ᠣᠷᠠᠳ ᠤᠨ ᠡᠮᠦᠨᠡᠲᠦ ᠬᠤᠰᠢᠭᠤ ︽ᠲᠥᠷᠥᠭᠰᠡᠨ ᠠᠨᠠᠭᠠᠬᠤ ᠤᠬᠠᠭᠠᠨ ᠤ ᠭᠡᠷᠡᠴᠢ︾ ᠶᠢᠨ ᠬᠠᠮᠢᠶᠠᠷᠤᠯᠲᠠ ᠶᠢᠨ ᠠᠵᠢᠯ ᠢ ᠴᠢᠩᠭᠠᠳᠬᠠᠪᠠ
ᠨᠡᠶᠢᠲᠡᠯᠡᠭᠰᠡᠨ ᠴᠠᠭ᠄
2023/12/19
   ᠣᠶᠢᠷ᠎ᠠ ᠳᠤ᠂ ᠤᠷᠠᠳ ᠤᠨ ᠡᠮᠦᠨᠡᠲᠦ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠢᠨ ᠲᠣᠰ ᠬᠤᠰᠢᠭᠤᠨ ᠤ ᠰᠢᠭᠤᠳ ᠬᠠᠷᠢᠶ᠎ᠠ ᠡᠮᠴᠢᠯᠡᠭᠡᠨ ᠤ ᠪᠠᠶᠢᠭᠤᠯᠤᠮᠵᠢ ᠳᠤ ᠬᠦᠷᠴᠦ ᠲᠤᠰᠬᠠᠶ ᠰᠢᠪᠠᠳᠠᠨ ᠪᠠᠶᠢᠴᠠᠭᠠᠯᠲᠠ ᠬᠢᠵᠦ᠂ ᠪᠥᠬᠦ ᠬᠤᠰᠢᠭᠤᠨ ᠤ ︽ᠲᠥᠷᠥᠭᠰᠡᠨ ᠠᠨᠠᠭᠠᠬᠤ ᠤᠬᠠᠭᠠᠨ ᠤ ᠭᠡᠷᠡᠴᠢ︾ ᠶᠢᠨ ᠬᠠᠮᠢᠶᠠᠷᠤᠯᠲᠠ ᠶᠢᠨ ᠠᠵᠢᠯ ᠢ ᠴᠢᠩᠭᠠᠳᠬᠠᠪᠠ᠃   ᠰᠢᠪᠠᠳᠠᠨ ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ᠂ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ᠂ ᠡᠭᠡ ᠨᠢᠯᠬᠠᠰ ᠤᠨ ᠡᠷᠡᠭᠦᠯᠵᠢᠯ ᠲᠥᠯᠥᠪᠯᠡᠭᠡᠲᠦ ᠦᠷᠡᠵᠢᠯ ᠤᠨ ᠦᠢᠯᠡᠴᠢᠯᠡᠭᠡᠨ ᠤ ᠲᠥᠪ ᠵᠡᠷᠭᠡ ᠭᠠᠵᠠᠷ ᠲᠤ ᠬᠦᠷᠴᠦ᠂ ︽ᠲᠦᠷᠦᠭᠰᠡᠨ ᠠᠨᠠᠭᠠᠬᠤ ᠤᠬᠠᠭᠠᠨ ᠤ ᠭᠡᠷᠡᠴᠢ︾ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠪᠣᠯᠤᠨ ᠭᠠᠷ ᠤᠨ ᠦᠰᠦᠭ ᠵᠢᠷᠤᠵᠤ ᠶᠠᠪᠤᠭᠤᠯᠬᠤ ᠪᠠᠶᠢᠭᠤᠯᠤᠮᠵᠢ ᠶᠢᠨ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠪᠣᠯᠤᠨ ᠲᠠᠩᠰᠠ ᠡᠪᠬᠡᠮᠡᠯ ᠳᠤ ᠣᠷᠣᠭᠤᠯᠤᠭᠰᠠᠨ ᠮᠠᠲ᠋ᠧᠷᠢᠶᠠᠯ ᠢ ᠪᠠᠶᠢᠴᠠᠭᠠᠨ ᠦᠵᠡᠵᠦ᠂ ᠡᠮᠴᠢᠯᠡᠭᠡᠨ ᠤ ᠪᠠᠶᠢᠭᠤᠯᠤᠮᠵᠢ ᠠᠴᠠ ᠭᠠᠳᠠᠨ᠎ᠠ ᠲᠥᠷᠥᠭᠰᠡᠳ ᠲᠤ ᠭᠠᠷ ᠤᠨ ᠥᠰᠥᠭ ᠵᠢᠷᠤᠵᠤ ᠣᠯᠭᠤᠭᠰᠠᠨ ᠬᠠᠮᠢᠶᠠᠷᠤᠯᠲᠠ᠂ ᠲᠠᠩᠰᠠ ᠡᠪᠬᠡᠮᠡᠯ ᠤᠨ ᠮᠡᠳᠡᠭᠡ ᠵᠠᠩᠭᠢ ᠵᠢᠴᠢ ᠠᠵᠢᠯᠲᠠᠨ ᠤ ᠬᠠᠮᠢᠶᠠᠷᠤᠯᠲᠠ ᠵᠡᠷᠭᠡ ᠪᠠᠶᠢᠳᠠᠯ ᠢ ᠣᠶᠢᠯᠠᠭᠠᠬᠤ ᠶᠢᠨ ᠬᠠᠮᠲᠤ ᠡᠯ᠎ᠡ ᠡᠮᠴᠢᠯᠡᠭᠡᠨ ᠤ ᠪᠠᠶᠢᠭᠤᠯᠤᠮᠵᠢ ᠶᠢ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠵᠢᠷᠮᠦᠰᠦᠨ ᠪᠦᠰᠡᠬᠦᠢ ᠶᠢᠨ ᠦᠨᠡᠨ ᠨᠡᠷ᠎ᠡ ᠶᠢᠨ ᠲᠦᠷᠢᠮ ᠢᠶᠠᠷ ᠡᠮᠨᠡᠯᠭᠡ ᠳᠤ ᠣᠷᠣᠬᠤ ᠶᠢ ᠴᠢᠩᠭ᠎ᠠ ᠬᠡᠷᠡᠭᠵᠢᠬᠦᠯᠦᠨ᠂ ᠬᠥᠮᠦᠨ ᠪᠠ ᠭᠡᠷᠡᠴᠢ ᠶᠢᠨ ᠮᠡᠳᠡᠭᠡ ᠵᠠᠩᠭᠢ ᠨᠡᠶᠢᠴᠡᠬᠦ ᠥᠬᠡᠶ ᠪᠠᠶᠢᠳᠠᠯ ᠭᠠᠷᠬᠤ ᠠᠴᠠ ᠵᠠᠶᠢᠯᠠᠰᠬᠢᠨ᠂ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠭᠠᠷ ᠤᠨ ᠦᠰᠦᠭ ᠵᠢᠷᠣᠭᠴᠢ ᠠᠴᠠ ᠨᠠᠰᠤᠨ ᠲᠤᠷᠰᠢᠳᠠ ᠶᠢᠨ ᠬᠠᠷᠢᠭᠤᠴᠠᠯᠭ᠎ᠠ ᠨᠡᠬᠡᠮᠵᠢᠯᠡᠬᠦ ᠳᠦᠷᠢᠮ ᠢ ᠬᠡᠷᠡᠭᠵᠢᠭᠦᠯᠬᠦ ᠶᠢ ᠱᠠᠭᠠᠷᠳᠠᠪᠠ᠃    ︽ᠲᠥᠷᠥᠭᠰᠡᠨ ᠠᠨᠠᠭᠠᠬᠤ ᠤᠬᠠᠭᠠᠨ ᠤ ᠭᠡᠷᠡᠴᠢ︾ ᠨᠢ ᠬᠥᠮᠦᠨ ᠤ ᠠᠮᠢᠳᠤᠷᠠᠯ ᠤᠨ ᠠᠩᠬᠠᠨ ᠤ ᠭᠡᠷᠡᠴᠢ ᠪᠣᠯᠤᠭᠰᠠᠨ ᠤ ᠬᠤᠪᠢ ᠳᠤ᠂  ᠡᠴᠢᠭᠡ ᠡᠬᠡ ᠦᠷ᠎ᠡ ᠬᠡᠦᠬᠡᠳ ᠤᠨ ᠬᠠᠷᠢᠴᠠᠭ᠎ᠠ ᠶᠢ ᠬᠠᠤᠯᠢ ᠪᠠᠷ ᠮᠠᠭᠠᠳᠯᠠᠨ ᠲᠣᠭᠲᠠᠭᠠᠬᠤ ᠴᠢᠬᠤᠯᠠ ᠦᠨᠳᠦᠰᠦᠯᠡᠯ ᠮᠥᠨ᠃ ᠪᠠᠶᠢᠴᠠᠭᠠᠯᠲᠠ ᠪᠠᠷ ᠳᠡᠮᠵᠢᠨ᠂ ᠪᠥᠬᠦ ᠬᠤᠰᠢᠭᠤᠨ ᠤ ᠡᠮᠴᠢᠯᠡᠭᠡᠨ ᠤ ᠪᠠᠶᠢᠭᠤᠯᠤᠮᠵᠢ ᠶᠢᠨ ︽ᠲᠥᠷᠥᠭᠰᠡᠨ ᠠᠨᠠᠭᠠᠬᠤ ᠤᠬᠠᠭᠠᠨ ᠤ ᠭᠡᠷᠡᠴᠢ︾ ᠶᠢ ᠣᠯᠭᠤᠬᠤ ᠠᠵᠢᠯ ᠳᠤ ᠠᠯᠳᠠᠭ᠎ᠠ ᠪᠤᠷᠤᠭᠤ ᠥᠬᠡᠶ ᠪᠣᠯᠭᠠᠬᠤ ᠪᠠ ᠳᠦᠷᠢᠮᠵᠢᠭᠦᠯᠬᠦ᠂ ᠵᠢᠷᠤᠮᠵᠢᠭᠤᠯᠤᠨ ᠬᠠᠮᠢᠶᠠᠷᠬᠤ ᠳᠤ ᠢᠳᠡᠪᠬᠢᠲᠡᠶ ᠠᠬᠢᠭᠤᠯᠬᠤ ᠦᠢᠯᠡᠳᠦᠯ ᠦᠵᠡᠭᠦᠯᠪᠡ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ