢ ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/12/12
     ᠣᠶᠢᠷ᠎ᠠ ᠳᠤ᠂ ᠬᠦᠳᠡᠭᠡ ᠲᠤᠰᠬᠤᠨ ᠤ  ᠬᠦᠭᠵᠢᠭᠦᠯᠦᠯᠲᠡ ᠶᠢᠨ ᠪᠠᠩᠬᠢ ᠶᠢᠨ ᠤᠷᠠᠳ ᠤᠨ ᠡᠮᠦᠨᠡᠲᠦ ᠬᠤᠰᠢᠭᠤᠨ ᠤ ᠰᠠᠯᠪᠤᠷᠢ ᠪᠠᠩᠬᠢ ᠣᠯᠠᠨ ᠵᠦᠢᠯ ᠤᠨ ᠬᠡᠯᠪᠡᠷᠢ ᠪᠠᠷ ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠦᠨᠳᠦᠰᠦᠨ ᠬᠠᠤᠯᠢ ᠶᠢ ᠰᠤᠷᠤᠯᠴᠠᠬᠤ᠂ ᠦᠨᠳᠦᠰᠦᠨ ᠬᠠᠤᠯᠢ ᠶᠢ ᠡᠷᠬᠢᠮᠯᠡᠬᠦ᠂ ᠬᠠᠤᠯᠢ ᠪᠠᠷ ᠵᠠᠰᠠᠬᠤ ᠶᠢ ᠪᠠᠳᠠᠷᠠᠭᠤᠯᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠪᠠ᠃      ᠲᠣᠰ ᠪᠠᠩᠬᠢ ᠲᠥᠪᠯᠡᠷᠡᠭᠦᠯᠦᠨ ᠰᠤᠷᠤᠯᠴᠠᠬᠤ ᠪᠠ ᠥᠪᠡᠰᠦᠪᠡᠨ ᠰᠤᠷᠤᠯᠴᠠᠬᠤ ᠶᠢ ᠤᠶᠠᠯᠳᠤᠭᠤᠯᠬᠤ ᠠᠷᠭ᠎ᠠ ᠬᠡᠯᠪᠡᠷᠢ ᠶᠢ ᠠᠪᠴᠤ᠂ ᠪᠥᠬᠦ ᠠᠵᠢᠯᠲᠠᠨ ᠢ ᠵᠣᠬᠢᠶᠠᠨ ᠪᠠᠶᠢᠭᠤᠯᠤᠨ ᠦᠨᠳᠦᠰᠦᠨ ᠬᠠᠤᠯᠢ ᠶᠢᠨ ᠬᠠᠮᠢᠶ᠎ᠠ ᠪᠥᠬᠦᠶ ᠮᠡᠳᠡᠯᠭᠡ ᠶᠢ ᠰᠤᠷᠤᠯᠴᠠᠭᠤᠯᠵᠤ᠂ ᠪᠥᠬᠦ ᠠᠵᠢᠯᠲᠠᠨ ᠤ ᠬᠠᠤᠯᠢ ᠶᠢ ᠰᠤᠷᠴᠤ ᠬᠠᠤᠯᠢ ᠶᠢ ᠰᠠᠬᠢᠬᠤ ᠤᠬᠠᠮᠰᠠᠷ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠬᠠᠤᠯᠢ ᠪᠠᠷ ᠵᠠᠰᠠᠬᠤ ᠰᠡᠳᠬᠢᠬᠦᠶ ᠪᠠ ᠠᠷᠭ᠎ᠠ ᠮᠠᠶ᠋ᠢᠭ ᠢ ᠬᠡᠷᠡᠭᠯᠡᠨ ᠠᠰᠠᠭᠤᠳᠠᠯ ᠢ  ᠰᠢᠢᠳᠪᠦᠷᠢᠯᠡᠬᠦ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠪᠡ᠃ ᠡᠭᠦᠨ ᠤ ᠬᠠᠮᠲᠤ᠂ ︽ᠮᠥᠩᠭᠦᠨ  ᠭᠦᠢᠯᠭᠡᠭᠡᠨ ᠤ ᠠᠵᠢᠯᠴᠢᠨ ᠤ ᠬᠥᠳᠡᠯᠭᠡᠭᠡᠨ︾ ᠤ ᠸᠢᠴᠠᠲ ᠤᠨ ᠣᠯᠠᠨ ᠨᠡᠶᠢᠲᠡ ᠶᠢᠨ ᠳ᠋ᠤᠭᠠᠷ ᠤᠨ ᠰᠦᠯᠵᠢᠶᠡᠨ ᠳᠡᠭᠡᠷ᠎ᠡ ᠰᠡᠳᠦᠪ ᠬᠠᠷᠢᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠠᠵᠢᠯᠲᠠᠨ ᠤ ᠦᠨᠳᠦᠰᠦᠨ ᠬᠠᠤᠯᠢ ᠶᠢᠨ ᠲᠤᠬᠠᠶ ᠣᠶᠢᠯᠠᠭᠠᠯᠲᠠ ᠪᠠ ᠲᠠᠨᠢᠯᠲᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠡᠭᠦᠨ ᠤ ᠬᠠᠮᠲᠤ᠂ ᠲᠣᠰ ᠠᠵᠢᠯ ᠲᠥᠷᠥᠯ ᠤᠨ ᠬᠢᠨ ᠡᠵᠡᠩᠨᠡᠯᠲᠡ ᠶᠢᠨ ᠲᠢᠩᠬᠢᠮ ᠤᠨ ᠲᠧᠯᠸᠢᠰ ᠳᠡᠯᠭᠡᠴᠡ᠂ LED ᠳᠡᠯᠭᠡᠴᠡ ᠳᠤ ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠠᠭᠤᠯᠭ᠎ᠠ ᠶᠢ ᠦᠷᠭᠦᠯᠵᠢᠯᠡᠨ ᠨᠡᠪᠲᠡᠷᠡᠭᠦᠯᠵᠦ᠂ ᠯᠠᠩᠭᠦᠶ ᠳᠤ ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠨᠤᠭᠤᠯᠤᠭᠠᠰᠤ ᠶᠢ ᠳᠡᠯᠭᠡᠨ ᠲᠠᠯᠪᠢᠵᠤ᠂ ᠠᠰᠠᠭᠤᠨ ᠯᠠᠪᠯᠠᠬᠤ ᠲᠠᠪᠴᠠᠩ ᠪᠠᠶᠢᠷᠢᠯᠠᠭᠤᠯᠤᠨ᠂ ᠲᠤᠰᠬᠠᠶ ᠬᠥᠮᠦᠨ ᠲᠣᠬᠢᠷᠠᠭᠤᠯᠵᠤ ᠪᠠᠶᠢᠭᠠᠳ ᠬᠡᠷᠡᠭᠯᠡᠭᠴᠢ ᠳᠤ ᠨᠢᠭᠡᠳ ᠨᠢᠭᠡ ᠪᠠᠷ ᠬᠦᠯᠢᠴᠡᠩᠭᠦᠶ ᠲᠠᠶᠢᠯᠤᠮᠵᠢ ᠪᠠ ᠤᠬᠠᠭᠤᠯᠭ᠎ᠠ ᠬᠢᠵᠦ᠂ ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠨ᠂ ᠨᠡᠶᠢᠭᠡᠮ ᠨᠡᠶᠢᠲᠡ ᠶᠢᠨ ᠬᠠᠤᠯᠢ ᠴᠠᠭᠠᠵᠠ ᠶᠢᠨ ᠬᠡᠪ ᠪᠣᠯᠪᠠᠰᠤᠷᠠᠯ ᠢ ᠳᠡᠭᠡᠭᠰᠢᠯᠡᠭᠦᠯᠵᠦ᠂ ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠬᠠᠮᠤᠷᠬᠤ ᠬᠡᠪᠴᠢᠶ᠎ᠡ ᠪᠠ ᠨᠡᠶᠢᠭᠡᠮ ᠤᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠂ ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠬᠥᠮᠦᠰ ᠤᠨ ᠰᠡᠳᠬᠢᠯ ᠳᠤ ᠨᠠᠩ ᠭᠦᠨ ᠬᠠᠳᠠᠩᠰᠢᠭᠤᠯᠵᠠᠶ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ