ᠤᠷᠠᠳ ᠤ ᠡᠮᠦᠨᠡᠲᠦ ᠬᠤᠰᠢᠭᠤᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠴᠠᠬᠢᠯᠭᠠᠨ ᠬᠥᠳᠡᠯᠭᠡᠭᠦᠷᠲᠦ ᠲᠡᠷᠭᠡ ᠶᠢᠨ ᠲᠤᠰᠬᠠᠶ ᠴᠡᠭᠴᠡᠯᠡᠨ ᠵᠠᠰᠠᠯᠲᠠ ᠶᠢ ᠦᠷᠭᠦᠯᠵᠢᠯᠡᠨ ᠥᠷᠨᠢᠭᠦᠯᠪᠡ
ᠨᠡᠶᠢᠲᠡᠯᠡᠭᠰᠡᠨ ᠴᠠᠭ᠄
2023/12/12
       ᠣᠶᠢᠷ᠎ᠠ ᠳᠤ᠂ ᠤᠷᠠᠳ ᠤᠨ ᠡᠮᠦᠨᠡᠲᠦ ᠬᠤᠰᠢᠭᠤᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠪᠥᠬᠦ ᠴᠠᠭᠳᠠᠭ᠎ᠠ ᠵᠠᠮ ᠳᠤ ᠭᠠᠷᠬᠤ ᠳᠠᠭᠠᠨ ︽ᠲᠣᠭᠲᠠᠮᠠᠯ + ᠴᠠᠭᠳᠠᠨ ᠪᠠᠶᠢᠴᠠᠭᠠᠬᠤ︾ ᠠᠵᠢᠯ ᠤᠨ ᠵᠠᠭᠪᠤᠷ ᠢ ᠬᠡᠷᠡᠭᠯᠡᠵᠦ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ ᠲᠥᠪᠯᠡᠷᠡᠭᠦᠯᠦᠨ ᠵᠠᠰᠠᠬᠤ ᠠᠵᠢᠯᠯᠠᠭ᠎ᠠ ᠶᠢ ᠦᠷᠭᠦᠯᠵᠢᠯᠡᠨ ᠵᠣᠬᠢᠶᠠᠨ ᠪᠠᠶᠢᠭᠤᠯᠤᠨ ᠥᠷᠨᠢᠭᠦᠯᠵᠦ᠂ ᠣᠯᠠᠨ ᠲᠦᠮᠡᠨ ᠤ ᠠᠮᠤᠷ ᠲᠦᠪᠰᠢᠨ ᠢᠶᠠᠷ ᠶᠠᠪᠤᠵᠤ ᠰᠠᠭᠤᠬᠤ ᠣᠷᠴᠢᠨ ᠨᠥᠬᠦᠴᠡᠯ ᠢ ᠤᠯᠠᠮ ᠨᠢᠭᠡ ᠠᠯᠬᠤᠮ ᠳᠡᠭᠡᠭᠰᠢᠯᠡᠭᠦᠯᠦᠨ ᠰᠢᠯᠢᠳᠡᠭᠵᠢᠭᠦᠯᠵᠦ᠂ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠵᠠᠮ ᠬᠠᠷᠢᠯᠴᠠᠭᠠᠨ ᠤ ᠬᠠᠤᠯᠢ ᠲᠣᠭᠲᠠᠭᠠᠯ ᠢ ᠵᠢᠷᠤᠮᠯᠠᠭᠤᠯᠵᠤ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠵᠠᠮ ᠬᠠᠷᠢᠯᠴᠠᠭᠠᠨ ᠤ ᠠᠳᠡᠯ ᠭᠠᠷᠬᠤ ᠶᠢ ᠪᠠᠭᠠᠰᠬᠠᠪᠠ᠃       ᠵᠠᠰᠠᠬᠤ ᠬᠤᠭᠤᠴᠠᠭᠠᠨ ᠳᠤ᠂ ᠲᠣᠰ ᠶᠡᠭᠡ ᠠᠩᠭᠢ ᠶᠢᠨ ᠠᠷᠠᠳ ᠤᠨ ᠬᠠᠪᠰᠤᠷᠤᠨ ᠲᠤᠰᠠᠯᠠᠬᠤ ᠴᠠᠭᠳᠠᠭ᠎ᠠ ᠬᠠᠷᠢᠶ᠎ᠠ ᠣᠷᠣᠨ ᠤ ᠳᠣᠲᠣᠷᠠᠬᠢ ᠭᠤᠤᠯᠳᠠᠯᠭ᠎ᠠ ᠲᠠᠢ ᠵᠠᠮ ᠤᠨ ᠠᠭᠤᠯᠵᠠᠷ᠂ ᠭᠤᠤᠯᠳᠠᠯᠭ᠎ᠠ ᠲᠠᠢ ᠵᠠᠮ ᠤᠨ ᠬᠡᠰᠡᠭ ᠵᠢᠴᠢ ᠠᠵᠢᠯ ᠳᠤ ᠭᠠᠷᠬᠤ ᠠᠵᠢᠯ ᠠᠴᠠ ᠪᠠᠭᠤᠬᠤ ᠣᠷᠭᠢᠯ ᠤᠨ ᠭᠤᠤᠯᠳᠠᠯᠭ᠎ᠠ ᠲᠠᠢ ᠴᠠᠭ ᠬᠤᠭᠤᠴᠠᠭ᠎ᠠ ᠶᠢ ᠴᠢᠩᠭ᠎ᠠ ᠠᠩᠬᠠᠷᠴᠤ᠂ ᠴᠠᠬᠢᠯᠭᠠᠨ ᠬᠥᠳᠡᠯᠭᠡᠭᠦᠷᠲᠦ ᠲᠡᠷᠭᠡ ᠤᠨᠤᠬᠤ ᠳᠤ ᠠᠮᠤᠷ ᠲᠦᠪᠰᠢᠨ ᠤ ᠳᠤᠭᠤᠯᠠᠭ᠎ᠠ ᠵᠡᠭᠦᠬᠦ ᠥᠬᠡᠶ᠂ ᠤᠯᠠᠭᠠᠨ ᠳ᠋ᠧᠩ ᠢ ᠳᠠᠪᠠᠭ᠋ᠤ᠂ ᠰᠥᠷᠭᠡᠤ ᠶᠠᠪᠤᠬᠤ᠂ ᠮᠠᠰᠢᠨ ᠲᠡᠷᠭᠡᠨ ᠤ ᠵᠠᠮ ᠢ ᠡᠵᠡᠯᠡᠬᠦ᠂ ᠳᠤᠷ᠎ᠠ ᠪᠠᠷ ᠢᠶᠠᠨ ᠶᠠᠪᠤᠬᠤ ᠵᠡᠷᠭᠡ ᠪᠣᠯᠪᠠᠰᠤᠨ ᠪᠤᠰᠤ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ  ᠦᠢᠯᠡ ᠠᠵᠢᠯᠯᠠᠭ᠎ᠠ ᠶᠢᠨ ᠢᠳᠬᠠᠯ ᠪᠠ ᠬᠥᠮᠦᠵᠢᠯ ᠢ ᠭᠤᠤᠯᠳᠠᠯᠭ᠎ᠠ ᠲᠠᠢ ᠠᠳᠬᠤᠵᠤ᠂ ᠴᠠᠬᠢᠯᠭᠠᠨ ᠬᠥᠳᠡᠯᠭᠡᠭᠦᠷᠲᠦ ᠲᠡᠷᠭᠡ ᠶᠢᠨ ᠵᠢᠯᠣᠭᠤᠴᠢ ᠶᠢᠨ ᠵᠠᠮ ᠬᠠᠷᠢᠯᠴᠠᠭᠠᠨ ᠤ ᠬᠠᠤᠯᠢ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠬᠤ ᠶᠢ ᠠᠬᠢᠭᠤᠯᠵᠤ᠂ ᠴᠠᠬᠢᠯᠭᠠᠨ ᠬᠥᠳᠡᠯᠭᠡᠭᠦᠷᠲᠦ ᠲᠡᠷᠭᠡ ᠶᠢᠨ ᠵᠢᠯᠣᠭᠤᠴᠢ ᠶᠢᠨ ᠳᠤᠭᠤᠯᠠᠭ᠎ᠠ ᠵᠡᠭᠦᠬᠦ ᠨᠣᠷᠮ᠎ᠠ ᠶᠢ ᠦᠨᠡᠨᠬᠦ ᠳᠡᠭᠡᠭᠰᠢᠯᠡᠭᠦᠯᠵᠦ᠂ ᠴᠠᠬᠢᠯᠭᠠᠨ ᠬᠥᠳᠡᠯᠭᠡᠭᠦᠷᠲᠦ ᠲᠡᠷᠭᠡ ᠶᠢᠨ ᠵᠢᠯᠣᠭᠤᠴᠢ ᠶᠢᠨ ᠬᠠᠤᠯᠢ ᠶᠢ ᠰᠠᠬᠢᠬᠤ ᠦᠵᠡᠯ ᠤᠬᠠᠮᠰᠠᠷ᠂ ᠠᠮᠤᠷ ᠲᠦᠪᠰᠢᠨ ᠤ ᠦᠵᠡᠯ ᠤᠬᠠᠮᠰᠠᠷ᠂ ᠪᠣᠯᠪᠠᠰᠤᠨ ᠤ ᠦᠵᠡᠯ ᠤᠬᠠᠮᠰᠠᠷ ᠢ ᠴᠢᠩᠭᠠᠷᠠᠭᠤᠯᠪᠠ᠃ ᠡᠭᠦᠨ ᠤ ᠬᠠᠮᠲᠤ᠂ ᠲᠣᠰ ᠶᠡᠭᠡ ᠠᠩᠭᠢ ᠨᠢ ᠰᠤᠷᠭᠠᠨ ᠬᠥᠮᠦᠵᠢᠭᠦᠯᠬᠦ ᠪᠠ ᠤᠬᠠᠭᠤᠯᠬᠤ ᠶᠢ ᠬᠠᠷᠢᠯᠴᠠᠨ ᠤᠶᠠᠯᠳᠤᠭᠤᠯᠬᠤ ᠵᠠᠷᠴᠢᠮ ᠢ ᠪᠠᠷᠢᠮᠲᠠᠯᠠᠵᠤ᠂ ᠴᠠᠬᠢᠯᠭᠠᠨ ᠬᠥᠳᠡᠯᠭᠡᠭᠦᠷᠲᠦ ᠲᠡᠷᠭᠡᠨ ᠤ ᠵᠢᠯᠣᠭᠤᠴᠢ ᠶᠢᠨ ᠠᠮᠤᠷ ᠲᠦᠪᠰᠢᠨ ᠤ ᠬᠥᠮᠦᠵᠢᠯ ᠵᠢᠴᠢ ︽ᠨᠢᠭᠡ ᠳᠤᠭᠤᠯᠠᠭ᠎ᠠ ᠨᠢᠭᠡ ᠪᠦᠰᠡ︾ ᠶᠢᠨ ᠠᠮᠤᠷ ᠲᠦᠪᠰᠢᠨ ᠢ ᠬᠠᠮᠠᠭᠠᠯᠠᠬᠤ ᠠᠵᠢᠯᠯᠠᠭ᠎ᠠ ᠶᠢᠨ ᠤᠬᠠᠭᠤᠯᠭ᠎ᠠ ᠶᠢ ᠴᠢᠩᠭᠠᠳᠬᠠᠵᠤ᠂ ᠵᠢᠯᠣᠭᠤᠴᠢ ᠳᠤ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠬᠢᠵᠦ᠂ ᠬᠠᠤᠯᠢ ᠠᠴᠠ ᠵᠥᠷᠢᠴᠡᠨ ᠲᠡᠷᠭᠡ ᠶᠠᠪᠤᠭᠤᠯᠬᠤ ᠶᠢᠨ ᠬᠤᠤᠷ ᠬᠥᠨᠥᠭᠡᠯᠲᠦ ᠴᠢᠨᠠᠷ ᠢ ᠬᠦᠯᠢᠴᠡᠩᠭᠦᠶ ᠪᠠᠷ ᠲᠠᠶᠢᠯᠪᠤᠷᠢᠯᠠᠵᠤ᠂ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ  ᠦᠢᠯᠡ ᠠᠵᠢᠯᠯᠠᠭᠠᠳᠠᠨ ᠤ ᠠᠮᠤᠷ ᠲᠦᠪᠰᠢᠨ ᠤ ᠦᠵᠡᠯ ᠤᠬᠠᠮᠰᠠᠷ ᠢ ᠲᠠᠰᠤᠷᠠᠯᠲᠠ ᠥᠬᠡᠶ ᠴᠢᠩᠭᠠᠷᠠᠭᠤᠯᠵᠤ᠂ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ  ᠦᠢᠯᠡ ᠠᠵᠢᠯᠯᠠᠭ᠎ᠠ ᠶᠢ ᠪᠦᠲᠦᠮᠵᠢᠲᠡᠶ ᠪᠠᠭᠠᠰᠬᠠᠪᠠ᠃ ᠣᠳᠣᠬᠠᠨ ᠳᠤ᠂ ᠲᠣᠰ ᠶᠡᠭᠡ ᠠᠩᠭᠢ ᠶᠢᠨ ᠲᠣᠬᠢᠷᠠᠭᠤᠯᠤᠭᠰᠠᠨ 6 ᠲᠣᠭᠲᠠᠮᠠᠯ ᠡᠭᠦᠷᠭᠡ  ᠭᠦᠢᠴᠡᠳᠭᠡᠬᠦ ᠴᠡᠭ ᠵᠢᠴᠢ ᠬᠤᠶᠠᠷ ᠨᠡᠭᠦᠳᠡᠯ ᠡᠭᠦᠷᠭᠡ  ᠭᠦᠢᠴᠡᠳᠭᠡᠬᠦ ᠴᠡᠭ ᠨᠢ ᠠᠵᠢᠯ ᠤᠨ ᠲᠥᠯᠥᠪᠯᠡᠭᠡ ᠶᠢᠨ ᠶᠣᠰᠣᠭᠠᠷ ᠡᠮᠬᠢ ᠵᠢᠷᠤᠮ ᠲᠠᠢ ᠲᠤᠰᠬᠠᠶ ᠠᠵᠢᠯᠯᠠᠭ᠎ᠠ  ᠦᠷᠨᠢᠭᠦᠯᠵᠦ ᠪᠣᠢ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ