ᠰᠢᠨᠬᠤᠸᠠ ᠬᠤᠷᠢᠶ᠎ᠠ ᠶᠢᠨ ᠪᠡᠭᠡᠵᠢᠩ ᠤᠨ 11 ᠰᠠᠷ᠎ᠠ ᠶᠢᠨ 28 ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ | ᠲᠣᠪᠴᠢᠶ᠎ᠠ 11 ᠰᠠᠷ᠎ᠠ ᠶᠢᠨ 27 ᠤ ᠦᠳᠡ ᠶᠢᠨ ᠬᠤᠶᠢᠨ᠎ᠠ ᠭᠠᠳᠠᠭᠠᠳᠤ ᠲᠠᠢ ᠬᠤᠯᠪᠣᠭᠳᠠᠬᠤ ᠬᠠᠤᠯᠢ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠬᠤ | ᠲᠤᠬᠠᠢ ᠠᠷᠪᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠪᠡ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ | ᠰᠤᠷᠤᠯᠴᠠᠯᠭ᠎ᠠ ᠶᠢ ᠡᠷᠭᠢᠯᠡᠭᠦ ᠳᠡᠭᠡᠨ᠂ ᠭᠠᠳᠠᠭᠠᠳᠤ ᠲᠠᠢ ᠬᠤᠯᠪᠣᠭᠳᠠᠬᠤ ᠬᠠᠤᠯᠢ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠬᠤ ᠪᠣᠯ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ | ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠶᠢᠨ ᠠᠯᠤᠰ ᠭᠡᠳᠦ ᠶᠢᠨ ᠬᠡᠷᠡᠭᠴᠡᠭᠡ ᠪᠤᠯᠬᠤ ᠪᠠᠷ ᠪᠠᠷᠠᠬᠤ ᠦᠭᠡᠢ᠂ ᠪᠠᠰᠠ ᠴᠤ | ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠠᠬᠢᠭᠤᠯᠵᠤ᠂ ᠭᠠᠳᠠᠭᠠᠳᠤ ᠶᠢᠨ ᠠᠶᠤᠯ ᠲᠦᠭᠰᠢᠭᠦᠷᠢ ᠥᠷᠢᠰᠦᠯᠳᠦᠭᠡᠨ ᠢ ᠠᠷᠭᠠᠴᠠᠭᠠᠬᠤ | ᠲᠤᠯᠭᠠᠮ ᠡᠭᠦᠷᠭᠡ ᠪᠣᠯᠣᠨ᠎ᠠ᠃ ᠤᠯᠤᠰ ᠤᠨ ᠳᠣᠲᠣᠭᠠᠳᠤ ᠪᠠ ᠤᠯᠠᠨ ᠤᠯᠤᠰ ᠭᠡᠬᠦ ᠬᠤᠶᠠᠷ ᠶᠡᠭᠡ ᠲᠠᠯ᠎ᠠ ᠶᠢ ᠨᠡᠩ ᠰᠠᠶᠢᠲᠤᠷ ᠨᠢᠭᠡᠳᠦᠯᠲᠡᠢ | ᠲᠥᠯᠥᠪᠵᠢᠭᠦᠯᠬᠦ᠂ ᠬᠥᠭᠵᠢᠯᠲᠡ ᠪᠣᠯᠣᠨ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠬᠦ ᠥᠨᠳᠥᠷᠴᠡ ᠠᠴᠠ᠂ ᠭᠠᠳᠠᠭᠠᠳᠤ ᠲᠠᠢ | ᠬᠤᠯᠪᠣᠭᠳᠠᠬᠤ ᠬᠠᠤᠯᠢ ᠳᠦᠷᠢᠮ ᠤᠨ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ ᠪᠣᠯᠣᠨ ᠲᠤᠯᠭᠠᠮ ᠴᠢᠨᠠᠷ ᠢ ᠭᠦᠨᠵᠡᠭᠡᠢ ᠲᠠᠨᠢᠵᠤ᠂ ᠴᠢᠨᠠᠷ ᠰᠠᠶᠢᠲᠠᠢ | ᠬᠥᠭᠵᠢᠯᠲᠡ᠂ ᠥᠨᠳᠥᠷ ᠲᠦᠪᠰᠢᠨ ᠪᠦᠬᠦᠢ ᠨᠡᠭᠡᠭᠡᠯᠲᠡ ᠶᠢᠨ ᠱᠠᠭᠠᠷᠳᠠᠯᠭ᠎ᠠ ᠳᠤ ᠵᠣᠬᠢᠴᠠᠭᠰᠠᠨ ᠭᠠᠳᠠᠭᠠᠳᠤ ᠲᠠᠢ ᠬᠤᠯᠪᠣᠭᠳᠠᠬᠤ ᠬᠠᠤᠯᠢᠵᠢᠯ ᠤᠨ ᠰᠢᠰᠲ᠋ᠧᠮ | ᠪᠣᠯᠣᠨ ᠴᠢᠳᠠᠪᠤᠷᠢ ᠶᠢ ᠪᠠᠶᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠯᠠᠪᠳᠠᠭᠤᠨ ᠢᠶᠠᠷ ᠬᠤᠯᠠ ᠠᠶᠠᠯᠠᠬᠤ ᠳᠤ ᠠᠰᠢᠭᠲᠠᠢ | ᠬᠠᠤᠯᠢᠵᠢᠯ ᠤᠨ ᠨᠥᠬᠦᠴᠡᠯ ᠪᠣᠯᠣᠨ ᠭᠠᠳᠠᠭᠠᠳᠤ ᠣᠷᠴᠢᠨ ᠲᠣᠭᠤᠷᠢᠨ ᠢ ᠪᠤᠢ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠦᠬᠠᠨ ᠶᠡᠭᠡ ᠰᠤᠷᠭᠠᠭᠤᠯᠢ ᠶᠢᠨ ᠣᠨᠴᠠ ᠤᠷᠢᠭᠰᠠᠨ ᠫᠷᠤᠹᠧᠰᠰᠤᠷ ᠬᠤᠸᠠᠩ ᠬᠤᠢ ᠺᠠᠩ ᠨᠥᠬᠦᠷ ᠡᠨᠡ ᠠᠰᠠᠭᠤᠳᠠᠯ ᠤᠨ ᠲᠤᠬᠠᠢ ᠲᠠᠶᠢᠯᠤᠮᠵᠢ | ᠬᠢᠵᠦ᠂ ᠠᠵᠢᠯ ᠤᠨ ᠰᠠᠨᠠᠭᠤᠯᠭ᠎ᠠ ᠳᠤᠷᠠᠳᠴᠠᠢ᠃ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠨᠥᠬᠦᠳ ᠲᠠᠶᠢᠯᠤᠮᠵᠢ ᠶᠢ ᠨᠠᠷᠢᠨ | ᠬᠢᠨᠠᠮᠠᠭᠠᠢ ᠰᠣᠨᠣᠰᠤᠭᠰᠠᠨ ᠪᠥᠭᠡᠳ ᠶᠠᠷᠢᠯᠴᠠᠪᠠ᠃ | ᠰᠢ ᠶᠢᠨ ᠫᠢᠩ ᠲᠠᠶᠢᠯᠤᠮᠵᠢ ᠪᠠ ᠶᠠᠷᠢᠯᠴᠠᠭ᠎ᠠ ᠶᠢ ᠰᠣᠨᠣᠰᠤᠭᠰᠠᠨ ᠤ ᠳᠠᠷᠠᠭ᠎ᠠ ᠴᠢᠬᠤᠯᠠ ᠶᠠᠷᠢᠶ᠎ᠠ ᠲᠠᠯᠪᠢᠪᠠ᠃ ᠲᠡᠷᠡ᠂ ᠬᠠᠤᠯᠢ ᠴᠠᠭᠠᠵᠠ ᠪᠣᠯ | ᠨᠡᠶᠢᠭᠡᠮ ᠤᠨ ᠠᠮᠢᠳᠤᠷᠠᠯ᠂ ᠤᠯᠤᠰ ᠤᠨ ᠵᠠᠰᠠᠯᠲᠠ ᠶᠢᠨ ᠪᠠᠷᠢᠮᠵᠢᠶ᠎ᠠ ᠮᠥᠨ᠃ ᠭᠠᠳᠠᠭᠠᠳᠤ ᠲᠠᠢ ᠬᠤᠯᠪᠣᠭᠳᠠᠬᠤ ᠬᠠᠤᠯᠢ ᠳᠦᠷᠢᠮ ᠪᠣᠯ ᠤᠯᠤᠰ ᠤᠨ ᠬᠠᠤᠯᠢ | ᠳᠦᠷᠢᠮ ᠤᠨ ᠴᠢᠬᠤᠯᠠ ᠪᠦᠷᠢᠯᠳᠦᠭᠦᠨ ᠬᠡᠰᠡᠭ ᠮᠥᠨ᠂ ᠭᠠᠳᠠᠭᠠᠳᠤ ᠲᠠᠢ ᠬᠤᠯᠪᠣᠭᠳᠠᠬᠤ ᠬᠠᠤᠯᠢᠵᠢᠯ ᠤᠨ ᠰᠠᠭᠤᠷᠢ ᠮᠥᠨ᠂ ᠲᠡᠷᠡ ᠨᠢ ᠦᠨᠳᠦᠰᠦ ᠶᠢ | ᠪᠠᠬᠢᠵᠢᠭᠦᠯᠵᠦ᠂ ᠵᠢᠱᠢᠯᠲᠡ ᠶᠢ ᠲᠣᠭᠲᠠᠪᠤᠷᠢᠵᠢᠭᠤᠯᠤᠨ᠂ ᠠᠯᠤᠰ ᠭᠡᠳᠤ ᠳᠤ ᠠᠰᠢᠭᠲᠠᠢ ᠪᠠᠶᠢᠯᠭᠠᠬᠤ ᠴᠢᠬᠤᠯᠠ ᠦᠢᠯᠡᠳᠦᠯ ᠢ ᠪᠠᠳᠠᠷᠠᠭᠤᠯᠵᠤ ᠪᠠᠶᠢᠳᠠᠭ᠃ | ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠰᠢᠨ᠎ᠡ ᠠᠶᠠᠨ ᠳᠤ᠂ ᠡᠷᠬᠡᠪᠰᠢ ᠵᠥᠪ | ᠤᠯᠤᠰ ᠲᠦᠷᠦ ᠶᠢᠨ ᠴᠢᠭᠯᠡᠯ ᠢ ᠪᠠᠷᠢᠮᠲᠠᠯᠠᠵᠤ᠂ ᠨᠡᠩ ᠢᠳᠡᠪᠬᠢᠲᠡᠢ ᠲᠡᠦᠬᠡᠨ ᠡᠭᠦᠷᠭᠡᠯᠡᠯ ᠪᠠ ᠪᠦᠲᠦᠭᠡᠯᠴᠢ ᠵᠣᠷᠢᠭ ᠰᠠᠨᠠᠭ᠎ᠠ ᠪᠠᠷ ᠮᠠᠨ ᠤ ᠤᠯᠤᠰ ᠤᠨ | ᠭᠠᠳᠠᠭᠠᠳᠤ ᠲᠠᠢ ᠬᠤᠯᠪᠣᠭᠳᠠᠬᠤ ᠬᠠᠤᠯᠢᠵᠢᠯ ᠤᠨ ᠰᠢᠰᠲ᠋ᠧᠮ ᠪᠠ ᠴᠢᠳᠠᠪᠤᠷᠢ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠬᠡᠷᠡᠭᠲᠡᠢ ᠭᠡᠵᠦ ᠵᠢᠭᠠᠵᠤ | ᠭᠠᠷᠭᠠᠪᠠ᠃ | ᠰᠢ ᠶᠢᠨ ᠫᠢᠩ᠂ ᠭᠠᠳᠠᠭᠠᠳᠤ ᠲᠠᠢ ᠬᠤᠯᠪᠣᠭᠳᠠᠬᠤ ᠬᠠᠤᠯᠢᠵᠢᠯ ᠨᠢ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠤᠯᠢᠵᠢᠯ ᠤᠨ | ᠰᠢᠰᠲ᠋ᠧᠮ ᠤᠨ ᠴᠢᠬᠤᠯᠠ ᠪᠦᠷᠢᠯᠳᠦᠭᠦᠨ ᠬᠡᠰᠡᠭ ᠪᠣᠯᠤᠭᠰᠠᠨ ᠤ ᠬᠤᠪᠢ ᠳᠤ᠂ ᠪᠦᠭᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠳᠤ ᠬᠤᠯᠪᠣᠭᠳᠠᠵᠤ᠂ | ᠮᠠᠨ ᠤ ᠤᠯᠤᠰ ᠤᠨ ᠭᠠᠳᠠᠭᠠᠳᠤ ᠨᠡᠭᠡᠭᠡᠯᠲᠡ ᠪᠣᠯᠣᠨ ᠭᠠᠳᠠᠭᠠᠳᠤ ᠬᠠᠷᠢᠯᠴᠠᠭᠠᠨ ᠤ ᠠᠵᠢᠯ ᠤᠨ ᠶᠡᠭᠡ ᠲᠠᠯ᠎ᠠ ᠳᠤ ᠬᠤᠯᠪᠣᠭᠳᠠᠨ᠎ᠠ᠃ ᠭᠠᠳᠠᠭᠠᠳᠤ ᠲᠠᠢ | ᠬᠤᠯᠪᠣᠭᠳᠠᠬᠤ ᠬᠠᠤᠯᠢᠵᠢᠯ ᠤᠨ ᠠᠵᠢᠯ ᠢ ᠠᠬᠢᠭᠤᠯᠬᠤ ᠶᠢᠨ ᠦᠨᠳᠦᠰᠦᠨ ᠵᠣᠷᠢᠯᠭ᠎ᠠ ᠪᠣᠯ ᠬᠠᠤᠯᠢᠵᠢᠯ ᠤᠨ ᠠᠷᠭ᠎ᠠ ᠮᠠᠶ᠋ᠢᠭ ᠢᠶᠠᠷ ᠤᠯᠤᠰ ᠣᠷᠣᠨ ᠪᠠ | ᠠᠷᠠᠳ ᠲᠦᠮᠡᠨ ᠤ ᠠᠰᠢᠭ ᠲᠤᠰᠠ ᠶᠢ ᠨᠡᠩ ᠰᠠᠶᠢᠲᠤᠷ ᠬᠠᠮᠠᠭᠠᠯᠠᠵᠤ᠂ ᠤᠯᠠᠨ ᠤᠯᠤᠰ ᠤᠨ ᠬᠠᠤᠯᠢᠵᠢᠯ ᠤᠨ ᠲᠠᠪᠰᠢᠯᠳᠠ ᠶᠢ ᠠᠬᠢᠭᠤᠯᠵᠤ᠂ ᠬᠥᠮᠥᠨ | ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠬᠤ ᠶᠢᠨ ᠲᠥᠯᠥᠭᠡ ᠶᠤᠮ᠃ ᠡᠷᠬᠡᠪᠰᠢ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠬᠠᠤᠯᠢᠵᠢᠯ ᠤᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠭᠠᠳᠠᠭᠠᠳᠤ ᠲᠠᠢ ᠬᠤᠯᠪᠣᠭᠳᠠᠬᠤ ᠬᠠᠤᠯᠢᠵᠢᠯ ᠤᠨ ᠠᠵᠢᠯ ᠪᠣᠯ ᠬᠤᠯᠪᠣᠭᠳᠠᠬᠤ ᠲᠠᠯ᠎ᠠ ᠨᠢ ᠥᠷᠭᠡᠨ᠂ ᠬᠤᠯᠪᠣᠯᠳᠤᠨ ᠬᠥᠳᠡᠯᠦᠯᠴᠡᠬᠦ | ᠴᠢᠨᠠᠷ ᠢᠶᠠᠷ ᠴᠢᠩᠭ᠎ᠠ ᠰᠢᠰᠲ᠋ᠧᠮᠲᠦ ᠢᠨᠵᠧᠨᠧᠷᠢᠩ ᠮᠥᠨ᠂ ᠡᠷᠬᠡᠪᠰᠢ ᠤᠯᠤᠰ ᠤᠨ ᠳᠣᠲᠣᠭᠠᠳᠤ ᠪᠠ ᠤᠯᠠᠨ ᠤᠯᠤᠰ ᠢ ᠨᠢᠭᠡᠳᠦᠯᠲᠡᠢ ᠲᠥᠯᠥᠪᠵᠢᠭᠦᠯᠵᠦ᠂ | ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠪᠠᠷᠠᠯᠠᠯᠳᠤ ᠴᠢᠨᠠᠷᠲᠠᠢ ᠪᠣᠳᠣᠯᠬᠢᠯᠠᠬᠤ᠂ ᠪᠦᠭᠦ ᠲᠠᠯ᠎ᠠ ᠶᠢᠨ ᠴᠢᠨᠠᠷᠲᠠᠢ ᠲᠥᠯᠥᠪᠯᠡᠬᠦ | ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠪᠠᠶᠢᠷᠢᠰᠢᠭᠤᠯᠬᠤ᠂ ᠪᠦᠬᠦᠯᠢ ᠴᠣᠭᠴᠠ ᠶᠢᠨ ᠴᠢᠨᠠᠷᠲᠠᠢ ᠠᠬᠢᠭᠤᠯᠬᠤ ᠶᠢ ᠪᠠᠷᠢᠮᠲᠠᠯᠠᠵᠤ᠂ ᠦᠵᠦ ᠲᠥᠯᠥᠪᠯᠡᠭᠡ ᠶᠢ | ᠴᠢᠩᠭᠠᠳᠬᠠᠵᠤ᠂ ᠭᠠᠳᠠᠭᠠᠳᠤ ᠲᠠᠢ ᠬᠤᠯᠪᠣᠭᠳᠠᠬᠤ ᠬᠠᠤᠯᠢ ᠶᠢ ᠲᠣᠭᠲᠠᠭᠠᠬᠤ᠂ ᠬᠠᠤᠯᠢ ᠬᠡᠷᠡᠭᠵᠢᠭᠦᠯᠬᠦ᠂ ᠬᠠᠤᠯᠢ ᠪᠠᠷᠢᠬᠤ᠂ ᠬᠠᠤᠯᠢ ᠶᠢ ᠵᠢᠷᠤᠮᠯᠠᠬᠤ ᠪᠠ | ᠬᠠᠤᠯᠢ ᠴᠠᠭᠠᠵᠠ ᠶᠢᠨ ᠦᠢᠯᠡᠴᠢᠯᠡᠭᠡ ᠶᠢ ᠨᠢᠭᠡ ᠴᠣᠭᠴᠠᠵᠢᠭᠤᠯᠤᠨ ᠠᠬᠢᠭᠤᠯᠵᠤ᠂ ᠭᠠᠳᠠᠭᠠᠳᠤ ᠲᠠᠢ ᠬᠤᠯᠪᠣᠭᠳᠠᠬᠤ ᠬᠠᠤᠯᠢᠵᠢᠯ ᠤᠨ ᠠᠵᠢᠯ ᠤᠨ ᠶᠡᠭᠡ | ᠬᠠᠮᠵᠢᠯᠴᠠᠭᠰᠠᠨ ᠪᠠᠶᠢᠷᠢᠰᠢᠯ ᠢ ᠪᠦᠷᠢᠯᠳᠦᠭᠦᠯᠬᠦ ᠬᠡᠷᠡᠭᠲᠡᠢ᠃ ᠬᠠᠤᠯᠢ ᠲᠣᠭᠲᠠᠭᠠᠬᠤ ᠶᠢ ᠤᠷᠢᠳ ᠢᠶᠠᠷ ᠬᠡᠷᠡᠭᠵᠢᠭᠦᠯᠵᠦ᠂ ᠲᠣᠭᠲᠠᠭᠠᠬᠤ ᠵᠠᠰᠠᠪᠤᠷᠢ | ᠣᠷᠣᠭᠤᠯᠬᠤ ᠬᠦᠴᠦᠨ ᠦᠭᠡᠢ ᠪᠤᠯᠭᠠᠬᠤ ᠲᠠᠶᠢᠯᠪᠤᠷᠢᠯᠠᠬᠤ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ᠰᠢᠰᠲ᠋ᠧᠮ ᠲᠠᠢ ᠪᠦᠷᠢᠨ ᠲᠥᠬᠦᠷ | ᠭᠠᠳᠠᠭᠠᠳᠤ ᠲᠠᠢ ᠬᠤᠯᠪᠣᠭᠳᠠᠬᠤ ᠬᠠᠤᠯᠢ ᠲᠣᠭᠲᠠᠭᠠᠯ ᠤᠨ ᠰᠢᠰᠲ᠋ᠧᠮ ᠢ ᠪᠦᠷᠢᠯᠳᠦᠭᠦᠯᠬᠦ ᠬᠡᠷᠡᠭᠲᠡᠢ᠃ ᠬᠠᠷᠢᠯᠴᠠᠨ ᠬᠠᠮᠵᠢᠯᠴᠠᠭᠰᠠᠨ ᠥᠨᠳᠥᠷ ᠪᠦᠲᠦᠮᠵᠢᠲᠡᠢ | ᠭᠠᠳᠠᠭᠠᠳᠤ ᠲᠠᠢ ᠬᠤᠯᠪᠣᠭᠳᠠᠬᠤ ᠬᠠᠤᠯᠢᠵᠢᠯ ᠤᠨ ᠬᠡᠷᠡᠭᠵᠢᠭᠦᠯᠬᠦ ᠰᠢᠰᠲ᠋ᠧᠮ ᠢ ᠪᠠᠶᠢᠭᠤᠯᠵᠤ᠂ ᠭᠠᠳᠠᠭᠠᠳᠤ ᠲᠠᠢ ᠬᠤᠯᠪᠣᠭᠳᠠᠬᠤ ᠬᠠᠤᠯᠢ ᠬᠡᠷᠡᠭᠵᠢᠭᠦᠯᠬᠦ | ᠬᠠᠤᠯᠢ ᠪᠠᠷᠢᠬᠤ ᠦᠷ᠎ᠡ ᠠᠰᠢᠭ ᠢ ᠳᠡᠭᠡᠭᠰᠢᠯᠡᠭᠦᠯᠵᠦ᠂ ᠭᠠᠳᠠᠭᠠᠳᠤ ᠲᠠᠢ ᠬᠤᠯᠪᠣᠭᠳᠠᠬᠤ ᠬᠠᠤᠯᠢ ᠪᠠᠷᠢᠬᠤ ᠰᠢᠭᠦᠨ ᠲᠠᠰᠤᠯᠬᠤ ᠪᠠᠶᠢᠭᠤᠯᠤᠮᠵᠢ | ᠲᠣᠭᠲᠠᠴᠠ ᠶᠢᠨ ᠥᠭᠡᠷᠡᠴᠢᠯᠡᠯᠲᠡ ᠶᠢ ᠠᠬᠢᠭᠤᠯᠵᠤ᠂ ᠭᠠᠳᠠᠭᠠᠳᠤ ᠲᠠᠢ ᠬᠤᠯᠪᠣᠭᠳᠠᠬᠤ ᠬᠠᠤᠯᠢ ᠪᠠᠷᠢᠬᠤ ᠶᠢᠨ ᠤᠯᠠᠨ ᠢ ᠢᠲᠡᠭᠡᠭᠦᠯᠬᠦ ᠬᠦᠴᠦᠨ ᠢ | ᠳᠡᠭᠡᠭᠰᠢᠯᠡᠭᠦᠯᠭᠦ ᠬᠡᠷᠡᠭᠲᠡᠢ᠃ ᠭᠠᠳᠠᠭᠠᠳᠤ ᠲᠠᠢ ᠬᠤᠯᠪᠣᠭᠳᠠᠬᠤ ᠬᠠᠤᠯᠢ ᠴᠠᠭᠠᠵᠠ ᠶᠢᠨ ᠦᠢᠯᠡᠴᠢᠯᠡᠭᠡ ᠶᠢ ᠢᠳᠡᠪᠬᠢᠲᠡᠢ ᠬᠥᠭᠵᠢᠭᠦᠯᠵᠦ᠂ ᠤᠯᠠᠨ ᠤᠯᠤᠰ ᠤᠨ | ᠲᠡᠷᠢᠭᠦᠨ ᠵᠡᠷᠭᠡ ᠶᠢᠨ ᠬᠥᠨᠳᠡᠯᠡᠨ ᠠᠴᠠ ᠲᠠᠰᠤᠯᠬᠤ ᠨᠢᠭᠡ ᠪᠦᠯᠦᠭ ᠪᠠᠶᠢᠭᠤᠯᠤᠮᠵᠢ᠂ ᠬᠠᠤᠯᠢᠴᠢ ᠶᠢᠨ ᠬᠡᠷᠡᠭ ᠡᠷᠭᠢᠯᠡᠭᠦ ᠭᠠᠵᠠᠷ ᠢ ᠪᠤᠶᠢᠵᠢᠭᠤᠯᠬᠤ ᠬᠡᠷᠡᠭᠲᠡᠢ᠃ | ᠬᠠᠤᠯᠢ ᠬᠡᠷᠡᠭᠵᠢᠭᠦᠯᠬᠦ ᠬᠠᠤᠯᠢ ᠪᠠᠷᠢᠬᠤ ᠤᠯᠠᠨ ᠤᠯᠤᠰ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠺᠤᠨᠰᠦ᠋ᠯ ᠤᠨ ᠬᠠᠮᠠᠭᠠᠯᠠᠯᠲᠠ ᠪᠠ | ᠬᠠᠮᠵᠢᠯᠴᠠᠭ᠎ᠠ ᠶᠢ ᠴᠢᠩᠭᠠᠳᠬᠠᠵᠤ᠂ ᠮᠠᠨ ᠤ ᠤᠯᠤᠰ ᠤᠨ ᠭᠠᠳᠠᠭᠠᠳᠤ ᠳᠠᠬᠢ ᠠᠰᠢᠭ ᠲᠤᠰᠠ ᠶᠢ ᠬᠠᠮᠠᠭᠠᠯᠠᠬᠤ ᠬᠠᠤᠯᠢᠵᠢᠯ ᠤᠨ ᠠᠮᠤᠷ ᠲᠦᠪᠰᠢᠨ ᠤ | ᠬᠡᠯᠬᠢᠶ᠎ᠡ ᠶᠢ ᠪᠠᠶᠢᠭᠤᠯᠤᠨ ᠬᠦᠴᠦᠷᠬᠡᠭᠵᠢᠭᠦᠯᠬᠦ ᠬᠡᠷᠡᠭᠲᠡᠢ᠃ ᠲᠣᠭᠲᠠᠭᠠᠯ ᠳᠤ ᠨᠡᠶᠢᠴᠡᠬᠦ ᠤᠬᠠᠮᠰᠠᠷ ᠢᠶᠠᠨ ᠴᠢᠩᠭᠠᠳᠬᠠᠵᠤ᠂ ᠮᠠᠨ ᠤ ᠤᠯᠤᠰ ᠤᠨ ᠠᠷᠠᠳ | ᠢᠷᠭᠡᠳ᠂ ᠠᠵᠤ ᠠᠬᠤᠶᠢᠯᠠᠯ ᠤᠨ ︽ᠭᠠᠳᠠᠭᠰᠢ ᠭᠠᠷᠬᠤ︾ ᠶᠠᠪᠤᠴᠠ ᠳᠤ ᠲᠤᠬᠠᠢ ᠶᠢᠨ ᠭᠠᠵᠠᠷ ᠤᠨ ᠬᠠᠤᠯᠢ ᠲᠣᠭᠲᠠᠭᠠᠯ ᠪᠠ ᠵᠠᠩ ᠳᠠᠳᠬᠠᠯ ᠢ | ᠤᠬᠠᠮᠰᠠᠷ ᠠᠴᠠ ᠪᠠᠨ ᠵᠢᠷᠤᠮᠯᠠᠨ ᠰᠠᠬᠢᠬᠤ᠂ ᠬᠠᠤᠯᠢᠵᠢᠯ ᠪᠠ ᠳᠦᠷᠢᠮ ᠢ ᠬᠡᠷᠡᠭᠯᠡᠨ ᠲᠣᠰ ᠪᠡᠶ᠎ᠡ ᠶᠢᠨ ᠬᠠᠤᠯᠢ ᠶᠣᠰᠣᠨ ᠤ ᠡᠷᠬᠡ ᠠᠰᠢᠭ ᠢᠶᠠᠨ | ᠬᠠᠮᠠᠭᠠᠯᠠᠬᠤ ᠶᠢ ᠬᠥᠲᠥᠯᠥᠨ ᠵᠢᠯᠤᠭᠤᠳᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠤᠯᠠᠨ ᠤᠯᠤᠰ ᠤᠨ ᠬᠠᠤᠯᠢ ᠪᠠᠷ ᠰᠠᠭᠤᠷᠢ ᠪᠤᠯᠭᠠᠬᠰᠠᠨ ᠤᠯᠠᠨ ᠤᠯᠤᠰ ᠤᠨ ᠡᠮᠬᠢ ᠳᠢᠭᠯᠢᠮ ᠢ ᠡᠷᠡᠰ ᠬᠠᠮᠠᠭᠠᠯᠠᠵᠤ᠂ ᠤᠯᠠᠨ | ᠤᠯᠤᠰ ᠤᠨ ᠳᠦᠷᠢᠮ ᠢ ᠲᠣᠭᠲᠠᠭᠠᠬᠤ ᠳᠤ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠤᠯᠠᠨ ᠤᠯᠤᠰ ᠤᠨ ᠬᠠᠷᠢᠯᠴᠠᠭ᠎ᠠ ᠶᠢᠨ ᠬᠠᠤᠯᠢᠵᠢᠯᠲᠠ ᠶᠢ | ᠠᠬᠢᠭᠤᠯᠬᠤ ᠬᠡᠷᠡᠭᠲᠡᠢ᠃ ᠪᠦᠭᠦ ᠪᠥᠮᠪᠥᠷᠴᠡᠭ ᠤᠨ ᠵᠠᠰᠠᠯᠲᠠ ᠶᠢᠨ ᠰᠢᠰᠲ᠋ᠧᠮ ᠤᠨ ᠥᠭᠡᠷᠡᠴᠢᠯᠡᠯᠲᠡ ᠪᠠ ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ᠂ | ᠪᠦᠭᠦ ᠪᠥᠮᠪᠥᠷᠴᠡᠭ ᠤᠨ ᠵᠠᠰᠠᠯᠲᠠ ᠶᠢᠨ ᠨᠡᠩ ᠲᠥᠪ ᠭᠤᠣᠯᠴᠢ ᠵᠦᠢ ᠵᠣᠬᠢᠰᠲᠠᠢ ᠴᠢᠭᠯᠡᠯ ᠢᠶᠠᠷ ᠬᠥᠭᠵᠢᠬᠦ ᠶᠢ ᠠᠬᠢᠭᠤᠯᠵᠤ᠂ ᠤᠯᠠᠨ ᠤᠯᠤᠰ ᠤᠨ ᠰᠠᠶᠢᠨ | ᠬᠠᠤᠯᠢ ᠪᠠᠷ ᠪᠦᠭᠦ ᠪᠥᠮᠪᠥᠷᠴᠡᠭ ᠤᠨ ᠴᠢᠳᠠᠮᠠᠭᠠᠢ ᠵᠠᠰᠠᠯᠲᠠ ᠶᠢ ᠠᠬᠢᠭᠤᠯᠵᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ | ᠪᠠᠶᠢᠭᠤᠯᠬᠤ ᠳᠤ ᠬᠦᠴᠦᠨ ᠨᠡᠮᠡᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠬᠠᠤᠯᠢᠵᠢᠯ ᠨᠢ ᠨᠡᠭᠡᠭᠡᠯᠲᠡ ᠲᠠᠢ ᠬᠠᠮᠲᠤ ᠤᠷᠤᠭᠰᠢᠯᠠᠳᠠᠭ᠂ ᠭᠠᠳᠠᠭᠠᠳᠤ ᠨᠡᠭᠡᠭᠡᠯᠲᠡ ᠴᠢᠨᠠᠭᠰᠢᠳᠠ ᠠᠬᠢᠪᠠᠯ᠂ ᠭᠠᠳᠠᠭᠠᠳᠤ ᠲᠠᠢ | ᠬᠤᠯᠪᠣᠭᠳᠠᠬᠤ ᠬᠠᠤᠯᠢᠵᠢᠯ ᠤᠨ ᠪᠠᠶᠢᠭᠤᠯᠤᠯᠲᠠ ᠶᠢ ᠪᠠᠰᠠ ᠴᠢᠨᠠᠭᠰᠢᠳᠠ ᠠᠬᠢᠭᠤᠯᠬᠤ ᠬᠡᠷᠡᠭᠲᠡᠢ᠃ ᠬᠠᠤᠯᠢᠵᠢᠯ ᠤᠨ ᠰᠠᠭᠤᠷᠢᠨ ᠳᠡᠭᠡᠷ᠎ᠡ ᠥᠨᠳᠥᠷ | ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠠᠬᠢᠭᠤᠯᠬᠤ ᠶᠢ ᠪᠠᠷᠢᠮᠲᠠᠯᠠᠵᠤ᠂ ᠨᠡᠭᠡᠭᠡᠯᠲᠡ ᠶᠢ ᠥᠷᠭᠡᠳᠬᠡᠬᠦ ᠳᠤᠮᠳᠠ ᠭᠠᠳᠠᠭᠠᠳᠤ ᠲᠠᠢ ᠬᠤᠯᠪᠣᠭᠳᠠᠬᠤ | ᠬᠠᠤᠯᠢᠵᠢᠯ ᠤᠨ ᠪᠠᠶᠢᠭᠤᠯᠤᠯᠲᠠ ᠶᠢ ᠠᠬᠢᠭᠤᠯᠵᠤ᠂ ᠥᠨᠳᠥᠷ ᠲᠦᠪᠰᠢᠨ ᠪᠦᠬᠦᠢ ᠨᠡᠭᠡᠭᠡᠯᠲᠡ ᠶᠢᠨ ᠬᠠᠤᠯᠢᠵᠢᠯ ᠤᠨ ᠰᠠᠭᠤᠷᠢ ᠶᠢ ᠲᠠᠰᠤᠷᠠᠯᠲᠠ ᠦᠭᠡᠢ | ᠪᠠᠬᠢᠵᠢᠭᠦᠯᠬᠦ ᠬᠡᠷᠡᠭᠲᠡᠢ᠃ | ᠬᠠᠤᠯᠢᠵᠢᠯ ᠪᠣᠯ ᠬᠠᠮᠤᠭ ᠤᠨ ᠰᠠᠶᠢᠨ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠮᠥᠨ᠂ ᠢᠯᠡ ᠲᠣᠳᠣ ᠭᠠᠳᠠᠭᠠᠳᠤ ᠲᠠᠢ ᠬᠤᠯᠪᠣᠭᠳᠠᠬᠤ | ᠬᠠᠤᠯᠢ ᠴᠠᠭᠠᠵᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠵᠤ᠂ ᠭᠠᠳᠠᠭᠠᠳᠤ | ᠪᠡᠯᠡ ᠶᠢᠨ ᠠᠵᠤ ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠤᠯᠤᠰ ᠤᠨ ᠳᠣᠲᠣᠭᠠᠳᠤ ᠤᠯᠠᠨ ᠤᠯᠤᠰ ᠤᠨ ᠬᠤᠶᠠᠷ | ᠲᠦᠷᠦᠯ ᠤᠨ ᠳᠦᠷᠢᠮ ᠢ ᠰᠠᠶᠢᠲᠤᠷ ᠬᠡᠷᠡᠭᠯᠡᠵᠦ᠂ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠤᠯᠠᠨ ᠤᠯᠤᠰᠴᠢᠯᠠᠭᠰᠠᠨ ᠲᠡᠷᠢᠭᠦᠨ ᠵᠡᠷᠭᠡ ᠶᠢᠨ | ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠪᠦᠷᠢᠯᠳᠦᠭᠦᠯᠬᠦ ᠬᠡᠷᠡᠭᠲᠡᠢ᠃ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠥᠨᠳᠥᠷ ᠪᠠᠷᠢᠮᠵᠢᠶᠠᠲᠤ ᠤᠯᠠᠨ | ᠤᠯᠤᠰ ᠤᠨ ᠠᠵᠤ ᠠᠬᠤᠢ ᠠᠷᠠᠯᠵᠢᠶᠠᠨ ᠤ ᠳᠦᠷᠢᠮ ᠢ ᠢᠳᠡᠪᠬᠢᠲᠡᠢ ᠰᠢᠩᠭᠡᠬᠡᠨ ᠠᠪᠴᠤ᠂ ᠳᠦᠷᠢᠮ ᠤᠨ ᠭᠡᠯᠪᠡᠷᠢ ᠶᠢᠨ ᠨᠡᠭᠡᠭᠡᠯᠲᠡ ᠶᠢ ᠯᠠᠪᠳᠠᠭᠤᠨ ᠢᠶᠠᠷ | ᠥᠷᠭᠡᠳᠬᠡᠵᠦ᠂ ᠠᠷᠠᠯᠵᠢᠶ᠎ᠠ ᠪᠣᠯᠣᠨ ᠪᠡᠯᠡ ᠣᠷᠣᠭᠤᠯᠤᠯᠲᠠ ᠶᠢᠨ ᠴᠢᠯᠦᠭᠡᠲᠡᠢ ᠪᠠᠶᠢᠬᠤ ᠪᠠ ᠳᠥᠳᠠᠵᠢᠯᠳᠠ ᠶᠢᠨ ᠲᠦᠪᠰᠢᠨ ᠢ ᠳᠡᠭᠡᠭᠰᠢᠯᠡᠭᠦᠯᠵᠦ᠂ ᠨᠡᠩ | ᠥᠨᠳᠥᠷ ᠲᠦᠪᠰᠢᠨ ᠪᠦᠬᠦᠢ ᠨᠡᠭᠡᠭᠡᠯᠲᠡᠲᠤ ᠭᠡᠯᠪᠡᠷᠢ ᠶᠢᠨ ᠠᠵᠤ ᠠᠬᠤᠢ ᠶᠢᠨ ᠰᠢᠨ᠎ᠡ ᠪᠠᠶᠢᠭᠤᠯᠤᠮᠵᠢ ᠶᠢ ᠪᠠᠶᠢᠭᠤᠯᠬᠤ ᠬᠡᠷᠡᠭᠲᠡᠢ᠃ ᠳᠡᠯᠡᠬᠡᠢ ᠶᠢᠨ | ᠲᠡᠷᠢᠭᠦᠨ ᠤ ᠲᠦᠪᠰᠢᠨ ᠢᠶᠠᠷ ᠪᠠᠷᠢᠮᠵᠢᠶᠠᠯᠠᠵᠤ᠂ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠵᠡᠷᠭᠡ ᠥᠨᠳᠥᠷ ᠲᠦᠪᠰᠢᠨ ᠪᠦᠬᠦᠢ ᠭᠠᠳᠠᠭᠠᠳᠤ | ᠨᠡᠭᠡᠭᠡᠯᠲᠡ ᠶᠢᠨ ᠪᠦᠲᠦᠮᠵᠢᠲᠡᠢ ᠠᠷᠭ᠎ᠠ ᠬᠡᠮᠵᠢᠶ᠎ᠡ ᠪᠣᠯᠣᠨ ᠪᠣᠯᠪᠠᠰᠤᠷᠠᠩᠭᠤᠢ ᠲᠤᠷᠰᠢᠯᠭ᠎ᠠ ᠶᠢ ᠴᠠᠭ ᠲᠤᠬᠠᠢ ᠳᠤᠨᠢ ᠬᠠᠤᠯᠢ ᠴᠠᠭᠠᠵᠠ ᠪᠣᠯᠭᠠᠨ | ᠳᠡᠭᠡᠭᠰᠢᠯᠡᠭᠦᠯᠵᠦ᠂ ᠨᠡᠭᠡᠭᠡᠯᠲᠡ ᠶᠢᠨ ᠲᠡᠰ ᠳᠠᠪᠬᠤᠷᠭ᠎ᠠ ᠨᠡᠩ ᠥᠨᠳᠥᠷ᠂ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠨᠡᠩ ᠰᠢᠯᠢᠳᠡᠭ᠂ ᠨᠥᠯᠥᠭᠡᠯᠡᠬᠦ | ᠦᠢᠯᠡᠳᠦᠯ ᠨᠡᠩ ᠴᠢᠩᠭ᠎ᠠ ᠭᠠᠳᠠᠭᠠᠳᠤ ᠨᠡᠭᠡᠭᠡᠯᠲᠡ ᠶᠢᠨ ᠰᠢᠨ᠎ᠡ ᠥᠨᠳᠦᠷᠯᠢᠭ ᠢ ᠪᠠᠶᠢᠭᠤᠯᠬᠤ ᠬᠡᠷᠡᠭᠲᠡᠢ᠃ ᠨᠡᠭᠡᠭᠡᠯᠲᠡ ᠶᠢᠨ ᠠᠮᠤᠷ ᠲᠦᠪᠰᠢᠨ ᠢ ᠬᠠᠤᠯᠢ | ᠶᠣᠰᠣᠭᠠᠷ ᠬᠠᠮᠠᠭᠠᠯᠠᠬᠤ ᠴᠢᠳᠠᠪᠤᠷᠢ ᠪᠠᠨ ᠪᠦᠭᠦ ᠲᠠᠯ᠎ᠠ ᠪᠠᠷ ᠳᠡᠭᠡᠭᠰᠢᠯᠡᠭᠦᠯᠭᠦ ᠬᠡᠷᠡᠭᠲᠡᠢ᠃ ᠭᠠᠳᠠᠭᠠᠳᠤ ᠶᠢᠨ ᠬᠥᠮᠥᠨ ᠤ ᠳᠤᠮᠳᠠᠳᠤ ᠤᠯᠤᠰ ᠲᠤ | ᠠᠮᠢᠳᠤᠷᠠᠬᠤ ᠳᠤ ᠲᠦᠭᠦᠮ ᠦᠵᠡᠭᠦᠯᠭᠦ ᠦᠢᠯᠡᠴᠢᠯᠡᠭᠡᠨ ᠤ ᠠᠷᠭ᠎ᠠ ᠬᠡᠮᠵᠢᠶ᠎ᠡ ᠪᠠ ᠬᠤᠯᠪᠣᠭᠳᠠᠯ ᠪᠦᠬᠦᠢ ᠬᠠᠤᠯᠢ ᠲᠣᠭᠲᠠᠭᠠᠯ ᠢ ᠲᠡᠭᠦᠯᠳᠡᠷᠵᠢᠭᠦᠯᠬᠦ ᠬᠡᠷᠡᠭᠲᠡᠢ | ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠬᠥᠮᠥᠵᠢᠭᠦᠯᠬᠦ ᠪᠠ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ | ᠶᠣᠰᠣ ᠰᠤᠷᠲᠠᠬᠤᠨ ᠢᠶᠠᠷ ᠬᠥᠮᠥᠨ ᠢ ᠬᠥᠮᠥᠵᠢᠭᠦᠯᠬᠦ᠂ ᠶᠣᠰᠣ ᠰᠤᠷᠲᠠᠬᠤᠨ ᠬᠠᠤᠯᠢ ᠴᠠᠭᠠᠵᠠ ᠶᠢ ᠵᠡᠷᠭᠡ ᠪᠠᠷ ᠰᠤᠷᠬᠤ ᠶᠢ ᠪᠠᠷᠢᠮᠲᠠᠯᠠᠵᠤ᠂ ᠰᠢᠨᠵᠢᠯᠡᠭᠡᠨ ᠤ | ᠰᠠᠯᠠᠭᠠᠨ ᠤ ᠪᠠᠶᠢᠭᠤᠯᠤᠯᠲᠠ ᠶᠢ ᠴᠢᠩᠭᠠᠳᠬᠠᠵᠤ᠂ ᠬᠠᠤᠯᠢ ᠶᠢᠨ ᠤᠬᠠᠭᠠᠨ ᠤ ᠬᠥᠮᠦᠵᠢᠯ ᠢ ᠰᠠᠶᠢᠲᠤᠷ ᠡᠷᠭᠢᠯᠡᠵᠦ᠂ ᠦᠢᠯᠡᠳᠦᠯᠭᠡ ᠪᠠᠷ ᠤᠳᠤᠷᠢᠳᠤᠮᠵᠢ | ᠪᠤᠯᠭᠠᠬᠰᠠᠨ ᠬᠥᠮᠥᠵᠢᠭᠦᠯᠬᠦ ᠲᠣᠭᠲᠠᠴᠠ ᠶᠢ ᠲᠡᠭᠦᠯᠳᠡᠷᠵᠢᠭᠦᠯᠵᠦ᠂ ᠨᠢᠭᠡ ᠪᠦᠯᠦᠭ ᠤᠯᠤᠰ ᠲᠦᠷᠦ ᠶᠢᠨ ᠵᠣᠭᠰᠣᠯᠲᠠ ᠨᠢ ᠡᠷᠡᠰ ᠪᠠᠲᠤ᠂ ᠲᠤᠰᠬᠠᠢ | ᠮᠡᠷᠭᠡᠵᠢᠯ ᠤᠨ ᠬᠡᠪ ᠪᠣᠯᠪᠠᠰᠤᠷᠠᠯ ᠳᠤ ᠴᠠᠭᠠᠷᠠᠭᠰᠠᠨ᠂ ᠤᠯᠠᠨ ᠤᠯᠤᠰ ᠤᠨ ᠳᠦᠷᠢᠮ ᠢ ᠨᠡᠪᠲᠡᠷᠬᠡᠢ ᠮᠡᠳᠡᠬᠦ᠂ ᠭᠠᠳᠠᠭᠠᠳᠤ ᠲᠠᠢ ᠬᠤᠯᠪᠣᠭᠳᠠᠬᠤ ᠬᠠᠤᠯᠢ | ᠴᠠᠭᠠᠵᠠ ᠶᠢᠨ ᠪᠣᠳᠠᠲᠤ ᠶᠠᠪᠤᠳᠠᠯ ᠳᠤ ᠨᠡᠪᠲᠡᠷᠡᠭᠰᠡᠨ ᠭᠠᠳᠠᠭᠠᠳᠤ ᠲᠠᠢ ᠬᠤᠯᠪᠣᠭᠳᠠᠬᠤ ᠬᠠᠤᠯᠢᠵᠢᠯ ᠤᠨ ᠴᠢᠳᠠᠪᠤᠷᠢᠲᠠᠨ ᠢ ᠡᠷᠲᠡᠬᠡᠨ ᠬᠥᠮᠥᠵᠢᠭᠦᠯᠦᠨ | ᠭᠠᠷᠭᠠᠬᠤ ᠬᠡᠷᠡᠭᠲᠡᠢ᠃ ᠴᠢᠳᠠᠪᠤᠷᠢᠲᠠᠨ ᠢ ᠣᠷᠣᠭᠤᠯᠤᠨ ᠠᠪᠴᠢᠷᠠᠬᠤ᠂ ᠰᠢᠯᠢᠨ ᠰᠣᠩᠭᠤᠬᠤ᠂ ᠬᠡᠷᠡᠭᠯᠡᠬᠦ᠂ ᠬᠠᠮᠢᠶᠠᠷᠬᠤ ᠲᠣᠭᠲᠠᠴᠠ ᠶᠢ ᠪᠦᠷᠢᠨᠰᠢᠭᠦᠯᠵᠦ᠂ | ᠭᠠᠳᠠᠭᠠᠳᠤ ᠲᠠᠢ ᠬᠤᠯᠪᠣᠭᠳᠠᠬᠤ ᠳᠡᠭᠡᠳᠦ ᠲᠠᠰ ᠤᠨ ᠬᠠᠤᠯᠢᠵᠢᠯ ᠤᠨ ᠴᠢᠳᠠᠪᠤᠷᠢᠲᠠᠨ ᠢ ᠬᠥᠮᠥᠵᠢᠭᠦᠯᠦᠨ ᠨᠥᠭᠡᠴᠡᠯᠡᠬᠦ ᠠᠵᠢᠯ ᠢ ᠰᠠᠶᠢᠲᠤᠷ ᠬᠢᠬᠦ ᠬᠡᠷᠡᠭᠲᠡᠢ᠃ | ᠭᠠᠳᠠᠭᠠᠳᠤ ᠲᠠᠢ ᠬᠤᠯᠪᠣᠭᠳᠠᠬᠤ ᠺᠠᠳ᠋ᠷ ᠤᠨ ᠡᠩᠨᠡᠭᠡ ᠶᠢᠨ ᠬᠠᠤᠯᠢᠵᠢᠯ ᠤᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠥᠨᠳᠥᠷ ᠬᠡᠪ ᠴᠢᠨᠠᠷ | ᠪᠦᠬᠦᠢ ᠲᠤᠰᠬᠠᠶᠢᠵᠢᠭᠰᠠᠨ ᠭᠠᠳᠠᠭᠠᠳᠤ ᠲᠠᠢ ᠬᠤᠯᠪᠣᠭᠳᠠᠬᠤ ᠬᠠᠤᠯᠢᠵᠢᠯ ᠤᠨ ᠠᠵᠢᠯ ᠤᠨ ᠡᠩᠨᠡᠭᠡ ᠶᠢ ᠪᠠᠶᠢᠭᠤᠯᠬᠤ ᠬᠡᠷᠡᠭᠲᠡᠢ᠃ ᠡᠯ᠎ᠡ ᠱᠠᠲᠤᠨ ᠤ | ᠤᠳᠤᠷᠢᠳᠬᠤ ᠺᠠᠳ᠋ᠷ ᠲᠦᠷᠦᠭᠦᠯᠡᠨ ᠬᠠᠤᠯᠢ ᠶᠢ ᠭᠦᠨᠳᠦᠳᠭᠡᠵᠦ ᠬᠠᠤᠯᠢ ᠶᠢ ᠰᠤᠷᠤᠯᠴᠠᠵᠤ ᠬᠠᠤᠯᠢ ᠶᠢ ᠰᠠᠬᠢᠵᠤ ᠬᠠᠤᠯᠢ ᠶᠢ ᠬᠡᠷᠡᠭᠯᠡᠵᠦ᠂ ᠭᠠᠳᠠᠭᠠᠳᠤ ᠲᠠᠢ | ᠬᠤᠯᠪᠣᠭᠳᠠᠬᠤ ᠬᠠᠤᠯᠢᠵᠢᠯ ᠤᠨ ᠰᠡᠳᠬᠢᠬᠦᠢ ᠪᠠ ᠬᠠᠤᠯᠢ ᠶᠣᠰᠣᠭᠠᠷ ᠠᠵᠢᠯᠯᠠᠬᠤ ᠴᠢᠳᠠᠪᠤᠷᠢ ᠪᠠᠨ ᠦᠨᠡᠨ ᠬᠦ ᠳᠡᠭᠡᠭᠰᠢᠯᠡᠭᠦᠯᠭᠦ ᠬᠡᠷᠡᠭᠲᠡᠢ ᠭᠡᠵᠦ | ᠴᠢᠬᠤᠯᠠᠴᠢᠯᠠᠪᠠ᠃ | ᠰᠢ ᠶᠢᠨ ᠫᠢᠩ᠂ ᠬᠠᠤᠯᠢᠵᠢᠯ ᠤᠨ ᠢᠲᠡᠭᠡᠯ ᠢᠶᠠᠨ ᠪᠠᠲᠤᠳᠬᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠭᠠᠳᠠᠭᠠᠳᠤ ᠲᠠᠢ ᠬᠤᠯᠪᠣᠭᠳᠠᠬᠤ | ᠬᠠᠤᠯᠢᠵᠢᠯ ᠤᠨ ᠣᠶᠢᠯᠠᠭᠠᠭᠳᠠᠬᠤᠨ᠂ ᠵᠣᠷᠢᠯᠲᠠ ᠪᠣᠯᠣᠨ ᠠᠮᠵᠢᠯᠲᠠ ᠲᠠᠢ ᠦᠢᠯᠡᠳᠦᠯᠭᠡ ᠶᠢ ᠢᠳᠡᠪᠬᠢᠲᠡᠢ ᠲᠠᠶᠢᠯᠪᠤᠷᠢᠯᠠᠵᠤ᠂ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠬᠠᠤᠯᠢᠵᠢᠯ ᠤᠨ ᠦᠯᠢᠭᠡᠷ ᠢ ᠰᠠᠶᠢᠲᠤᠷ ᠶᠠᠷᠢᠬᠤ ᠬᠡᠷᠡᠭᠲᠡᠢ᠃ ᠭᠠᠳᠠᠭᠠᠳᠤ ᠲᠠᠢ ᠬᠤᠯᠪᠣᠭᠳᠠᠬᠤ ᠬᠠᠤᠯᠢᠵᠢᠯ ᠤᠨ ᠤᠨᠤᠯ ᠪᠠ | ᠦᠢᠯᠡᠳᠦᠯᠭᠡ ᠶᠢᠨ ᠬᠤᠰᠢᠭᠤᠷᠠᠯ ᠰᠡᠳᠦᠪ ᠤᠨ ᠰᠤᠳᠤᠯᠭᠠᠨ ᠢ ᠴᠢᠩᠭᠠᠳᠬᠠᠵᠤ᠂ ᠳᠤᠮᠳᠠᠳᠤ ᠤᠯᠤᠰ ᠤᠨ ᠣᠨᠴᠠᠯᠢᠭ ᠲᠠᠢ᠂ ᠳᠤᠮᠳᠠᠳᠤ ᠭᠠᠳᠠᠭᠠᠳᠤ | ᠠᠭᠤᠰᠤᠯᠴᠠᠨ ᠨᠡᠪᠲᠡᠷᠡᠯᠴᠡᠭᠰᠡᠨ ᠭᠠᠳᠠᠭᠠᠳᠤ ᠲᠠᠢ ᠬᠤᠯᠪᠣᠭᠳᠠᠬᠤ ᠬᠠᠤᠯᠢᠵᠢᠯ ᠤᠨ ᠤᠨᠤᠯ ᠤᠨ ᠰᠢᠰᠲ᠋ᠧᠮ ᠪᠠ ᠦᠭᠡ ᠬᠡᠯᠡᠬᠦ ᠰᠢᠰᠲ᠋ᠧᠮ ᠢ ᠪᠠᠶᠢᠭᠤᠯᠵᠤ᠂ | ᠮᠠᠨ ᠤ ᠤᠯᠤᠰ ᠤᠨ ᠬᠠᠤᠯᠢᠵᠢᠯ ᠤᠨ ᠲᠣᠮᠣ ᠤᠯᠤᠰ᠂ ᠪᠣᠯᠪᠠᠰᠤᠨ ᠤ ᠲᠣᠮᠣ ᠤᠯᠤᠰ ᠤᠨ ᠳᠦᠷᠢ ᠲᠥᠷᠬᠦ ᠶᠢ ᠢᠯᠡᠷᠡᠭᠦᠯᠬᠦ ᠬᠡᠷᠡᠭᠲᠡᠢ᠃ ᠳᠤᠮᠳᠠᠳᠤ ᠶᠢᠨ | ᠬᠠᠤᠯᠢ ᠶᠢᠨ ᠰᠢᠰᠲ᠋ᠧᠮ ᠪᠣᠯ ᠥᠨᠢ ᠤᠳᠠᠭᠠᠨ ᠤᠯᠠᠮᠵᠢᠯᠠᠯ ᠲᠠᠢ ᠶᠤᠮ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠬᠠᠤᠯᠢ ᠴᠠᠭᠠᠵᠠ ᠶᠢᠨ ᠰᠣᠶᠣᠯ ᠳᠤ | ᠡᠯᠪᠡᠭ ᠪᠠᠶᠠᠯᠢᠭ ᠬᠠᠤᠯᠢᠵᠢᠯ ᠤᠨ ᠦᠵᠡᠯ ᠰᠠᠨᠠᠭ᠎ᠠ ᠪᠠ ᠭᠦᠨ ᠭᠦᠨᠵᠡᠭᠡᠢ ᠤᠯᠤᠰ ᠲᠦᠷᠦ ᠶᠢᠨ ᠤᠶᠤᠨ ᠤᠬᠠᠭᠠᠨ ᠠᠭᠤᠯᠤᠭᠳᠠᠵᠤ ᠪᠠᠶᠢᠳᠠᠭ᠂ ᠲᠡᠷᠡ ᠪᠣᠯ | ᠳᠤᠮᠳᠠᠳᠤ ᠶᠢᠨ ᠰᠣᠶᠣᠯ ᠤᠨ ᠦᠨᠡᠲᠦ ᠡᠷᠳᠡᠨᠢ ᠮᠥᠨ᠃ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠬᠠᠤᠯᠢ ᠴᠠᠭᠠᠵᠠ ᠶᠢᠨ ᠰᠣᠶᠣᠯ ᠢ ᠪᠦᠲᠦᠭᠡᠯᠴᠢ ᠪᠠᠷ | ᠣᠨᠳᠣᠣᠰᠢᠭᠤᠯᠵᠤ ᠰᠢᠨ᠎ᠡ ᠶᠢ ᠡᠭᠦᠳᠬᠦ ᠴᠢᠨᠠᠷᠲᠠᠢ ᠪᠠᠷ ᠬᠥᠭᠵᠢᠭᠦᠯᠬᠦ ᠶᠢ ᠢᠳᠡᠪᠬᠢᠲᠡᠢ ᠠᠬᠢᠭᠤᠯᠵᠤ᠂ ᠳᠤᠮᠳᠠᠳᠤ ᠶᠢᠨ ᠬᠠᠤᠯᠢᠵᠢᠯ ᠤᠨ ᠪᠣᠯᠪᠠᠰᠤᠨ ᠳᠤ | ᠰᠢᠨ᠎ᠡ ᠴᠠᠭ ᠦᠶ᠎ᠡ ᠶᠢᠨ ᠠᠭᠤᠯᠤᠭᠳᠠᠬᠤᠨ ᠣᠯᠭᠤᠵᠤ᠂ ᠥᠷᠨᠢᠭᠦᠨ ᠪᠠᠳᠠᠷᠠᠩᠭᠤᠢ ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠢ ᠭᠡᠵᠦ ᠵᠢᠭᠠᠵᠤ | ᠭᠠᠷᠭᠠᠪᠠ᠃ | |