ᠸᠠᠩ ᠵᠢᠶᠦ᠋ᠨ ᠵᠢᠶᠧ ᠬᠤᠰᠢᠭᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠪᠠ
ᠨᠡᠶᠢᠲᠡᠯᠡᠭᠰᠡᠨ ᠴᠠᠭ᠄
2023/12/28
     12 ᠰᠠᠷ᠎ᠠ ᠶᠢᠨ 26 ᠤ ᠡᠳᠦᠷ᠂ ᠤᠷᠠᠳ ᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠸᠠᠩ ᠵᠢᠶᠦ᠋ᠨ ᠵᠢᠶᠧ ᠬᠤᠰᠢᠭᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠵᠤ᠂ ᠡᠳ᠋ ᠤᠨ ᠵᠠᠰᠠᠭ ᠤᠨ ᠲᠥᠰᠦᠪ ᠤᠨ ᠲᠣᠬᠢᠷᠠᠭᠤᠯᠤᠯᠲᠠ ᠶᠢᠨ ᠬᠤᠯᠪᠣᠭᠳᠠᠯ ᠪᠦᠬᠦᠷ ᠤᠴᠢᠷ ᠶᠠᠪᠤᠳᠠᠯ ᠢ ᠲᠤᠰᠬᠠᠢ ᠰᠡᠳᠦᠪ ᠢᠶᠠᠷ ᠰᠤᠳᠤᠯᠪᠠ᠃     ᠬᠤᠷᠠᠯ ᠠᠴᠠ ᠵᠢᠭᠠᠵᠤ ᠭᠠᠷᠭᠠᠭᠰᠠᠨ ᠨᠢ᠂ ᠡᠨᠡ ᠵᠢᠯ ᠠᠴᠠ ᠨᠠᠰᠢ᠂ ᠪᠤᠳᠤᠯᠢᠶᠠᠲᠠᠢ ᠠᠵᠤ ᠠᠬᠤᠢ ᠶᠢᠨ ᠪᠠᠶᠢᠳᠠᠯ ᠪᠠ ᠬᠦᠨᠳᠦ ᠶᠡᠭᠡ ᠬᠥᠭᠵᠢᠯᠲᠡ  ᠶᠢᠨ ᠡᠭᠦᠷᠭᠡ ᠶᠢᠨ ᠡᠮᠦᠨ᠎ᠡ᠂ ᠬᠤᠰᠢᠭᠤ ᠵᠠᠰᠠᠭ ᠤᠨ ᠣᠷᠳᠣᠨ ᠠᠴᠠ ᠪᠦᠲᠦᠮᠵᠢᠲᠡᠢ ᠠᠷᠭ᠎ᠠ ᠬᠡᠮᠵᠢᠶ᠎ᠡ ᠠᠪᠴᠤ᠂ ᠵᠠᠷᠤᠯᠭ᠎ᠠ ᠶᠢᠨ ᠪᠦᠲᠦᠴᠡ ᠶᠢ ᠤᠯᠠᠮ ᠨᠢᠭᠡ ᠠᠯᠬᠤᠮ ᠰᠢᠯᠢᠲᠡᠭᠵᠢᠭᠦᠯᠦᠨ᠂  ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ  ᠠᠰᠢᠭ ᠢ ᠬᠦᠴᠦᠯᠡᠨ ᠳᠡᠭᠡᠭᠰᠢᠯᠡᠭᠦᠯᠵᠦ ᠂《 ᠭᠤᠷᠪᠠ ᠶᠢ ᠪᠠᠳᠤᠯᠠᠬᠤ 》 ᠬᠤᠷᠢᠭ᠎ᠠ ᠱᠤᠭᠤᠮ ᠢ ᠦᠨᠡᠨᠬᠦ ᠪᠠᠲᠦᠯᠠᠵᠤ᠂ ᠵᠠᠰᠠᠭ ᠤᠨ ᠣᠷᠳᠣᠨ ᠤ ᠦᠷᠢ ᠥᠭᠴᠡᠭᠡ ᠪᠠ ᠡᠳ᠋ ᠤᠨ ᠵᠠᠰᠠᠭ ᠤᠨ ᠠᠵᠢᠯᠯᠠᠭᠠᠨ ᠤ ᠲᠦᠭᠰᠢᠭᠦᠷᠢ ᠶᠢ ᠪᠥᠬᠦ ᠬᠦᠴᠦᠨ ᠢᠶᠠᠷ ᠢᠶᠠᠨ ᠰᠡᠷᠭᠡᠶᠢᠯᠡᠨ ᠠᠷᠢᠯᠭᠠᠵᠤ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ  ᠳᠤ ᠬᠦᠴᠦᠲᠡᠢ ᠪᠠᠲᠤᠯᠠᠭ᠎ᠠ ᠬᠠᠩᠭᠠᠭᠰᠠᠨ ᠪᠠᠶᠢᠨ᠎ᠠ ᠭᠡᠵᠡᠢ᠃     ᠬᠤᠷᠠᠯ ᠠᠴᠠ ᠴᠢᠬᠤᠯᠠᠴᠢᠯᠠᠬᠰᠠᠨ ᠨᠢ ᠂  ᠡᠳ᠋ ᠤᠨ ᠵᠠᠰᠠᠭ ᠤᠨ ᠲᠥᠰᠦᠪ ᠲᠤ ᠰᠢᠨᠵᠢᠯᠡᠬᠦ ᠤᠬᠠᠭᠠᠨᠴᠢ ᠲᠣᠬᠢᠷᠠᠭᠤᠯᠤᠯᠲᠠ ᠬᠢᠬᠦ ᠨᠢ ᠡᠳ᠋ ᠤᠨ ᠵᠠᠰᠠᠭ ᠤᠨ ᠪᠡᠯᠠ ᠮᠥᠩᠭᠦᠨ ᠤ ᠲᠣᠬᠢᠷᠠᠭᠤᠯᠤᠯᠲᠠ ᠪᠠ ᠵᠠᠷᠤᠯᠭ᠎ᠠ ᠶᠢᠨ ᠪᠦᠲᠦᠴᠡ ᠶᠢ ᠰᠢᠯᠢᠲᠡᠭᠵᠢᠭᠦᠯᠵᠦ᠂ ᠭᠤᠣᠯᠳᠠᠯᠭ᠎ᠠ ᠲᠠᠢ ᠳᠥᠷᠦᠯ ᠵᠦᠢᠯ ᠤᠨ ᠪᠡᠯᠡ ᠮᠥᠩᠭᠦ ᠶᠢᠨ ᠬᠡᠷᠡᠭᠴᠡᠭᠡ ᠶᠢ ᠪᠠᠲᠤᠯᠠᠨ᠂ ᠡᠳ᠋ ᠤᠨ ᠵᠠᠰᠠᠭ ᠤᠨ ᠪᠠᠯᠠ ᠮᠥᠩᠭᠦ ᠶᠢᠨ ᠲᠣᠬᠢᠷᠠᠭᠤᠯᠤᠯᠲᠠ  ᠪᠠ ᠬᠡᠷᠡᠭᠯᠡᠯᠲᠡ‌‍ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠳᠡᠭᠡᠳᠦ  ᠱᠠᠲᠤᠨ ᠤ ᠡᠯ᠎ᠡ ᠳᠥᠷᠦᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠠᠵᠢᠯ ᠤᠨ ᠲᠣᠬᠢᠷᠠᠭᠤᠯᠤᠯᠲᠠ ᠶᠢ ᠪᠤᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠳᠤ ᠠᠰᠢᠭᠲᠠᠢ ᠶᠤᠮ᠃ ᠪᠥᠬᠦ ᠬᠤᠰᠢᠭᠤ ᠪᠠᠷ ᠢᠶᠠᠨ ᠠᠷᠪᠢᠯᠠᠨ ᠭᠠᠮᠨᠠᠬᠤ ᠦᠵᠡᠯ ᠰᠠᠨᠠᠭ᠎ᠠ  ᠶᠢ ᠪᠠᠲᠤ ᠪᠠᠬᠢ ᠪᠤᠢ ᠪᠣᠯᠭᠠᠵᠤ᠂ ᠲᠥᠰᠦᠪ ᠤᠨ ᠬᠠᠮᠢᠶᠠᠷᠤᠯᠲᠠ ᠶᠢ ᠴᠢᠩᠭ᠎ᠠ ᠠᠳᠬᠤᠨ᠂ ᠪᠥᠬᠦ ᠬᠦᠴᠦᠨ ᠢᠶᠠᠷ ᠢᠶᠠᠨ 《  ᠴᠠᠯᠢᠩ ᠢ ᠪᠠᠲᠦᠯᠠᠵᠤ᠂ ᠡᠷᠬᠢᠯᠲᠡ ᠶᠢ ᠪᠠᠳᠤᠯᠠᠨ᠂ ᠠᠷᠠᠳ ᠤᠨ ᠦᠨᠳᠦᠰᠦᠨ ᠠᠮᠢᠳᠤᠷᠠᠯ ᠢ ᠪᠠᠲᠦᠯᠠᠵᠦ︾᠂ ᠬᠢᠵᠠᠭᠠᠷᠲᠠᠢ ᠡᠳ᠋ ᠤᠨ ᠬᠦᠴᠦᠨ ᠢᠶᠠᠨ ᠦᠨᠡᠨ  ᠬᠦ ᠠᠮᠢᠳᠤᠯᠢᠭ ᠢᠶᠠᠷ ᠬᠡᠷᠡᠭᠯᠡᠵᠦ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠡᠷᠡᠭᠦᠯ ᠲᠤᠭᠳᠠᠭᠤᠨ ᠢᠶᠠᠷ ᠬᠦᠭᠵᠢᠬᠦ ᠶᠢ ᠠᠬᠢᠭᠤᠯᠬᠤ ᠬᠡᠷᠡᠭᠲᠡᠢ ᠭᠡᠪᠡ᠃     ᠬᠤᠷᠠᠯ ᠳᠡᠭᠡᠷ᠎ᠡ ᠂ ᠪᠠᠰᠠ ᠣᠯᠠᠨ ᠨᠠᠶᠢᠳᠠ ᠶᠢᠨ ᠬᠤᠪᠢ ᠶᠢᠨ ᠡᠵᠡᠩᠨᠡᠯᠲᠡ ᠶᠢᠨ ᠬᠠᠮᠲᠤᠷᠠᠯᠴᠠᠭᠠᠨ ᠤ ᠳᠦᠷᠢᠮ ᠤᠨ PPP ᠳᠦᠷᠦᠯ ᠵᠦᠢᠯ ᠢ ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠬᠤ᠂ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ  ᠴᠡᠭᠴᠡᠯᠡᠨ  ᠰᠠᠶᠢᠵᠢᠷᠠᠭᠤᠯᠬᠤ ᠵᠡᠷᠭᠡ ᠪᠤᠳᠠᠲᠠᠢ ᠠᠵᠢᠯ ᠳᠦᠷᠦᠯ ᠳᠤ  ᠪᠠᠶᠢᠷᠠᠯᠠᠭᠤᠯᠤᠯᠲᠠ ᠬᠢᠭᠰᠡᠨ ᠪᠠᠶᠢᠨ᠎ᠠ᠃ 
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ