ᠦᠷᠬᠦᠯᠵᠢ ᠳᠤᠷ᠎ᠠ ᠵᠤᠷᠢᠬ ᠢᠶᠠᠷ ᠢᠶᠠᠨ ᠠᠭᠠᠰᠢᠯᠠᠳᠠᠭ ᠬᠡᠤᠬᠡᠳ ᠢ ᠶᠠᠭᠠᠬᠢᠪᠠᠯ ᠵᠤᠬᠢᠬᠤ ᠪᠤᠢ⁈
ᠨᠡᠶᠢᠲᠡᠯᠡᠭᠰᠡᠨ ᠴᠠᠭ᠄
2023/12/12
   ᠭᠡᠷ ᠤᠨ ᠠᠬᠠᠮᠠᠳ ᠲᠦᠷᠪᠡᠨ ᠨᠠᠰᠤᠳᠠᠢ ᠬᠡᠤᠬᠡᠳ ᠤᠨ ᠢᠶᠠᠨ ᠶᠠᠪᠤᠬᠤ ᠳᠤᠳᠤᠮ ᠳᠤᠷ᠎ᠠ ᠵᠤᠷᠢᠬ ᠢᠶᠠᠷ ᠢᠶᠠᠨ ᠪᠤᠯᠵᠤ᠂ ᠲᠦᠩᠬᠡᠰᠬᠢᠪᠡᠯ ᠠᠭᠤᠷ ᠤᠴᠠᠭᠠᠷ ᠭᠠᠷᠭᠠᠵᠤ᠂ ᠵᠢᠭᠠᠬᠠᠨ ᠰᠠᠨᠠᠭᠠᠨ ᠳᠤᠨᠢ ᠲᠠᠭᠠᠷᠠᠬᠤ ᠦᠭᠡᠢ ᠪᠤᠯ ᠡᠯᠳᠡᠪ ᠢᠶᠠᠷ ᠠᠭᠠᠰᠢᠯᠠᠵᠤ ᠪᠠᠶᠢᠬᠤ ᠶᠢ ᠬᠠᠷᠠᠭᠠᠳ ᠶᠠᠭᠠᠬᠢᠬᠤ ᠪᠠᠨ ᠤᠯᠬᠤ ᠦᠬᠡᠢ ᠭᠠᠷ ᠢᠶᠠᠨ ᠨᠤᠬᠤᠯᠠᠨ ᠭᠠᠴᠢᠬᠳᠠᠵᠤ ᠪᠠᠶᠢᠯ᠎ᠠ᠃ ᠲᠡᠭᠡᠪᠡᠯ ᠬᠡᠤᠬᠡᠳ ᠴᠤᠬᠤᠮ ᠶᠠᠮᠠᠷ ᠰᠢᠯᠳᠠᠭᠠᠨ ᠠᠴᠠ ᠡᠶᠢᠮᠦ ᠪᠤᠯᠵᠤ ᠬᠤᠪᠢᠷᠠᠳᠠᠬ ᠪᠤᠢ︖ ᠬᠡᠷ ᠠᠬᠠᠮᠠᠳ ᠤᠳ ᠶᠠᠭᠠᠬᠢᠵᠤ ᠬᠢᠪᠡᠯ ᠵᠤᠬᠢᠬᠤ ᠪᠤᠢ︖   ᠳᠤᠰᠬᠠᠢ ᠮᠡᠷᠭᠡᠵᠢᠯᠲᠡᠨ ᠤ ᠦᠵᠡᠯᠲᠡ   ᠴᠦᠨ ᠵᠢᠶᠠᠩ ᠬᠡᠦᠬᠡᠳ ᠤᠨ ᠴᠡᠴᠡᠷᠯᠢᠭ ᠤᠨ ᠪᠠᠭᠰᠢ ᠦ᠋ ᠶᠠ ᠴᠢᠩ᠄ ᠬᠡᠦᠬᠡᠳ ᠤᠨ ᠳᠤᠷ᠎ᠠ ᠵᠣᠷᠢᠭ ᠢᠶᠠᠷ ᠢᠶᠠᠨ ᠠᠭᠠᠰᠢᠯᠠᠬᠤ ᠨᠢ ᠦᠨᠡᠨ ᠳᠡᠭᠡᠨ ᠡᠴᠢᠭᠡ ᠡᠬᠡ ᠲᠠᠢ ᠪᠠᠨ ᠡᠰᠡᠷᠭᠦᠴᠡᠯᠳᠦᠬᠦ‍ ᠨᠢᠭᠡ ᠵᠦᠢᠯ ᠤᠨ ᠰᠥᠷᠭᠡᠦ ᠰᠡᠳᠬᠢᠴᠡ ᠮᠥᠨ᠂ ᠡᠭᠦᠨ ᠤ ᠦᠨᠳᠦᠰᠦ ᠰᠤᠷᠪᠤᠯᠵᠢ ᠨᠢ ᠡᠴᠢᠭᠡ ᠡᠬᠡ ᠪᠣᠯᠣᠭᠰᠠᠳ ᠲᠡᠳᠡᠨ ᠤ ᠰᠡᠳᠬᠢᠴᠡ ᠶᠢᠨ ᠱᠠᠭᠠᠷᠳᠠᠯᠭ᠎ᠠ ᠶᠢ ᠴᠢᠬᠤᠯᠠᠴᠢᠯᠠᠭᠰᠠᠨ ᠦᠭᠡᠢ ᠠᠴᠠ ᠪᠣᠯᠤᠭᠰᠠᠨ ᠶᠤᠮ᠃ ᠡᠭᠦᠨ ᠤ ᠬᠠᠮᠲᠤ᠂ ᠬᠡᠦᠬᠡᠳ ᠤᠨ ᠡᠶᠢᠮᠦᠷᠬᠦᠦ ᠦᠢᠯᠡ ᠠᠵᠢᠯᠯᠠᠭ᠎ᠠ ᠨᠢ ᠪᠠᠰᠠ ᠡᠴᠢᠭᠡ ᠡᠬᠡ ᠨᠢ ᠬᠡᠲᠦᠷᠬᠡᠢ ᠢᠯᠳᠠᠷ ᠬᠠᠶᠠᠵᠤ᠂ ᠦᠭᠡ ᠶᠢ ᠨᠢ ᠰᠣᠨᠣᠰᠴᠤ ᠠᠶ᠎ᠠ ᠪᠠᠷ ᠨᠢ ᠳᠠᠯᠪᠢᠬᠰᠠᠨ ᠠᠴᠠ ᠪᠤᠯᠳᠠᠬ᠃ ᠡᠭᠦᠨ ᠠᠴᠠ ᠭᠠᠳᠠᠨ᠎ᠠ᠂ ᠬᠡᠦᠬᠡᠳ ᠲᠤ ᠡᠶᠢᠮᠦ ᠪᠠᠶᠢᠳᠠᠯ ᠭᠠᠷᠬᠤ ᠨᠢ ᠨᠠᠶᠢᠵᠠ ᠨᠥᠬᠦᠳ ᠲᠠᠢ ᠪᠠᠨ ᠶᠠᠪᠤᠯᠴᠠᠬᠤ ᠵᠠᠪᠰᠢᠶᠠᠨ ᠳᠤᠲᠠᠮᠠᠭ ᠠᠴᠠ ᠪᠣᠯᠤᠭᠰᠠᠨ ᠪᠠᠶᠢᠵᠤ ᠮᠡᠳᠡᠨ᠎ᠡ᠃   ᠬᠡᠦᠬᠡᠳ ᠤᠨ ᠳᠤᠷ᠎ᠠ ᠵᠣᠷᠢᠭ ᠢᠶᠠᠷ ᠢᠶᠠᠨ ᠠᠭᠠᠰᠢᠯᠠᠬᠤ ᠳᠤ ᠭᠡᠷ ᠤᠨ ᠠᠬᠠᠮᠠᠳ ᠳᠣᠣᠷᠠᠬᠢ ᠠᠷᠭ᠎ᠠ ᠨᠤᠭᠤᠳ ᠢ ᠬᠡᠷᠡᠭᠯᠡᠵᠦ ᠪᠣᠯᠣᠨ᠎ᠠ᠃ ᠨᠢᠭᠡᠳᠦᠭᠡᠷ ᠲᠤ ᠂ ᠬᠡᠦᠬᠡᠳ ᠳᠤᠷ᠎ᠠ ᠵᠣᠷᠢᠭ ᠢᠶᠠᠷ ᠢᠶᠠᠨ ᠠᠭᠠᠰᠢᠯᠠᠬᠤ ᠦᠶ᠎ᠡ ᠳᠤ᠂ ᠡᠴᠢᠭᠡ ᠡᠬᠡ ᠪᠣᠯᠣᠭᠰᠠᠳ ᠬᠡᠦᠬᠡᠳ ᠤᠨ ᠢᠶᠠᠨ ᠪᠤᠰᠤᠳ ᠰᠢᠨ᠎ᠡ ᠰᠣᠷᠭᠤᠭ ᠬᠡᠷᠡᠭ ᠪᠣᠳᠠᠰ ᠲᠤ ᠠᠮᠠᠷᠬᠠᠨ ᠲᠠᠲᠠᠭᠳᠠᠳᠠᠭ ᠰᠡᠳᠬᠢᠴᠡ ᠶᠢᠨ ᠣᠨᠴᠠᠯᠢᠭ ᠢ ᠠᠰᠢᠭᠯᠠᠨ᠂ ᠬᠡᠦᠬᠡᠳ ᠤᠨ ᠢᠶᠠᠨ ᠠᠩᠬᠠᠷᠤᠯ ᠢ ᠵᠠᠪᠠᠯ ᠬᠢᠨ᠎ᠡ ᠭᠡᠵᠦ ᠵᠢᠳᠬᠦᠵᠦ ᠪᠠᠶᠢᠭ᠎ᠠ ᠶᠠᠪᠤᠳᠠᠯ ᠠᠴᠠ ᠨᠢ ᠰᠢᠯᠵᠢᠭᠦᠯᠵᠦ ᠪᠤᠯᠤᠨ᠎ᠠ᠃   ᠬᠤᠶᠠᠳᠤᠭᠠᠷ ᠲᠤ᠂ ᠡᠴᠢᠭᠡ ᠡᠬᠡ ᠪᠣᠯᠣᠭᠰᠠᠳ ᠬᠡᠦᠬᠡᠳ ᠢᠶᠠᠨ ᠬᠠᠮᠲᠤ ᠨᠥᠬᠦᠳ ᠲᠠᠢ ᠨᠢ ᠢᠯᠡᠬᠦᠬᠡᠨ ᠨᠠᠭᠠᠳᠤᠭᠤᠯᠪᠠᠯ ᠵᠤᠬᠢᠨ᠎ᠠ᠂ ᠤᠴᠢᠷ ᠨᠢ ᠦᠶ᠎ᠡ ᠬᠤᠷᠠᠭᠴᠤᠤᠯ ᠤᠨ ᠢᠶᠠᠨ ᠳᠤᠮᠳᠠ ᠬᠡᠦᠬᠡᠳ ᠳᠤᠷ᠎ᠠ ᠵᠣᠷᠢᠭ ᠢᠶᠠᠷ ᠢᠶᠠᠨ ᠠᠭᠠᠰᠢᠯᠠᠪᠠᠯ ᠪᠤᠰᠤᠳ ᠬᠡᠤᠬᠡᠳ ᠤᠳ ᠬᠠᠮᠳᠤ ᠳᠠᠭᠠᠨ ᠳᠤᠬᠯᠠᠬᠤ ᠪᠠᠨ ᠪᠠᠶᠢᠵᠤ᠂ ᠠᠭᠠᠵᠢᠮ ᠳᠠᠭᠠᠨ ᠠᠭᠠᠰᠢ ᠭᠠᠷᠭᠠᠬᠤ ᠦᠢᠯᠡ ᠠᠵᠢᠯᠯᠠᠭ᠎ᠠ ᠪᠠᠨ ᠬᠤᠪᠢᠷᠠᠭᠤᠯᠳᠠᠭ᠃  ᠭᠤᠷᠪᠠᠳᠤᠭᠠᠷ ᠲᠤ᠂ ᠭᠡᠷ ᠤᠨ ᠠᠬᠠᠮᠠᠳ ᠪᠤᠯᠤᠬᠰᠠᠳ ᠬᠡᠦᠬᠡᠳ ᠢᠶᠠᠨ ᠰᠠᠶᠢᠨ ᠰᠠᠶᠢᠬᠠᠨ ᠦᠢᠯᠡ ᠠᠵᠢᠯᠯᠠᠭᠠᠨ ᠤ ᠳᠠᠳᠬᠠᠯ ᠲᠠᠢ ᠪᠣᠯᠭᠠᠵᠤ᠂ ᠬᠡᠦᠬᠡᠳ ᠤᠨ ᠳᠤᠷ᠎ᠠ ᠵᠣᠷᠢᠭ ᠢᠶᠠᠷ ᠢᠶᠠᠨ ᠠᠭᠠᠰᠢᠯᠠᠬᠤ ᠠᠰᠠᠭᠤᠳᠠᠯ ᠢ ᠦᠨᠳᠦᠰᠦᠨ ᠠᠴᠠ ᠨᠢ ᠰᠶᠢᠳᠪᠦᠷᠢᠯᠡᠵᠦ ᠪᠣᠯᠣᠨ᠎ᠠ᠃ ᠡᠴᠢᠭᠡ ᠡᠬᠡ ᠪᠣᠯᠣᠭᠰᠠᠳ ᠬᠡᠦᠬᠡᠳ ᠢᠶᠠᠨ ᠬᠠᠷᠠᠬᠠᠨ ᠪᠠᠭ᠎ᠠ ᠠᠴᠠ ᠨᠢ ᠰᠠᠶᠢᠨ ᠰᠠᠶᠢᠬᠠᠨ ᠦᠢᠯᠡ ᠠᠵᠢᠯᠯᠠᠭᠠᠨ ᠤ ᠳᠠᠳᠬᠠᠯ ᠲᠠᠢ ᠪᠣᠯᠭᠠᠵᠤ᠂ ᠶᠠᠪᠤᠳᠠᠯ ᠪᠤᠯᠭᠠᠨ ᠢ ᠵᠠᠷᠴᠢᠮ ᠶᠣᠰᠣᠭᠠᠷ ᠶᠠᠪᠤᠬᠳᠠᠭᠤᠯᠪᠠᠯ ᠬᠡᠦᠬᠡᠳ ᠨᠢ ᠤᠬᠠᠮᠰᠠᠷ ᠠᠴᠠ ᠪᠠᠨ ᠡᠴᠢᠭᠡ ᠡᠬᠡ ᠲᠠᠢ ᠪᠠᠨ ᠨᠢᠭᠡᠳᠦᠯᠲᠡᠢ ᠪᠠᠶᠢᠵᠤ ᠴᠢᠳᠠᠨ᠎ᠠ᠃   ᠳᠥᠷᠪᠡᠳᠦᠭᠡᠷ ᠲᠤ᠂ ᠡᠴᠢᠭᠡ ᠡᠬᠡ ᠪᠣᠯᠣᠭᠰᠠᠳ ᠰᠡᠳᠬᠢᠯᠭᠡ ᠶᠢᠨ ᠲᠠᠯ᠎ᠠ ᠪᠠᠷ ᠣᠶᠢᠯᠠᠭᠠᠵᠤ ᠪᠠᠶᠢᠬᠤ ᠪᠠᠨ ᠢᠯᠡᠳᠬᠡᠬᠦ ᠬᠡᠷᠡᠭᠲᠡᠢ᠂ ᠭᠡᠪᠡᠴᠦ ᠦᠢᠯᠡ ᠠᠵᠢᠯᠯᠠᠭ᠎ᠠ ᠶᠢᠨ ᠲᠠᠯ᠎ᠠ ᠪᠠᠷ ᠬᠡᠦᠬᠡᠳ ᠢᠶᠠᠨ ᠬᠢᠵᠠᠭᠠᠷᠯᠠᠬᠤ ᠶᠢ ᠪᠠᠷᠢᠮᠲᠠᠯᠠᠬᠤ ᠬᠡᠷᠡᠭᠲᠡᠢ᠃ ᠵᠢᠱᠢᠶᠡᠯᠡᠪᠡᠯ ᠬᠤᠭᠤᠯᠠ ᠢᠳᠡᠵᠦ ᠪᠠᠶᠢᠬᠤ ᠦᠶ᠎ᠡ ᠳᠤ ᠬᠡᠦᠬᠡᠳ ᠨᠢ ᠰᠢᠷᠡᠭᠡᠨ ᠳᠡᠭᠡᠷ᠎ᠡ ᠥᠪᠡᠷ ᠤᠨ ᠢᠳᠡᠬᠦ ᠳᠤᠷᠠᠲᠠᠢ ᠨᠣᠭᠤᠭ᠎ᠠ ᠪᠠᠶᠢᠬᠤ ᠦᠭᠡᠢ ᠶᠢ ᠦᠵᠡᠭᠡᠳ ᠠᠭᠤᠷ ᠨᠢ ᠬᠦᠷᠴᠦ ᠬᠤᠭᠤᠯᠠ ᠢᠳᠡᠬᠦ ᠦᠭᠡᠢ ᠭᠡᠵᠦ ᠠᠭᠠᠰᠢᠯᠠᠬᠤ ᠦᠶᠡᠰ ᠭᠡᠷ ᠤᠨ ᠠᠬᠠᠮᠠᠳ ᠬᠡᠦᠬᠡᠳ ᠢᠶᠠᠨ ᠬᠥᠲᠥᠯᠥᠨ ᠵᠢᠯᠤᠭᠤᠳᠬᠤ ᠬᠡᠷᠡᠭᠲᠡᠢ᠃   ᠲᠠᠪᠤᠳᠤᠭᠠᠷ ᠲᠤ᠂ ᠬᠡᠦᠬᠡᠳ ᠳᠤᠷ᠎ᠠ ᠵᠣᠷᠢᠭ ᠢᠶᠠᠷ ᠢᠶᠠᠨ ᠠᠭᠠᠰᠢᠯᠠᠵᠤ ᠪᠠᠶᠢᠬᠤ ᠨᠢ ᠦᠷᠬᠦᠯᠵᠢ ᠠᠪᠤ ᠡᠵᠢ ᠶᠢᠨ ᠢᠶᠠᠨ ᠡᠮᠵᠡᠭ ᠲᠠᠯ᠎ᠠ ᠶᠢ ᠪᠠᠷᠢᠬᠰᠠᠨ ᠠᠴᠠ ᠪᠤᠯᠳᠠᠭ᠂ ᠠᠪᠤ ᠡᠵᠢ ᠨᠢ ᠬᠡᠦᠬᠡᠳ ᠤᠨ ᠢᠶᠠᠨ ᠣᠬᠢᠯᠠᠬᠤ ᠠᠴᠠ ᠠᠶᠤᠬᠤ ᠲᠣᠳᠣᠮ ᠬᠡᠦᠬᠡᠳ ᠨᠢ ᠣᠬᠢᠯᠠᠭᠠᠳ ᠵᠤᠬᠰᠤᠬᠤ ᠦᠭᠡᠢ ᠪᠠᠶᠢᠳᠠᠭ᠃ ᠡᠴᠢᠭᠡ ᠡᠬᠡ ᠨᠢ ᠬᠡᠦᠬᠡᠳ ᠢᠶᠠᠨ ᠭᠠᠵᠠᠷ ᠥᠩᠬᠦᠷᠢᠭᠦᠯᠬᠦ ᠠᠴᠠ ᠠᠶᠤᠬᠤ ᠲᠤᠲᠤᠮ ᠬᠡᠦᠬᠡᠳ ᠨᠢ ᠭᠠᠵᠠᠷ ᠥᠩᠬᠦᠷᠢᠲᠦᠭᠡᠳ ᠪᠠᠶᠢᠳᠠᠭ᠃ ᠡᠶᠢᠮᠦ ᠠᠴᠠ ᠬᠡᠤᠬᠡᠳ ᠠᠭᠤᠷᠯᠠᠬᠤ ᠦᠶᠡᠰ ᠡᠴᠢᠭᠡ ᠡᠬᠡ ᠪᠣᠯᠣᠭᠰᠠᠳ ᠵᠠᠪᠠᠯ ᠵᠠᠷᠴᠢᠮ ᠢᠶᠠᠨ ᠪᠠᠷᠢᠮᠲᠠᠯᠠᠵᠤ᠂ ᠲᠡᠪᠴᠢᠬᠦ ᠴᠢᠬᠤᠯᠠᠲᠠᠢ ᠦᠶ᠎ᠡ ᠳᠤ ᠡᠷᠡᠰ ᠲᠡᠪᠴᠢᠬᠦ ᠬᠡᠷᠡᠭᠲᠡᠢ᠃ᠵᠢᠷᠭᠤᠳᠤᠭᠠᠷ ᠲᠤ᠂ ᠵᠠᠷᠢᠮ ᠡᠴᠢᠭᠡ ᠡᠬᠡᠴᠤᠤᠯ ᠬᠡᠦᠬᠡᠳ ᠤᠨ ᠳᠤᠷ᠎ᠠ ᠵᠣᠷᠢᠭ ᠢᠶᠠᠷ ᠢᠶᠠᠨ ᠠᠭᠠᠰᠢᠯᠠᠬᠤ ᠶᠠᠪᠤᠳᠠᠯ ᠢ ᠬᠤᠪᠢᠷᠠᠭᠤᠯᠵᠤ ᠴᠢᠳᠠᠬᠤ ᠦᠭᠡᠢ ᠭᠡᠵᠦ ᠦᠵᠡᠳᠡᠭ᠃ ᠦᠨᠡᠨ ᠳᠡᠭᠡᠨ ᠲᠡᠶᠢᠮᠦ ᠪᠢᠰᠢ᠂ ᠬᠡᠦᠬᠡᠳ ᠤᠨ ᠨᠠᠰᠤ ᠪᠠᠭ᠎ᠠ ᠪᠠᠶᠢᠭ᠎ᠠ ᠤᠴᠢᠷ ᠠᠴᠠ ᠠᠪᠤ ᠡᠵᠢ ᠨᠢ ᠠᠯᠬᠤᠮ ᠳᠠᠷᠠᠭ᠎ᠠ ᠲᠠᠢ ᠪᠠᠷ ᠬᠥᠲᠥᠯᠥᠨ ᠵᠢᠯᠣᠭᠤᠳᠳᠠᠭ ᠯᠠ ᠶᠤᠮ ᠪᠣᠯ ᠳᠤᠷ᠎ᠠ ᠵᠣᠷᠢᠭ ᠢᠶᠠᠷ ᠢᠶᠠᠨ ᠠᠭᠠᠰᠢᠯᠠᠬᠤ ᠭᠡᠮ ᠢ ᠨᠢ ᠯᠠᠪᠲᠠᠢ ᠬᠤᠪᠢᠷᠠᠭᠤᠯᠵᠤ ᠴᠢᠳᠠᠨ᠎ᠠ᠃   ᠬᠡᠦᠬᠡᠳ ᠠᠭᠤᠷᠯᠠᠬᠤ ᠦᠶᠡᠰ ᠵᠦᠪᠬᠡᠨ ᠨᠢᠳᠦᠨ ᠡᠮᠦᠨᠡᠬᠢ ᠠᠰᠠᠭᠤᠳᠠᠯ ᠢ ᠨᠢ ᠰᠶᠢᠳᠪᠦᠷᠢᠯᠡᠵᠦ ᠪᠤᠯᠬᠤ ᠦᠭᠡᠢ᠂ ᠨᠡᠩ ᠴᠢᠬᠤᠯᠠ ᠨᠢ ᠬᠡᠦᠬᠡᠳ ᠤᠨ ᠰᠠᠶᠢᠨ ᠰᠠᠶᠢᠬᠠᠨ ᠦᠢᠯᠡ ᠠᠵᠢᠯᠯᠠᠭᠠᠨ ᠤ ᠳᠠᠳᠬᠠᠯ ᠪᠠ ᠠᠮᠢᠳᠤᠷᠠᠯ ᠤᠨ ᠶᠣᠰᠣ ᠳᠦᠷᠢᠮ ᠢ ᠬᠥᠮᠥᠵᠢᠭᠦᠯᠬᠦ ᠬᠡᠷᠡᠭᠳᠡᠢ᠃ ᠬᠡᠦᠬᠡᠳ ᠲᠤ ᠠᠭᠤᠷᠯᠠᠭᠠᠳ ᠥᠪᠡᠷ ᠤᠨ ᠬᠦᠰᠡᠭᠰᠡᠨ ᠵᠦᠢᠯ ᠢᠶᠠᠨ ᠤᠯᠵᠤ ᠴᠢᠳᠠᠬᠤ ᠦᠭᠡᠢ ᠭᠡᠳᠡᠭ ᠢ ᠲᠠᠨᠢᠭᠤᠯᠵᠤ᠂ ᠨᠡᠩ ᠶᠠᠮᠠᠷ ᠴᠤ ᠠᠰᠠᠭᠤᠳᠠᠯ ᠢ ᠰᠶᠢᠳᠪᠦᠷᠢᠯᠡᠵᠦ ᠴᠢᠳᠠᠬᠤ ᠦᠭᠡᠢ ᠭᠡᠳᠡᠭ ᠢ ᠮᠡᠳᠡᠬᠦᠯᠵᠦ᠂ ᠬᠡᠦᠬᠡᠳ ᠲᠤ ᠵᠠᠷᠢᠮ ᠦᠶᠡᠰ ᠠᠭᠤᠷ ᠤᠴᠠᠭᠠᠷ ᠬᠦᠷᠬᠦ ᠨᠢ ᠬᠡᠪ ᠤᠨ ᠪᠠᠶᠢᠳᠠᠯ ᠪᠠᠶᠢᠵᠤ᠂ ᠭᠡᠪᠡᠴᠦ ᠠᠰᠠᠭᠤᠳᠠᠯ ᠲᠤᠯᠭᠠᠷᠠᠪᠠᠯ ᠥᠪᠡᠷ ᠤᠨ ᠦᠵᠡᠯ ᠪᠣᠳᠣᠯ ᠪᠣᠯᠣᠨ ᠲᠥᠷᠥᠭᠳᠡᠯ ᠢᠶᠠᠨ ᠲᠣᠬᠢᠷᠠᠮᠵᠢᠲᠠᠢ ᠠᠷᠭ᠎ᠠ ᠪᠠᠷ ᠢᠯᠡᠳᠬᠡᠵᠤ ᠰᠤᠷᠬᠤ ᠶᠢ ᠰᠤᠷᠭᠠᠬᠤ ᠬᠡᠷᠡᠭᠳᠡᠢ᠃ ᠭᠡᠷ ᠤᠨ ᠠᠬᠠᠮᠠᠳ ᠪᠤᠯᠤᠬᠰᠠᠳ ᠴᠦ ᠬᠡᠤᠬᠡᠳ ᠤᠨ ᠠᠭᠤᠷ ᠤᠴᠠᠭᠠᠷ ᠭᠠᠷᠭᠠᠬᠤ ᠳᠤ ᠵᠣᠬᠢᠬᠤ ᠬᠡᠮᠵᠢᠶᠡᠨ ᠤ ᠲᠡᠰᠪᠦᠷᠢ ᠲᠡᠪᠴᠢᠶᠡᠷᠢ ᠪᠣᠯᠣᠨ ᠤᠷ᠎ᠠ ᠮᠡᠷᠭᠡᠵᠢᠯ ᠲᠠᠢ ᠪᠠᠶᠢᠬᠤ ᠬᠡᠷᠡᠭᠲᠡᠢ᠂ ᠢᠩᠭᠢᠪᠡᠯ ᠰᠠᠶ᠋ᠢ ᠬᠡᠤᠬᠡᠳ ᠲᠠᠢ ᠪᠠᠨ ᠨᠡᠩ ᠡᠶ᠎ᠡ ᠡᠪᠳᠡᠢ ᠰᠠᠶᠢᠬᠠᠨ ᠬᠠᠷᠢᠴᠠᠵᠤ ᠲᠡᠶᠢᠯᠦᠨ᠎ᠡ᠃   ︵︽ᠠᠷᠠᠳ ᠤᠨ ᠰᠦᠯᠵᠢᠶ᠎ᠡ︾ ᠠᠴᠠ ᠤᠷᠴᠢᠭᠤᠯᠤᠨ ᠨᠠᠶᠢᠷᠠᠭᠤᠯᠪᠠ︶
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ