ᠣᠷᠠᠳ ᠤᠨ ᠡᠮᠦᠨᠡᠲᠦ ᠬᠤᠰᠢᠭᠤ᠄ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠰᠢᠨᠡᠳᠬᠡᠵᠦ ᠦᠵᠡᠰᠬᠦᠯᠡᠩᠲᠦ ᠬᠡᠷ ᠣᠷᠣᠨ ᠢᠶᠠᠨ ᠪᠥᠲᠥᠭᠡᠨ ᠪᠠᠶᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2023/12/26
    ᠲᠠᠷᠢᠶᠠᠯᠠᠩ ᠤᠨ ᠪᠠᠩᠬᠢ ᠶᠢᠨ ᠰᠠᠭᠤᠭᠠᠯᠢ ᠠᠷᠠᠳ ᠤᠨ ᠲᠣᠭᠤᠷᠢᠭ ᠪᠣᠯ ᠤᠷᠠᠳ ᠤᠨ ᠡᠮᠦᠨᠡᠲᠦ ᠬᠤᠰᠢᠭᠤᠨ ᠤ ᠡᠨᠡ ᠵᠢᠯ ᠤᠨ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠤᠭᠰᠠᠨ ᠤ ᠳᠣᠲᠣᠷᠠᠬᠢ ᠨᠢᠭᠡ ᠨᠢ ᠪᠣᠯᠤᠨ᠎ᠠ᠃ ᠲᠣᠰ ᠰᠠᠭᠤᠭᠠᠯᠢ ᠠᠷᠠᠳ ᠤᠨ ᠲᠣᠭᠤᠷᠢᠭ ᠢ 2001 ᠣᠨ ᠳᠤ ᠪᠠᠶᠢᠭᠤᠯᠵᠤ ᠳᠠᠭᠤᠰᠬᠠᠪᠠ᠂  ᠣᠷᠴᠢᠮ ᠤᠨ ᠵᠢᠯ ᠠᠴᠠ ᠨᠠᠰᠢ  ᠡᠨᠡ ᠬᠦ ᠰᠠᠭᠤᠭᠠᠯᠢ ᠠᠷᠠᠳ ᠤᠨ ᠲᠣᠭᠤᠷᠢᠭ ᠤᠨ ᠡᠯ᠎ᠡ ᠵᠦᠢᠯ ᠤᠨ ᠲᠣᠨᠤᠭ ᠲᠥᠬᠦᠭᠡᠷᠦᠮᠵᠢ ᠨᠢ ᠬᠠᠭᠤᠴᠢᠷᠠᠵᠤ ᠡᠪᠳᠡᠷᠡᠭᠡᠳ ᠨᠢᠭᠡᠨᠲᠡ ᠠᠷᠠᠳ ᠤᠨ ᠠᠮᠢᠳᠤᠷᠠᠯ ᠤᠨ ᠬᠡᠷᠡᠭᠴᠡᠭᠡ ᠶᠢ ᠬᠠᠩᠭᠠᠵᠤ ᠳᠡᠶᠢᠯᠬᠦ ᠥᠬᠡᠶ ᠪᠣᠯᠣᠭᠰᠠᠨ ᠠᠴᠠ᠂ ᠡᠨᠡ ᠵᠢᠯ ᠤᠰᠤ᠂ ᠴᠠᠬᠢᠯᠭᠠᠨ᠂ ᠳᠤᠯᠠᠭᠠᠯᠠᠭ᠎ᠠ ᠵᠡᠷᠭᠡ ᠲᠥᠬᠦᠭᠡᠷᠦᠮᠵᠢ ᠶᠢ ᠰᠢᠨᠡᠳᠬᠡᠬᠦ᠂ ᠰᠢᠨ᠎ᠡ ᠪᠠᠷ ᠵᠠᠮ ᠳᠡᠪᠢᠰᠬᠦ᠂ ᠠᠰᠠᠷ ᠤᠨ ᠭᠠᠳᠠᠷ ᠬᠡᠷᠡᠮ ᠳᠤ ᠳᠤᠯᠠᠭᠠᠯᠠᠭ᠎ᠠ ᠶᠢᠨ ᠮᠠᠲ᠋ᠧᠷᠢᠶᠠᠯ ᠣᠷᠣᠭᠤᠯᠬᠤ᠂ ᠪᠤᠳᠤᠭ ᠰᠢᠷᠳᠡᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ ᠰᠠᠭᠤᠭᠠᠯᠢ ᠠᠷᠠᠳ ᠤᠨ ᠲᠣᠭᠤᠷᠢᠭ ᠤᠨ ᠢᠵᠢ ᠪᠥᠷᠢᠳᠦᠭᠦᠯᠬᠦ ᠴᠢᠳᠠᠮᠵᠢ ᠶᠢ ᠲᠡᠭᠦᠯᠳᠡᠷᠵᠢᠬᠦᠯᠦᠨ᠂ ᠣᠷᠣᠨ ᠵᠠᠢ ᠶᠢᠨ ᠪᠠᠶᠢᠷᠢᠯᠠᠭᠤᠯᠤᠯᠲᠠ ᠶᠢ ᠨᠠᠩ ᠵᠣᠬᠢᠰᠲᠠᠢ ᠪᠣᠯᠭᠠᠪᠠ᠃     ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠰᠢᠨᠡᠳᠬᠡᠬᠦ ᠶᠠᠪᠤᠴᠠ ᠳᠤ᠂ ᠤᠷᠠᠳ ᠤᠨ ᠡᠮᠦᠨᠡᠲᠦ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠨᠢ ᠣᠯᠠᠨ ᠲᠦᠮᠡᠨ ᠣᠷᠣᠯᠴᠠᠭᠰᠠᠨ᠂ ᠣᠯᠠᠨ ᠲᠦᠮᠡᠨ ᠰᠡᠳᠬᠢᠯ ᠬᠠᠨᠤᠮᠵᠢᠲᠠᠶ ᠪᠠᠶᠢᠬᠤ ᠰᠡᠳᠬᠢᠮᠵᠢ ᠪᠠᠷ ᠥᠭᠡᠷᠡᠴᠢᠯᠡᠨ ᠰᠢᠨᠡᠳᠬᠡᠬᠦ ᠲᠥᠰᠦᠯ ᠲᠣᠭᠲᠠᠭᠠᠨ᠂ ᠰᠠᠭᠤᠭᠠᠯᠢ ᠠᠷᠠᠳ ᠤᠨ ᠲᠣᠭᠤᠷᠢᠭ ᠲᠤ ᠢᠯᠴᠢ ᠬᠠᠩᠭᠠᠬᠤ᠂ ᠤᠰᠤ ᠬᠠᠩᠭᠠᠬᠤ᠂ ᠤᠰᠤ ᠵᠠᠯᠠᠬᠤ᠂ ᠴᠠᠬᠢᠯᠭᠠᠨ ᠬᠦᠴᠦᠨ ᠤ ᠬᠤᠭᠤᠯᠠᠶ ᠶᠢᠨ ᠲᠤᠤᠷ᠂ ᠬᠠᠲᠠᠭᠤᠷᠠᠭᠤᠯᠬᠤ᠂ ᠨᠣᠭᠤᠭᠠᠷᠠᠭᠤᠯᠬᠤ᠂ ᠬᠤᠭ ᠨᠣᠪᠰᠢ ᠬᠤᠷᠢᠶᠠᠨ ᠬᠠᠳᠠᠭᠠᠯᠠᠬᠤ ᠪᠡᠯᠡᠳᠬᠡᠮᠵᠢ᠂ ᠰᠠᠭᠠᠳ ᠥᠬᠡᠶ ᠪᠡᠯᠡᠳᠬᠡᠮᠵᠢ ᠵᠡᠷᠭᠡ ᠲᠥᠷᠥᠯ ᠵᠦᠢᠯ ᠤᠨ ᠥᠭᠡᠷᠡᠴᠢᠯᠡᠯᠲᠡ ᠶᠢ ᠬᠡᠷᠡᠭᠵᠢᠭᠦᠯᠵᠦ᠂ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠣᠷᠴᠢᠨ ᠲᠣᠭᠤᠷᠢᠨ ᠪᠠ ᠬᠤᠲᠠ ᠶᠢᠨ ᠳᠦᠷᠰᠦ ᠪᠠᠶᠢᠳᠠᠯ ᠢ ᠪᠥᠬᠦ ᠲᠠᠯ᠎ᠠ ᠪᠠᠷ ᠰᠠᠶᠢᠵᠢᠷᠠᠭᠤᠯᠪᠠ᠃    ︽ᠪᠦᠬᠦᠯᠢ ᠴᠣᠭᠴᠠ ᠶᠢᠨ ᠲᠥᠷᠥᠯ ᠵᠦᠢᠯ ᠢ ᠥᠭᠡᠷᠡᠴᠢᠯᠡᠨ ᠪᠠᠶᠢᠭᠤᠯᠵᠤ ᠳᠠᠭᠤᠰᠬᠠᠭᠰᠠᠨ ᠤ ᠳᠠᠷᠠᠭ᠎ᠠ᠂ ᠰᠠᠭᠤᠭᠠᠯᠢ ᠠᠷᠠᠳ ᠤᠨ ᠲᠣᠭᠤᠷᠢᠭ ᠤᠨ ᠪᠦᠬᠦᠯᠢ ᠴᠣᠭᠴᠠ ᠶᠢᠨ ᠣᠷᠴᠢᠨ ᠲᠣᠭᠤᠷᠢᠨ ᠤ ᠳᠦᠷᠰᠦ ᠪᠠᠶᠢᠳᠠᠯ ᠢ ᠪᠦᠲᠦᠮᠵᠢᠲᠡᠶ ᠰᠠᠶᠢᠵᠢᠷᠠᠭᠤᠯᠤᠨ ᠳᠡᠭᠡᠭᠰᠢᠯᠡᠭᠦᠯᠵᠦ᠂ ︿ᠴᠢᠳᠠᠮᠵᠢ ᠨᠢ ᠪᠦᠷᠢᠨ ᠲᠡᠭᠦᠯᠳᠡᠷ᠂ ᠲᠥᠬᠦᠭᠡᠷᠦᠮᠵᠢ ᠨᠢ ᠪᠦᠷᠢᠨ ᠬᠦᠢᠴᠡᠳ᠂ ᠣᠷᠣᠰᠢᠨ ᠰᠠᠭᠤᠬᠤ ᠳᠤ ᠲᠠᠭᠠᠯᠠᠮᠵᠢᠲᠠᠶ﹀ ᠬᠠᠷᠠᠯᠲᠠ ᠶᠢ ᠠᠯᠬᠤᠮ ᠠᠯᠬᠤᠮ ᠢᠶᠠᠷ ᠪᠡᠶᠡᠯᠡᠭᠦᠯᠵᠦ᠂ ᠰᠠᠭᠤᠬᠤ ᠠᠴᠠ ᠣᠷᠣᠨ ᠰᠠᠭᠤᠴᠠ ᠲᠠᠢ ᠪᠠᠶᠢᠭᠰᠠᠨ ᠠᠴᠠ ᠣᠷᠣᠰᠢᠨ ᠰᠠᠭᠤᠬᠤ ᠳᠤ ᠲᠣᠬᠢᠷᠠᠮᠵᠢᠲᠠᠶ  ᠪᠣᠯᠭᠠᠨ᠂ ᠨᠠᠩ ᠣᠯᠠᠨ ᠬᠠᠭᠤᠴᠢᠨ ᠰᠠᠭᠤᠭᠠᠯᠢ ᠠᠷᠠᠳ ᠤᠨ ᠠᠮᠤᠷ ᠲᠠᠶᠢᠪᠤᠩ ᠣᠷᠣᠰᠢᠨ ᠰᠠᠭᠤᠬᠤ ᠬᠦᠰᠡᠯ ᠢ ᠪᠡᠶᠡᠯᠡᠬᠦᠯᠦᠨ᠎ᠡ︾ ᠭᠡᠵᠦ ᠲᠣᠰ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠲᠠᠰᠤᠭ ᠤᠨ ᠴᠢᠨ ᠷᠦᠢ ᠬᠡᠯᠡᠵᠦ ᠪᠠᠶᠢᠪᠠ᠃    2019 ᠣᠨ ᠠᠴᠠ ᠡᠬᠢᠯᠡᠨ᠂ ᠤᠷᠠᠳ ᠤᠨ ᠡᠮᠦᠨᠡᠲᠦ ᠬᠤᠰᠢᠭᠤ 71 ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠰᠢᠨᠡᠳᠬᠡᠬᠦ ᠲᠥᠷᠥᠯ ᠵᠦᠢᠯ ᠢ ᠵᠠᠯᠭᠠᠭ᠎ᠠ ᠪᠠᠷ ᠬᠡᠷᠡᠭᠵᠢᠭᠦᠯᠵᠦ᠂ ᠡᠨᠡ ᠵᠢᠯ 11 ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠲᠤ ᠢᠵᠢ ᠪᠦᠷᠢᠳᠦᠭᠦᠯᠬᠦ ᠰᠠᠭᠤᠷᠢ ᠪᠠ ᠣᠯᠠᠨ ᠨᠡᠶᠢᠲᠡ ᠶᠢᠨ ᠦᠢᠯᠡᠴᠢᠯᠡᠬᠡᠨ ᠤ ᠥᠭᠡᠷᠡᠴᠢᠯᠡᠯᠲᠡ ᠬᠢᠵᠦ᠂ ᠥᠭᠡᠷᠡᠴᠢᠯᠡᠨ ᠰᠢᠨᠡᠳᠬᠡᠬᠦ ᠪᠠᠷᠢᠯᠭ᠎ᠠ ᠶᠢᠨ ᠶᠡᠷᠦᠩᠬᠡᠶ ᠲᠠᠯᠠᠪᠠᠶ ᠨᠢ ᠪᠠᠷᠤᠭ 16.98 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠦ᠂ 1890 ᠡᠷᠦᠬᠡ ᠲᠠᠢ ᠬᠤᠯᠪᠣᠭᠳᠠᠪᠠ᠃ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠵᠠᠰᠠᠬᠤ ᠢᠨᠵᠧᠨᠧᠷᠢᠩ ᠢ ᠦᠷᠭᠦᠯᠵᠢᠯᠡᠨ ᠠᠬᠢᠭᠤᠯᠬᠤ ᠶᠢ ᠳᠠᠭᠠᠯᠳᠤᠨ᠂ ᠬᠠᠭᠤᠴᠢᠨ ᠰᠠᠭᠤᠭᠠᠯᠢ ᠠᠷᠠᠳ ᠤᠨ ᠠᠰᠠᠷ ᠤᠳ ᠰᠢᠨ᠎ᠡ ᠳᠦᠷᠰᠦ ᠪᠠᠶᠢᠳᠠᠯ ᠲᠠᠢ ᠪᠣᠯᠪᠠ᠃    ᠡᠨᠡ ᠵᠢᠯ ᠠᠴᠠ ᠤᠷᠠᠳ ᠤᠨ ᠡᠮᠦᠨᠡᠲᠦ ᠬᠤᠰᠢᠭᠤ ᠠᠷᠠᠳ ᠤᠨ ᠠᠮᠢᠳᠤᠷᠠᠯ ᠤᠨ ᠳᠤᠲᠠᠭᠤᠳᠠᠯ ᠢ ᠨᠥᠬᠦᠪᠥᠷᠢᠯᠡᠬᠦ ᠣᠷᠣᠭᠤᠯᠤᠯᠲᠠ ᠪᠠᠨ ᠤᠯᠠᠮ ᠨᠢᠭᠡ ᠠᠯᠬᠤᠮ ᠨᠡᠮᠡᠭᠳᠡᠭᠦᠯᠪᠡ᠃ ᠪᠣᠬᠢᠷᠲᠤᠯ ᠦᠭᠡᠶ᠂ ᠠᠷᠪᠢᠲᠠᠶ᠂ ᠥᠨᠳᠥᠷ ᠪᠦᠲᠦᠮᠵᠢᠲᠡᠶ᠂ ᠵᠣᠬᠢᠴᠠᠩᠭᠤᠶ ᠠᠷᠢᠭᠤᠨ ᠴᠡᠪᠡᠷ ᠢᠯᠴᠢ ᠬᠠᠩᠭᠠᠬᠤ ᠰᠢᠰᠲ᠋ᠧᠮᠵᠢ ᠶᠢ ᠢᠳᠡᠪᠬᠢᠲᠡᠶ ᠪᠠᠷ ᠪᠠᠶᠢᠭᠤᠯᠬᠤ ᠲᠠᠯ᠎ᠠ ᠪᠠᠷ  ᠴᠢᠷᠮᠠᠶᠢᠯᠭ᠎ᠠ  ᠭᠠᠷᠭᠠᠵᠤ᠂ ᠲᠠᠷᠢᠶᠠᠯᠠᠬᠤ ᠮᠠᠯᠵᠢᠬᠤ ᠣᠷᠣᠨ ᠤ ᠨᠡᠭᠦᠷᠡᠰᠦ ᠶᠢ ᠴᠠᠬᠢᠯᠭᠠᠨ ᠪᠣᠯᠭᠠᠬᠤ ᠲᠥᠷᠥᠯ ᠵᠦᠢᠯ ᠢ ᠶᠡᠬᠡᠪᠡᠷ ᠬᠡᠷᠡᠭᠵᠢᠭᠦᠯᠵᠦ᠂ ᠲᠥᠷᠥᠯ ᠵᠦᠢᠯ ᠤᠨ ᠬᠤᠭᠤᠴᠠᠭ᠎ᠠ ᠨᠢ ᠭᠤᠷᠪᠠᠨ ᠵᠢᠯ ᠪᠠᠶᠢᠵᠤ᠂ ᠨᠡᠶᠢᠲᠡ 22839 ᠡᠷᠦᠬᠡ  ᠲᠠᠢ ᠬᠤᠯᠪᠣᠭᠳᠠᠨ᠎ᠠ᠃ ᠢᠵᠢ ᠪᠦᠷᠢᠨ ᠪᠤᠰᠤ ᠣᠷᠣᠨ ᠰᠠᠭᠤᠴᠠ ᠶᠢ ᠥᠭᠡᠷᠡᠴᠢᠯᠡᠬᠦ ᠶᠢ ᠶᠡᠬᠡᠪᠡᠷ ᠠᠬᠢᠭᠤᠯᠵᠤ᠂ ᠯᠢ ᠵᠢᠩ ᠰᠢᠨ᠎ᠡ ᠬᠤᠲᠠ ᠶᠢᠨ ᠡᠷᠭᠢᠨ ᠲᠣᠭᠤᠷᠢᠨ᠂ ᠰᠢᠨ ᠶᠤᠸᠠᠨ ᠰᠠᠭᠤᠭᠠᠯᠢ ᠲᠣᠭᠤᠷᠢᠭ ᠤᠨ ᠡᠷᠭᠢᠨ ᠲᠣᠭᠤᠷᠢᠨ᠂ ᠰᠢᠩ ᠶᠧ ᠬᠤᠸᠠ ᠲᠢᠩ ᠤᠨ 3 ᠢᠵᠢ ᠪᠦᠷᠢᠨ ᠪᠣᠰᠣ ᠣᠷᠣᠨ ᠰᠠᠭᠤᠴᠠ ᠶᠢ ᠥᠭᠡᠷᠡᠴᠢᠯᠡᠬᠦ ᠲᠥᠷᠦᠯ ᠵᠦᠢᠯ ᠤᠨ ᠪᠡᠯᠡ ᠣᠷᠣᠭᠤᠯᠤᠯᠲᠠ ᠨᠢ 6030 ᠲᠦᠮᠡᠨ ᠲᠥᠭᠦᠷᠢᠭ ᠪᠠᠶᠢᠵᠤ᠂ 650 ᠡᠷᠦᠬᠡ ᠳᠤ ᠬᠤᠯᠪᠣᠭᠳᠠᠨ᠎ᠠ᠃ ︽ᠢᠵᠢ ᠪᠦᠷᠢᠳᠦᠭᠦᠯᠬᠦ ᠪᠤᠰᠤ︾ ᠠᠴᠠ ︽ᠢᠵᠢ ᠪᠦᠷᠢᠳᠦᠭᠦᠯᠬᠦ︾ ᠪᠣᠯᠭᠠᠨ᠂ ᠰᠠᠭᠤᠭᠠᠯᠢ ᠠᠷᠠᠳ ᠢ ᠡᠷᠲᠡᠬᠡᠨ ᠲᠠᠭᠠᠯᠠᠮᠵᠢᠲᠠᠶ ︽ᠰᠢᠨ᠎ᠡ ᠭᠡᠷ︾ ᠲᠤ ᠰᠠᠭᠤᠯᠭᠠᠬᠤ  ᠪᠣᠯᠣᠨ᠎ᠠ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ