ᠣᠷᠠᠳ ᠤᠨ ᠡᠮᠦᠨᠡᠲᠦ ᠬᠤᠰᠢᠭᠤᠨ ᠤ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ 3.64 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ ᠴᠠᠬᠢᠯᠭᠠᠨ ᠲᠦᠭᠡᠭᠡᠬᠦ ᠲᠤᠤᠷ ᠢ ᠥᠭᠡᠷᠡᠴᠢᠯᠡᠬᠦ ᠲᠥᠷᠥᠯ  ᠵᠦᠢᠯ ᠢ ᠬᠡᠷᠡᠭᠵᠢᠭᠦᠯᠪᠡ
ᠨᠡᠶᠢᠲᠡᠯᠡᠭᠰᠡᠨ ᠴᠠᠭ᠄
2023/12/19
   ᠡᠨᠡ ᠵᠢᠯ ᠠᠴᠠ ᠨᠠᠭᠠᠰᠢ᠂ ᠤᠷᠠᠳ ᠤᠨ ᠡᠮᠦᠨᠡᠲᠦ ᠬᠤᠰᠢᠭᠤᠨ ᠤ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ 3.64 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ ᠴᠠᠬᠢᠯᠭᠠᠨ ᠲᠦᠭᠡᠭᠡᠬᠦ ᠲᠤᠤᠷ ᠢ ᠥᠭᠡᠷᠡᠴᠢᠯᠡᠬᠦ ᠲᠥᠷᠥᠯ ᠵᠦᠢᠯ ᠢ ᠬᠡᠷᠡᠭᠵᠢᠭᠦᠯᠵᠦ᠂ ᠨᠡᠭᠦᠷᠡᠰᠦ ᠶᠢ ᠴᠠᠬᠢᠯᠭᠠᠨ ᠪᠣᠯᠭᠠᠬᠤ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ᠂ ᠬᠥᠳᠡᠭᠡ ᠲᠣᠰᠬᠤᠨ ᠤ ᠴᠠᠬᠢᠯᠭᠠᠨ ᠲᠤᠤᠷ ᠢ ᠥᠭᠡᠷᠡᠴᠢᠯᠡᠬᠦ ᠵᠡᠷᠭᠡ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠣᠷᠣᠨ ᠨᠤᠲᠤᠭ ᠤᠨ ᠠᠵᠤ ᠠᠬᠤᠶ ᠶᠢᠨ ᠬᠥᠭᠵᠢᠯᠲᠡ ᠪᠣᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠷᠬᠡᠭ ᠶᠡᠭᠡ ᠴᠠᠬᠢᠯᠭᠠᠨ ᠬᠦᠴᠦᠨ ᠤ ᠲᠤᠯᠭᠠᠭᠤᠷᠢᠯᠠᠯ ᠬᠠᠩᠭᠠᠪᠠ᠃   ᠪᠠᠭ᠎ᠠ ᠰᠢᠭᠡᠲᠡᠢ ᠪᠠᠯᠭᠠᠰᠤᠨ ᠤ ᠶᠦᠩ ᠬᠤᠩ ᠲᠣᠰᠬᠤᠨ ᠨᠢ ᠤᠷᠠᠳ ᠤᠨ ᠡᠮᠦᠨᠡᠲᠦ ᠬᠤᠰᠢᠭᠤᠨ ᠤ ᠬᠤᠶᠢᠲᠤ ᠠᠭᠤᠯᠠᠷᠬᠠᠭ ᠣᠷᠣᠨ ᠳᠤ ᠪᠠᠶᠢᠷᠢᠯᠠᠵᠤ᠂ ᠪᠠᠶᠢᠳᠠᠯ ᠠᠴᠠ ᠨᠡᠯᠢᠶᠡᠳ ᠡᠷᠲᠡ ᠬᠦᠢᠲᠡᠨ ᠪᠣᠯᠳᠠᠭ᠃ ᠲᠤᠬᠠᠶ ᠶᠢᠨ ᠭᠠᠵᠠᠷ ᠤᠨ ᠣᠯᠠᠨ ᠲᠦᠮᠡᠨ ᠤ ᠡᠪᠦᠯ ᠤᠨ ᠤᠯᠠᠷᠢᠯ ᠤᠨ ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠵᠦ ᠳᠤᠯᠠᠭᠠᠯᠠᠭ᠎ᠠ ᠶᠢ ᠴᠠᠭ ᠲᠤᠬᠠᠶ ᠳᠤᠨᠢ ᠬᠡᠷᠡᠭᠯᠡᠬᠦ ᠶᠢ ᠪᠠᠲᠤᠯᠠᠬᠤ ᠶᠢᠨ ᠲᠥᠯᠥᠭᠡ᠂ ᠲᠣᠰ ᠬᠤᠰᠢᠭᠤᠨ ᠤ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ ᠨᠢ ᠤᠷᠢᠳᠴᠢᠯᠠᠨ ᠠᠷᠭ᠎ᠠ ᠰᠦᠪᠡᠭᠴᠢᠯᠡᠵᠦ᠂ ᠲᠣᠰᠬᠤᠨ ᠳᠤᠭᠤᠶᠢᠯᠠᠩ ᠲᠣᠭᠤᠷᠢᠭ ᠢᠶᠠᠷ ᠠᠵᠢᠯ ᠢᠶᠠᠨ ᠨᠠᠷᠢᠯᠢᠭᠵᠢᠭᠤᠯᠬᠤ ᠶᠢᠨ ᠬᠠᠮᠲᠤ ᠠᠵᠢᠯ ᠤᠨ ᠬᠤᠭᠤᠴᠠᠭ᠎ᠠ ᠪᠠᠨ ᠲᠤᠩᠭᠤᠷᠤᠤ ᠵᠢᠭᠰᠠᠭᠠᠵᠤ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ᠂ ᠬᠡᠷᠡᠭᠯᠡᠭᠴᠢᠳ ᠤᠨ ᠪᠠᠴᠢᠮ ᠬᠦᠴᠢᠷᠳᠡᠯ ᠪᠠ ᠬᠦᠰᠡᠯ ᠡᠷᠡᠮᠡᠯᠵᠡᠯ ᠤᠨ ᠠᠰᠠᠭᠤᠳᠠᠯ ᠢ ᠴᠠᠭ ᠲᠤᠬᠠᠶ ᠳᠤᠨᠢ  ᠰᠢᠢᠳᠪᠦᠷᠢᠯᠡᠳᠡᠭ᠃ 11 ᠰᠠᠷ᠎ᠠ ᠶᠢᠨ 7 ᠤ ᠡᠳᠦᠷ ᠪᠣᠯᠲᠠᠯ᠎ᠠ᠂ ᠪᠠᠶᠠᠨᠨᠠᠭᠤᠷ ᠤᠨ ᠴᠠᠬᠢᠯᠭᠠᠨ ᠬᠠᠩᠭᠠᠬᠤ ᠺᠣᠮᠫᠠᠨᠢ ᠶᠢᠨ ᠤᠷᠠᠳ ᠤᠨ ᠡᠮᠦᠨᠡᠲᠦ ᠬᠤᠰᠢᠭᠤᠨ ᠤ ᠠᠩᠬᠠᠳᠠᠭᠴᠢ ᠪᠦᠯᠦᠭ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠢᠵᠢ ᠪᠦᠷᠢᠳᠦᠭᠦᠯᠬᠦ ᠴᠠᠬᠢᠯᠭᠠᠨ ᠲᠤᠤᠷ ᠤᠨ ᠥᠭᠡᠷᠡᠴᠢᠯᠡᠯᠲᠡ ᠶᠢᠨ ᠲᠥᠷᠥᠯ  ᠵᠦᠢᠯ ᠤᠨ ᠪᠠᠭ᠎ᠠ ᠰᠢᠭᠡᠲᠡᠢ ᠪᠠᠯᠭᠠᠰᠤᠨ ᠤ ᠲᠥᠷᠥᠯ ᠵᠦᠢᠯ ᠤᠷᠢᠳᠴᠢᠯᠠᠨ ᠪᠠᠷᠢᠯᠭ᠎ᠠ ᠳᠠᠭᠤᠰᠴᠤ ᠠᠰᠢᠭᠯᠠᠯᠲᠠ ᠳᠤ ᠣᠷᠣᠵᠤ᠂ 512 ᠡᠷᠦᠬᠡ ᠶᠢᠨ ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ ᠠᠭᠠᠷ ᠤᠨ ᠡᠨᠧᠷᠭᠢ ᠪᠠᠷ ᠳᠤᠯᠠᠭᠠᠯᠠᠬᠤ ᠲᠥᠬᠦᠭᠡᠷᠦᠮᠵᠢ ᠶᠢ ᠪᠦᠬᠦᠨ ᠢ ᠠᠰᠢᠭᠯᠠᠯᠲᠠ ᠳᠤ ᠣᠷᠣᠭᠤᠯᠵᠤ᠂ ᠲᠣᠰ ᠪᠠᠯᠭᠠᠰᠤᠨ ᠤ ᠮᠠᠯᠴᠢᠨ ᠲᠠᠷᠢᠶᠠᠴᠢᠨ ᠤ ᠡᠪᠦᠯ ᠤᠨ ᠤᠯᠠᠷᠢᠯ ᠤᠨ ᠳᠤᠯᠠᠭᠠᠯᠠᠭ᠎ᠠ ᠶᠢᠨ ᠠᠷᠢᠭᠤᠨ ᠴᠡᠪᠡᠷ ᠤᠨ ᠬᠢᠷᠢ ᠲᠦᠪᠰᠢᠨ ᠢ ᠲᠦᠢᠯ ᠤᠨ ᠶᠡᠭᠡ ᠪᠠᠷ ᠳᠡᠭᠡᠭᠰᠢᠯᠡᠭᠦᠯᠪᠡ᠃   ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ᠂ ᠬᠠᠭᠤᠴᠢᠨ ᠰᠠᠭᠤᠭᠠᠯᠢ ᠲᠣᠭᠤᠷᠢᠭ᠂ ᠬᠥᠳᠡᠭᠡ ᠲᠣᠰᠬᠤᠨ ᠤ ᠪᠠ ᠬᠤᠲᠠ ᠶᠢᠨ ᠲᠣᠣᠷ ᠢ ᠥᠭᠡᠷᠡᠴᠢᠯᠡᠬᠦ ᠵᠡᠷᠭᠡ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ  ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠶᠢᠨ ᠲᠥᠯᠥᠭᠡ᠂ ᠤᠷᠠᠳ ᠤᠨ ᠡᠮᠦᠨᠡᠲᠦ ᠬᠤᠰᠢᠭᠤᠨ ᠤ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ ᠨᠢ ᠪᠠᠷᠢᠯᠭ᠎ᠠ ᠶᠢᠨ ᠠᠵᠢᠯ ᠤᠨ ᠪᠤᠳᠤᠯᠢᠶᠠᠨᠲᠤ ᠬᠡᠮᠵᠢᠶ᠎ᠡ ᠪᠣᠯᠣᠨ ᠠᠶᠤᠯ ᠲᠦᠭᠰᠢᠭᠦᠷᠢ ᠶᠢᠨ ᠳᠡᠰ ᠤᠨ ᠬᠡᠮᠵᠢᠶ᠎ᠡ ᠶᠢ ᠦᠨᠳᠦᠰᠦᠯᠡᠨ ᠲᠥᠯᠥᠪᠯᠡᠭᠡ ᠳᠡᠭᠡᠨ ᠳᠡᠰ ᠬᠤᠪᠢᠶᠠᠵᠤ᠂ ᠪᠠᠷᠢᠯᠭ᠎ᠠ ᠶᠢᠨ ᠠᠵᠢᠯ ᠤᠨ ᠪᠠᠶᠢᠴᠠᠭᠠᠯᠲᠠ ᠶᠢ ᠴᠢᠩᠭᠠᠳᠬᠠᠵᠤ᠂ ᠪᠠᠷᠢᠯᠭ᠎ᠠ ᠶᠢᠨ ᠲᠠᠯ᠎ᠠ ᠶᠢᠨ ᠴᠠᠬᠢᠯᠭᠠᠨ ᠲᠦᠭᠡᠭᠡᠬᠦ ᠲᠣᠣᠷ ᠤᠨ ᠢᠨᠵᠧᠨᠧᠷᠢᠩ ᠤᠨ ᠪᠠᠷᠢᠮᠵᠢᠶᠠᠲᠤ ᠤᠷᠠᠨ ᠳᠠᠷᠬ᠎ᠠ ᠵᠢᠴᠢ ᠨᠡᠶᠢᠲᠡᠯᠢᠭ ᠵᠢᠷᠤᠭ ᠲᠥᠯᠥᠪᠯᠡᠭᠡ ᠶᠢ ᠬᠡᠷᠡᠭᠵᠢᠭᠦᠯᠬᠦ ᠶᠢ ᠴᠢᠩᠭ᠎ᠠ ᠱᠠᠭᠠᠷᠳᠠᠵᠤ᠂ ︽ᠥᠯᠢᠭᠡᠷ ᠵᠢᠱᠢᠶ᠎ᠡ ᠪᠠᠷ ᠵᠠᠮ ᠳᠠᠭᠠᠭᠤᠯᠬᠤ᠂ ᠵᠢᠱᠢᠶ᠎ᠡ ᠦᠵᠡᠭᠦᠯᠦᠨ ᠤᠷᠢᠳᠠᠪᠠᠷ ᠬᠡᠷᠡᠭᠵᠢᠭᠦᠯᠬᠦ︾ ᠪᠦᠲᠦᠭᠡᠨ ᠪᠠᠶᠢᠭᠤᠯᠤᠯᠲᠠ ᠶᠢᠨ ᠰᠡᠳᠬᠢᠮᠵᠢ ᠶᠢ ᠦᠷᠭᠦᠯᠵᠢᠯᠡᠭᠦᠯᠦᠨ᠂ ︽ᠨᠢᠭᠡ ᠶᠢ ᠪᠠᠶᠢᠭᠤᠯᠪᠠᠯ ᠨᠢᠭᠡ ᠶᠢ ᠪᠠᠭᠤᠯᠭᠠᠬᠤ︾ ᠠᠷᠭ᠎ᠠ ᠪᠠᠷ ᠠᠩᠬᠠᠨ ᠤ ᠪᠠᠷᠢᠯᠭ᠎ᠠ ᠶᠢ ᠪᠦᠲᠦᠭᠡᠨ ᠪᠠᠶᠢᠭᠤᠯᠵᠤ᠂ ᠴᠠᠬᠢᠯᠭᠠᠨ ᠲᠦᠭᠡᠭᠡᠬᠦ ᠲᠣᠣᠷ ᠤᠨ ᠢᠨᠵᠧᠨᠧᠷᠢᠩ ᠤᠨ ︽ᠨᠢᠭᠡ ᠬᠦᠰᠦᠨᠦᠭᠲᠦ᠂ ᠨᠢᠭᠡ ᠵᠢᠷᠤᠭ᠂ ᠨᠢᠭᠡ ᠬᠠᠭᠤᠳᠠᠰᠤ︾ ᠶᠢᠨ ᠪᠠᠷᠢᠮᠵᠢᠶᠠᠵᠢᠭᠤᠯᠤᠭᠰᠠᠨ ᠬᠢᠨᠠᠨ ᠬᠠᠷᠭᠤᠭᠤᠯᠬᠤ ᠳᠦᠷᠢᠮ ᠢ ᠪᠦᠲᠦᠮᠵᠢᠲᠡᠶ ᠬᠡᠷᠡᠭᠵᠢᠭᠦᠯᠬᠦ ᠶᠢ ᠢᠳᠡᠪᠬᠢᠲᠡᠢ ᠠᠬᠢᠭᠤᠯᠤᠨ᠎ᠠ᠃ ᠡᠭᠦᠨ ᠤ ᠬᠠᠮᠲᠤ᠂ ︽ᠨᠢᠭᠡ ᠶᠢ ᠵᠣᠭᠰᠣᠭᠠᠵᠤ ᠢᠯᠡᠭᠦᠦ ᠠᠵᠢᠯᠯᠠᠭᠤᠯᠬᠤ︾ ᠵᠠᠷᠴᠢᠮ ᠶᠣᠰᠣᠭᠠᠷ᠂ ᠪᠠᠷᠢᠯᠭ᠎ᠠ ᠶᠢᠨ ᠨᠢᠭᠡᠴᠡ ᠶᠢᠨ ᠪᠠᠷᠢᠯᠭ᠎ᠠ ᠶᠢᠨ ᠬᠦᠴᠦᠨ ᠢᠶᠠᠨ ᠭᠦᠢᠴᠡᠳ ᠲᠣᠬᠢᠷᠠᠭᠤᠯᠤᠨ ᠪᠦᠷᠢᠨ ᠲᠣᠬᠢᠷᠠᠭᠤᠯᠬᠤ ᠶᠢ ᠴᠢᠩᠭ᠎ᠠ ᠱᠠᠭᠠᠷᠳᠠᠵᠤ᠂ ᠪᠠᠷᠢᠯᠭ᠎ᠠ ᠶᠢᠨ ᠠᠬᠢᠴᠠ ᠶᠢ ᠬᠥᠮᠥᠨ ᠳᠤᠲᠠᠭᠳᠠᠬᠤ ᠦᠭᠡᠢ ᠪᠠᠶᠢᠬᠤ ᠶᠢ ᠪᠠᠲᠤᠯᠠᠨ᠂ ᠪᠠᠷᠢᠯᠭ᠎ᠠ ᠶᠢᠨ ᠶᠡᠷᠦᠩᠬᠡᠢ ᠬᠡᠷᠡᠭᠵᠢᠭᠦᠯᠦᠯᠲᠡ ᠶᠢᠨ ᠠᠬᠢᠴᠠ ᠶᠢ ᠪᠥᠬᠦ ᠬᠦᠴᠦᠨ ᠢᠶᠠᠷ ᠢᠶᠠᠨ ᠥᠨᠳᠥᠷ ᠪᠦᠲᠦᠮᠵᠢᠲᠡᠶ ᠪᠠᠷ ᠠᠬᠢᠭᠤᠯᠵᠤ᠂ ᠴᠠᠬᠢᠯᠭᠠᠨ ᠵᠣᠭᠰᠣᠬᠤ ᠤᠳᠠᠭ᠎ᠠ ᠪᠠ ᠴᠠᠬᠢᠯᠭᠠᠨ ᠵᠣᠭᠰᠣᠬᠤ ᠴᠠᠭ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠨ᠎ᠠ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ