ᠸᠠᠩ ᠵᠢᠶᠦ᠋ᠨ ᠵᠢᠶᠧ ᠪᠦᠯᠬᠦᠮ ᠳᠠᠭᠠᠭᠤᠯᠤᠨ ᠪᠤᠭᠤᠲᠤ ᠬᠤᠲᠠ ᠳᠤ ᠬᠦᠷᠴᠦ ᠲᠠᠷᠢᠶᠠᠯᠠᠩ ᠤᠨ ᠰᠣᠶᠣᠯ ᠵᠢᠭᠤᠯᠴᠢᠯᠠᠯ ᠤᠨ ᠲᠥᠷᠥᠯ  ᠵᠦᠢᠯ ᠤᠨ ᠲᠤᠬᠠᠶ ᠶᠠᠷᠢᠯᠴᠠᠪᠠ
ᠨᠡᠶᠢᠲᠡᠯᠡᠭᠰᠡᠨ ᠴᠠᠭ᠄
2023/12/28
     12 ᠰᠠᠷ᠎ᠠ ᠶᠢᠨ 26 ᠤ ᠡᠳᠦᠷ᠂ ᠤᠷᠠᠳ ᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠸᠠᠩ ᠵᠢᠶᠦ᠋ᠨ ᠵᠢᠶᠧ ᠪᠦᠯᠬᠦᠮ ᠳᠠᠭᠠᠭᠤᠯᠤᠨ ᠪᠤᠭᠤᠲᠤ ᠬᠤᠲᠠ ᠳᠤ ᠬᠦᠷᠴᠦ᠂ ᠾᠧᠩ ᠷᠦᠨ ᠰᠢᠨᠵᠢᠯᠡᠬᠦ ᠤᠬᠠᠭᠠᠨ ᠮᠡᠷᠭᠡᠵᠢᠯ ᠤᠨ ᠪᠦᠯᠦᠭᠯᠡᠯ ᠲᠠᠢ ᠲᠠᠷᠢᠶᠠᠯᠠᠩ ᠤᠨ ᠰᠣᠶᠣᠯ ᠵᠢᠭᠤᠯᠴᠢᠯᠠᠯ ᠤᠨ ᠲᠥᠷᠥᠯ ᠵᠦᠢᠯ  ᠤᠨ ᠲᠤᠬᠠᠶ ᠶᠠᠷᠢᠯᠴᠠᠪᠠ᠃

王俊杰包头调研.jpg

     ᠶᠠᠷᠢᠯᠴᠠᠬᠤ ᠬᠤᠷᠠᠯ ᠳᠡᠭᠡᠷ᠎ᠡ᠂ ᠾᠧᠩ ᠷᠦᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠦᠯᠦᠭᠯᠡᠯ ᠤᠨ ᠶᠡᠷᠦᠩᠬᠡᠶ ᠵᠠᠬᠢᠷᠤᠯ ᠳ᠋ᠦ᠋ ᠲᠢᠩ

ᠤᠷᠠᠳ ᠤᠨ ᠡᠮᠦᠨᠡᠲᠦ ᠬᠤᠰᠢᠭᠤᠨ ᠤ ᠰᠣᠶᠣᠯ ᠤᠨ ᠨᠠᠶᠢᠷ ᠤᠨ ᠪᠡᠯᠡᠳᠬᠡᠯ ᠲᠥᠰᠦᠯ ᠢ ᠨᠠᠷᠢᠨ ᠲᠠᠨᠢᠯᠴᠠᠭᠤᠯᠵᠤ᠂ ᠰᠢᠨ᠎ᠡ ᠵᠢᠯ  ᠪᠣᠯᠬᠤ ᠶᠢ ᠠᠰᠢᠭᠯᠠᠨ᠂ ︽

ᠰᠢᠨ᠎ᠡ ᠵᠢᠯ ᠤᠨ ᠵᠠᠩ ᠳᠠᠳᠬᠠᠯ᠂ ᠰᠢᠨ᠎ᠡ ᠵᠢᠯ ᠤᠨ ᠪᠠᠷᠠᠭ᠎ᠠ᠂ ᠰᠢᠨ᠎ᠡ ᠵᠢᠯ ᠤᠨ ᠶᠣᠰᠣᠯᠠᠯ᠂ ᠰᠢᠨ᠎ᠡ ᠵᠢᠯ ᠤᠨ ᠦᠨᠦᠷ ᠠᠮᠲᠠ︾ ᠳᠤ ᠠᠩᠬᠠᠷᠤᠯ ᠢᠶᠠᠨ

ᠲᠥᠪᠯᠡᠷᠡᠭᠦᠯᠵᠦ᠂ ᠨᠢᠭᠡ ᠤᠳᠠᠭᠠᠨ ᠤ ᠣᠨᠴᠠᠯᠢᠭᠲᠤ ᠰᠣᠶᠣᠯ ᠤᠨ ᠠᠵᠢᠯᠯᠠᠭ᠎ᠠ ᠶᠢ ᠪᠣᠶ ᠪᠣᠯᠭᠠᠬᠤ ᠪᠠᠷ ᠲᠥᠯᠥᠪᠯᠡᠵᠦ ᠪᠣᠶ᠃

     ᠸᠠᠩ ᠵᠢᠶᠦ᠋ᠨ ᠵᠢᠶᠧ ᠠᠴᠠ᠂ ᠾᠧᠩ ᠷᠦᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠦᠯᠦᠭᠯᠡᠯ ᠪᠣᠯ ᠪᠥᠬᠦ ᠳᠡᠯᠡᠬᠡᠶ ᠶᠢᠨ ᠲᠡᠷᠢᠭᠦᠨ ᠤ

ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠪᠣᠯᠤᠨ᠎ᠠ᠂ ᠰᠣᠶᠣᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂

ᠰᠣᠶᠣᠯ ᠤᠨ ᠲᠣᠨᠣᠭᠯᠠᠯ ᠤᠨ ᠠᠵᠤ ᠦᠢᠯᠡᠰ ᠵᠡᠷᠭᠡ ᠲᠠᠯ᠎ᠠ ᠪᠠᠷ ᠡᠯᠪᠡᠭ ᠪᠠᠶᠠᠯᠢᠭ ᠡᠵᠡᠩᠨᠡᠯᠲᠡ ᠶᠢᠨ ᠲᠤᠷᠰᠢᠯᠭ᠎ᠠ ᠲᠠᠢ ᠶᠤᠮ ᠃ ᠤᠷᠠᠳ ᠤᠨ ᠡᠮᠦᠨᠡᠲᠦ

ᠬᠤᠰᠢᠭᠤ ᠡᠬᠢ ᠪᠠᠶᠠᠯᠢᠭ ᠤᠨ ᠳᠠᠪᠠᠭᠤᠯᠢᠭ ᠲᠠᠢ᠂ ᠠᠮᠢ ᠠᠬᠤᠶ ᠶᠢᠨ ᠡᠯᠧᠮᠧᠨ᠋ᠲ ᠪᠦᠷᠢᠨ ᠭᠦᠢᠴᠡᠳ᠂ ᠲᠡᠦᠬᠡ ᠰᠣᠶᠣᠯ ᠥᠨᠢ ᠤᠳᠠᠭᠠᠨ ᠪᠠᠶᠢᠵᠤ᠂

ᠬᠦᠰᠡᠬᠦ ᠨᠢ ︽ᠰᠣᠶᠣᠯ ᠤᠷᠠᠯᠢᠭ ᠤᠨ ᠦᠵᠡᠭᠦᠯᠭᠡ︾᠂ ︽ᠬᠤᠷᠰᠢᠯᠴᠠᠨ ᠪᠡᠶᠡᠴᠢᠯᠡᠨ ᠣᠶᠢᠯᠠᠭᠠᠬᠤ︾᠂ ︽ᠲᠣᠭᠠᠴᠢᠯᠠᠭᠰᠠᠨ ᠪᠡᠶᠡᠴᠢᠯᠡᠨ ᠣᠶᠢᠯᠠᠭᠠᠬᠤ︾

᠂ ︽ᠠᠮᠢᠳᠤᠷᠠᠯ ᠤᠨ ᠵᠠᠬ᠎ᠠ ᠳᠡᠯᠭᠡᠭᠦᠷ ᠤᠨ ᠴᠤᠭᠯᠠᠷᠠᠯ︾᠂ ︽ᠬᠡᠷᠡᠯ ᠵᠢᠷᠤᠭ ᠤᠨ ᠦᠵᠡᠭᠦᠯᠭᠡ︾ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂

ᠤᠷᠠᠳ ᠤᠨ ᠡᠮᠦᠨᠡᠲᠦ ᠬᠤᠰᠢᠭᠤᠨ ᠤ ᠥᠪᠡᠷᠮᠢᠴᠡ ᠰᠣᠶᠣᠯ᠂ ᠪᠦᠲᠦᠭᠡᠭᠳᠡᠬᠦᠨ ᠪᠠ ᠠᠮᠲᠠᠲᠤ ᠢᠳᠡᠭᠡᠨ ᠢ ᠭᠦᠢᠴᠡᠳ ᠳᠡᠯᠭᠡᠨ ᠦᠵᠡᠭᠦᠯᠵᠦ᠂ ᠨᠠᠩ

ᠣᠯᠠᠨ ᠵᠤᠭᠠᠴᠠᠭᠰᠠᠳ ᠲᠤ ᠤᠷᠠᠳ ᠤᠨ ᠡᠮᠦᠨᠡᠲᠦ ᠬᠤᠰᠢᠭᠤᠨ ᠤ ᠥᠪᠡᠷᠮᠢᠴᠡ ᠷᠡᠳᠢ ᠰᠢᠳᠢ ᠶᠢ ᠣᠶᠢᠯᠠᠭᠠᠭᠤᠯᠬᠤ ᠬᠡᠷᠡᠭᠲᠡᠢ ᠭᠡᠪᠡ᠃

     ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠ ᠪᠠᠶᠠᠨᠪᠢᠯᠢᠭ᠌ ᠵᠢᠴᠢ ᠬᠤᠰᠢᠭᠤᠨ ᠤ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋

ᠲᠧᠯᠸᠢᠰ ᠤᠨ ᠲᠣᠪᠴᠢᠶ᠎ᠠ᠂ ᠪᠠᠯᠠ ᠣᠷᠣᠭᠤᠯᠤᠯᠲᠠ ᠶᠢ ᠠᠬᠢᠭᠤᠯᠬᠤ ᠲᠥᠪ᠂ ᠰᠣᠶᠣᠯ ᠵᠢᠭᠤᠯᠴᠢᠯᠠᠯ ᠤᠨ ᠪᠠᠯᠠ ᠣᠷᠣᠭᠤᠯᠤᠯᠲᠠ ᠶᠢᠨ ᠺᠣᠮᠫᠠᠨᠢ ᠶᠢᠨ

ᠬᠠᠮᠢᠶ᠎ᠠ ᠪᠥᠬᠦᠶ ᠬᠠᠷᠢᠭᠤᠴᠠᠯᠭᠠᠲᠠᠨ ᠰᠢᠨᠵᠢᠯᠡᠨ ᠪᠠᠶᠢᠴᠠᠭᠠᠬᠤ ᠳᠤ ᠣᠷᠣᠯᠴᠠᠪᠠ᠃

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ