ᠤᠯᠠᠭᠠᠨᠰᠤᠬᠠᠢ ᠨᠠᠭᠤᠷ ᠲᠤ ᠪᠠᠰᠠ ᠨᠢᠭᠡᠨ ᠪᠡᠯᠭᠡ ᠲᠡᠮᠳᠡᠭ ᠤᠨ ᠴᠢᠨᠠᠷᠲᠠᠶ ᠱᠣᠭᠤᠮᠠᠯ ᠨᠡᠮᠡᠭᠳᠡᠪᠡ
ᠨᠡᠶᠢᠲᠡᠯᠡᠭᠰᠡᠨ ᠴᠠᠭ᠄
2023/12/12
    12 ᠰᠠᠷ᠎ᠠ ᠶᠢᠨ 10 ᠤ ᠦᠳᠡ ᠶᠢᠨ ᠡᠮᠦᠨ᠎ᠡ᠂ ︽ᠪᠣᠭᠤᠮᠲᠠ ᠶᠢᠨ ᠭᠠᠳᠠᠨᠠᠬᠢ ᠭᠡᠷᠡᠯᠲᠦ ᠰᠤᠪᠤᠳ︾ ᠤᠯᠠᠭᠠᠨᠰᠤᠬᠠᠢ ᠶᠢᠨ ᠱᠤᠭᠤᠮᠠᠯ ᠤᠯᠠᠭᠠᠨᠰᠤᠬᠠᠢ ᠶᠢᠨ ᠦᠵᠡᠮᠵᠢ ᠶᠢᠨ ᠣᠷᠣᠨ ᠳᠤ ᠪᠠᠶᠢᠭᠤᠯᠤᠭᠳᠠᠪᠠ᠃    ᠲᠣᠰ ᠱᠤᠭᠤᠮᠠᠯ ᠤᠨ ᠥᠷᠭᠡᠨ ᠨᠢ 6.5 ᠮᠧᠲᠷ᠂ ᠥᠨᠳᠥᠷ ᠨᠢ 18 ᠮᠧᠲᠷ ᠪᠠᠶᠢᠵᠤ᠂ ᠱᠤᠭᠤᠮᠠᠯ ᠤᠨ ᠳᠦᠷᠰᠦ ᠪᠦᠲᠦᠭᠡᠯᠲᠡ ᠨᠢ ᠶᠡᠷᠦᠩᠬᠡᠢ ᠱᠦᠵᠢ ᠶᠢᠨ ᠤᠯᠠᠭᠠᠨᠰᠤᠬᠠᠢ ᠨᠠᠭᠤᠷ ᠤᠨ ︽ᠰᠠᠪᠠ ᠭᠠᠵᠠᠷ ᠢ ᠬᠦᠴᠦᠷᠬᠡᠭᠵᠢᠭᠦᠯᠵᠦ᠂ ᠰᠡᠳᠬᠢᠯ ᠲᠠᠯᠪᠢᠨ ᠵᠠᠰᠠᠬᠤ︾ ᠣᠶᠢᠯᠠᠭᠠᠭᠳᠠᠬᠤᠨ ᠤ ᠲᠣᠭᠤᠷᠢᠨ ᠳᠤ ᠂ ᠨᠠᠷᠢᠨ ᠨᠢᠮᠪᠠᠢ ᠬᠠᠮᠠᠭᠠᠯᠠᠬᠤ᠂ ᠢᠮᠠᠭᠲᠠ ᠲᠣᠭᠤᠰᠢᠯᠠᠭᠤᠯᠬᠤ᠂ ᠤᠳᠠᠭᠠᠨ ᠳᠠᠭᠠᠭᠠᠮᠠᠭᠠᠢ ᠶᠢ ᠪᠠᠷᠢᠮᠲᠠᠯᠠᠬᠤ  ᠦᠵᠡᠯ ᠰᠠᠨᠠᠭ᠎ᠠ ᠶᠢᠨ ᠲᠣᠭᠤᠷᠢᠨ ᠳᠤ ᠵᠢᠷᠤᠭᠯᠠᠨ ᠲᠦᠯᠦᠪᠯᠡᠪᠡ᠃ ᠵᠢᠷᠤᠭ ᠲᠥᠯᠥᠪᠯᠡᠭᠡ ᠶᠢᠨ ᠲᠣᠲᠣᠷᠠᠬᠢ ᠨᠣᠭᠤᠭᠠᠨ ᠥᠩᠭᠡ ᠶᠢᠨ ᠬᠡᠰᠡᠭ ᠨᠢ ᠬᠥᠬᠡᠮᠳᠦᠭ ᠨᠣᠭᠤᠭᠠᠨ ᠠᠭᠤᠯᠠ ᠤᠰᠤ ᠶᠢ ᠲᠥᠯᠥᠭᠡᠯᠡᠵᠦ᠂ ᠤᠯᠠᠭᠠᠨ ᠥᠩᠭᠡ ᠶᠢᠨ ᠬᠡᠰᠡᠭ ᠨᠢ ᠨᠡᠭᠦᠳᠡᠯ ᠤᠨ ᠰᠢᠪᠠᠭᠤᠳ ᠤᠨ ᠰᠦᠷᠦᠭᠵᠢᠯ ᠢ ᠲᠥᠯᠥᠭᠡᠯᠡᠵᠦ᠂ ᠮᠥᠩᠭᠦᠨ ᠥᠩᠭᠡ ᠪᠠ ᠠᠯᠲᠠᠨ ᠰᠢᠷᠭᠠᠯ ᠥᠩᠭᠡ ᠶᠢᠨ ᠬᠡᠰᠡᠭ ᠨᠢ ᠪᠦᠯᠬᠦᠮᠳᠡᠨ ᠨᠢᠭᠡᠳᠬᠦ ᠶᠢ ᠲᠥᠯᠥᠭᠡᠯᠡᠵᠦ᠂ ᠡᠨᠡ ᠬᠦ ︽ᠪᠣᠭᠤᠮᠲᠠ ᠶᠢᠨ ᠭᠠᠳᠠᠨᠠᠬᠢ ᠭᠡᠷᠡᠯᠲᠦ ᠰᠤᠪᠤᠳ︾ ᠢ ᠬᠠᠮᠲᠤ ᠪᠠᠷ ᠰᠠᠬᠢᠨ ᠬᠠᠮᠠᠭᠠᠯᠠᠵᠤ᠂ ᠦᠷ᠎ᠡ ᠬᠤᠶᠢᠴᠢᠰ ᠲᠠᠭᠠᠨ ᠬᠥᠬᠡᠮᠳᠦᠭ ᠠᠭᠤᠯᠠ᠂ ᠲᠤᠩᠭᠠᠯᠠᠭ ᠤᠰᠤ᠂  ᠰᠣᠷᠭᠤᠭ ᠠᠭᠠᠷ ᠲᠠᠢ ᠦᠵᠡᠰᠬᠦᠯᠡᠩᠲᠦ ᠰᠠᠶᠢᠬᠠᠨ ᠬᠡᠷ ᠣᠷᠣᠨ ᠢ ᠦᠯᠡᠳᠡᠭᠡᠵᠦ ᠦᠭᠭᠦ ᠶᠢ ᠬᠦᠰᠡᠮᠵᠢᠯᠡᠵᠠᠢ᠃

微信图片_20231212105958.jpg

   ᠲᠣᠰ ᠱᠤᠭᠤᠮᠠᠯ ᠨᠢ ᠪᠠᠰᠠ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠬᠦᠴᠢᠷ ᠢ ᠳᠤᠭᠤᠯᠤᠨ ᠪᠡᠷᠬᠡ ᠶᠢ   ᠳᠠᠪᠠᠭ᠋ᠤ ᠶᠢ ᠪᠡᠯᠭᠡᠳᠡᠨ᠂

ᠣᠳᠣᠬᠠᠨ ᠤ ︽ᠪᠣᠭᠤᠮᠲᠠ ᠶᠢᠨ ᠭᠠᠳᠠᠨᠠᠬᠢ ᠬᠡᠷᠡᠯᠳᠦ ᠰᠤᠪᠤᠳ︾ ᠤᠯᠠᠭᠠᠨᠰᠤᠬᠠᠢ ᠨᠠᠭᠤᠷ ᠤᠨ ᠣᠷᠴᠢᠨ ᠠᠬᠤᠢ ᠶᠢᠨ ᠵᠠᠰᠠᠯᠲᠠ ᠵᠢᠯ ᠳᠠᠷᠠᠭᠠᠯᠠᠨ

ᠰᠠᠶᠢᠵᠢᠷᠠᠵᠤ᠂ ᠨᠡᠭᠦᠳᠡᠯ ᠤᠨ ᠰᠢᠪᠠᠭᠤ ᠣᠯᠠᠰᠢᠷᠠᠨ᠂ ᠤᠰᠤᠨ ᠤ ᠴᠢᠨᠠᠷ ᠴᠡᠪᠡᠷ ᠲᠤᠩᠭᠠᠯᠠᠭ ᠪᠤᠯᠵᠤ ᠬᠥᠮᠥᠨ ᠪᠠᠶᠢᠭᠠᠯᠢ ᠶᠢᠨ ᠡᠶ᠎ᠡ ᠵᠣᠬᠢᠴᠠᠯ ᠲᠠᠢ ᠪᠠᠷ

ᠬᠠᠮᠲᠤ ᠪᠠᠷ ᠣᠷᠣᠰᠢᠬᠤ ᠶᠢ ᠬᠠᠷᠠᠭᠤᠯᠪᠠ᠃

   ᠤᠯᠠᠭᠠᠨᠰᠤᠬᠠᠢ ᠨᠠᠭᠤᠷ ᠪᠣᠯ ᠪᠦᠬᠦ ᠪᠥᠮᠪᠥᠷᠴᠡᠭ ᠤᠨ ᠬᠡᠪᠴᠢᠶᠡᠨ ᠳᠤ ᠴᠦᠯᠯᠡᠷᠭᠡᠭ ᠬᠠᠭᠠᠰ ᠴᠦᠯᠯᠡᠷᠭᠡᠭ ᠭᠠᠵᠠᠷ ᠣᠷᠣᠨ ᠳᠤ ᠲᠦᠢᠯ ᠤᠨ ᠴᠥᠭᠡᠨ

ᠲᠣᠬᠢᠶᠠᠯᠳᠤᠳᠠᠭ ᠠᠮᠢ ᠠᠬᠤᠢ ᠶᠢᠨ ᠦᠨ᠎ᠡ ᠦᠷᠳᠡᠭ ᠲᠠᠢ ᠲᠤᠮᠤ ᠬᠡᠯᠪᠡᠷᠢ ᠶᠢᠨ ᠤᠯᠠᠨ ᠴᠢᠳᠠᠮᠵᠢᠲᠤ ᠨᠠᠭᠤᠷ ᠪᠣᠯᠤᠨ᠎ᠠ᠂ ᠳᠡᠯᠡᠬᠡᠢ ᠶᠢᠨ ᠪᠥᠮᠪᠥᠷᠴᠡᠭ  ᠤᠨ

ᠠᠳᠠᠯᠢ ᠥᠷᠭᠡᠷᠢᠭ ᠤᠨ ᠬᠠᠮᠤᠭ ᠤᠨ ᠶᠡᠭᠡ ᠪᠠᠶᠢᠭᠠᠯᠢ ᠶᠢᠨ ᠨᠤᠭᠤ ᠭᠠᠵᠠᠷ ᠪᠠ ᠳᠡᠯᠡᠬᠡᠢ ᠶᠢᠨ ᠨᠠᠢᠮᠠᠨ ᠶᠡᠭᠡ ᠨᠡᠭᠦᠳᠡᠯ ᠤᠨ ᠰᠢᠪᠠᠭᠤᠳ ᠤᠨ ᠨᠡᠭᠦᠳᠡᠯᠯᠡᠬᠦ

ᠴᠢᠬᠤᠯᠠ ᠵᠠᠩᠭᠢᠯᠠᠭ᠎ᠠ ᠶᠢᠨ ᠴᠡᠭ ᠪᠣᠯᠤᠨ᠎ᠠ᠂ ᠡᠯ᠎ᠡ ᠵᠦᠢᠯ ᠤᠨ ᠬᠤᠪᠣᠷ ᠴᠤᠬᠠᠭ ᠵᠢᠭᠦᠷᠲᠡᠨ 260 ᠭᠠᠷᠤᠢ ᠲᠦᠷᠦᠯ ᠤᠨ 1000 ᠭᠠᠷᠤᠢ ᠲᠦᠮᠡᠨ

ᠰᠢᠪᠠᠭᠤ ᠪᠤᠢ᠂ ᠡᠨᠡ ᠵᠢᠯ ᠤᠨ 11 ᠰᠠᠷ᠎ᠠ ᠳᠤ ᠤᠯᠤᠰ ᠤᠨ ᠤᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠤᠯᠤᠰ ᠤᠨ ᠴᠢᠬᠤᠯᠠ ᠨᠤᠭᠤ

ᠭᠠᠵᠠᠷ ᠢᠶᠠᠷ ᠮᠠᠭᠠᠳᠯᠠᠨ ᠲᠣᠭᠲᠠᠭᠠᠪᠠ᠂ ᠤᠯᠠᠭᠠᠨᠰᠤᠬᠠᠢ ᠨᠠᠭᠤᠷ ᠪᠣᠯ ᠳᠤᠮᠳᠠᠳᠤ ᠤᠯᠤᠰ ᠤᠨ ᠨᠤᠭᠤ ᠭᠠᠵᠠᠷ ᠪᠣᠯᠬᠤ ᠪᠠᠷ ᠪᠠᠷᠠᠬᠤ ᠦᠭᠡᠢ ᠪᠠᠰᠠ ᠴᠤ

ᠳᠡᠯᠡᠬᠡᠢ ᠶᠢᠨ ᠨᠤᠭᠤ ᠭᠠᠵᠠᠷ ᠪᠣᠯᠤᠨ᠎ᠠ᠂ ᠡᠨᠡ ᠨᠢ ᠨᠤᠭᠤ ᠭᠠᠵᠠᠷ ᠤᠨ ᠠᠮᠢ ᠠᠬᠤᠢ ᠶᠢᠨ ᠲᠡᠩᠴᠡᠭᠦᠷᠢ ᠶᠢ ᠬᠠᠮᠠᠭᠠᠯᠠᠬᠤ᠂ ᠳᠦᠷᠰᠦ ᠶᠢᠨ ᠤᠯᠠᠨ

ᠶᠠᠩᠵᠤᠲᠤ ᠴᠢᠨᠠᠷ ᠢ ᠬᠠᠮᠠᠭᠠᠯᠠᠬᠤ ᠳᠤ ᠮᠠᠰᠢ ᠴᠢᠬᠤᠯᠠ ᠦᠢᠯᠡᠳᠦᠯ ᠦᠵᠡᠭᠦᠯᠵᠦ ᠪᠠᠶᠢᠨ᠎ᠠ᠃

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ