ᠰᠢᠨᠬᠤᠸᠠ ᠬᠤᠷᠢᠶ᠎ᠠ ᠶᠢᠨ ᠪᠡᠭᠡᠵᠢᠩ ᠤᠨ 11 ᠰᠠᠷ᠎ᠠ ᠶᠢᠨ 30 ᠤ ᠴᠠᠭᠢᠯᠭᠠᠨ ᠮᠡᠳᠡᠭᠡ 12 ᠰᠠᠷ᠎ᠠ ᠶᠢᠨ 1 ᠤ ᠡᠳᠦᠷ ᠬᠡᠪᠯᠡᠭᠳᠡᠬᠦ 23 ᠳ᠋ᠤᠭᠠᠷ | ᠬᠤᠭᠤᠴᠠᠭᠠᠨ ᠤ ︽ᠦᠨᠡᠨ︾ ᠰᠡᠳᠬᠦᠯ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠤᠨ ︽ᠲᠠᠷᠢᠶᠠᠨ ᠭᠠᠵᠠᠷ ᠤᠨ ᠬᠠᠮᠠᠭᠠᠯᠠᠯᠲᠠ ᠶᠢ ᠦᠨᠡᠨ ᠬᠦ ᠴᠢᠩᠭᠠᠳᠬᠠᠵᠤ ᠬᠤᠵᠢᠷᠯᠢᠭ | ᠭᠠᠵᠠᠷ ᠢ ᠶᠡᠷᠦᠩᠬᠡᠶᠢᠯᠡᠨ ᠥᠭᠡᠷᠡᠴᠢᠯᠡᠵᠦ ᠠᠰᠢᠭᠯᠠᠬᠤ ᠶᠢ ᠰᠠᠶᠢᠲᠤᠷ ᠠᠳᠬᠤᠬᠤ ᠬᠡᠷᠡᠭᠲᠡᠢ︾ ᠭᠡᠬᠦ ᠴᠢᠬᠤᠯᠠ ᠵᠣᠬᠢᠶᠠᠯ ᠢ ᠨᠡᠶᠢᠲᠡᠯᠡᠪᠡ᠃ | ᠵᠣᠬᠢᠶᠠᠯ ᠳᠤ᠂ ᠲᠠᠷᠢᠶᠠᠨ ᠭᠠᠵᠠᠷ ᠤᠨ ᠬᠠᠮᠠᠭᠠᠯᠠᠯᠲᠠ ᠶᠢ ᠴᠢᠩᠭᠠᠳᠬᠠᠬᠤ ᠶᠢᠨ ᠴᠢᠬᠤᠯᠠ ᠴᠢᠨᠠᠷ ᠪᠣᠯᠣᠨ ᠲᠤᠯᠭᠠᠮ ᠴᠢᠨᠠᠷ ᠢ ᠭᠦᠨᠵᠡᠭᠡᠢ ᠲᠠᠨᠢᠬᠤ | ᠬᠡᠷᠡᠭᠲᠡᠢ᠃ ᠠᠮᠤ ᠪᠤᠳᠠᠭᠠᠨ ᠤ ᠠᠮᠤᠷ ᠲᠦᠪᠰᠢᠨ ᠪᠣᠯ ︽ᠤᠯᠤᠰ ᠤᠨ ᠶᠡᠭᠡ ᠶᠠᠪᠤᠳᠠᠯ︾ ᠮᠥᠨ᠂ ᠲᠠᠷᠢᠶᠠᠨ ᠭᠠᠵᠠᠷ ᠪᠣᠯ ᠠᠮᠤ ᠪᠤᠳᠠᠭᠠᠨ ᠤ | ᠦᠢᠯᠡᠳᠪᠦᠷᠢᠯᠡᠯ ᠤᠨ ᠠᠮᠢᠨ ᠰᠤᠳᠠᠰᠤ ᠮᠥᠨ᠃ ᠮᠠᠨ ᠤ ᠨᠠᠮ ᠲᠠᠷᠢᠶᠠᠨ ᠭᠠᠵᠠᠷ ᠢ ᠬᠠᠮᠠᠭᠠᠯᠠᠬᠤ ᠠᠰᠠᠭᠤᠳᠠᠯ ᠢ ᠢᠮᠠᠭᠲᠠ ᠳᠡᠭᠡᠳᠦ ᠬᠡᠮᠵᠢᠶ᠎ᠡ ᠪᠠᠷ | ᠴᠢᠬᠤᠯᠠᠴᠢᠯᠠᠭᠰᠠᠭᠠᠷ ᠢᠷᠡᠵᠠᠢ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠲᠥᠪ ᠬᠤᠷᠢᠶ᠎ᠠ ᠠᠯᠢ ᠤᠯᠠᠨ ᠬᠠᠲᠠᠭᠤ ᠠᠷᠭ᠎ᠠ | ᠬᠡᠮᠵᠢᠶ᠎ᠡ ᠶᠢ ᠤᠷᠢᠳ ᠬᠤᠵᠢᠳ ᠬᠡᠷᠡᠭᠵᠢᠭᠦᠯᠵᠦ᠂ ᠲᠠᠷᠢᠶᠠᠨ ᠭᠠᠵᠠᠷ ᠤᠨ ᠤᠯᠠᠭᠠᠨ ᠱᠤᠭᠤᠮ ᠢ ᠪᠠᠲᠤ ᠰᠠᠬᠢᠵᠤ᠂ ᠲᠠᠷᠢᠶᠠᠨ ᠭᠠᠵᠠᠷ ᠤᠨ ᠶᠡᠷᠦᠩᠬᠡᠢ | ᠬᠡᠮᠵᠢᠶ᠎ᠡ ᠦᠷᠭᠦᠯᠵᠢᠯᠡᠨ ᠪᠠᠭᠤᠷᠠᠬᠤ ᠬᠠᠨᠳᠤᠰᠢ ᠶᠢ ᠠᠩᠬ᠎ᠠ ᠠᠯᠬᠤᠮ ᠬᠤᠷᠢᠭᠯᠠᠪᠠ᠃ ᠡᠭᠦᠨ ᠤ ᠬᠠᠮᠲᠤ᠂ ᠮᠠᠨ ᠤ ᠤᠯᠤᠰ ᠤᠨ ᠬᠥᠮᠥᠨ ᠣᠯᠠᠨ ᠲᠠᠷᠢᠶᠠᠨ | ᠭᠠᠵᠠᠷ ᠪᠠᠭ᠎ᠠ ᠪᠠᠶᠢᠭ᠎ᠠ ᠤᠯᠤᠰ ᠤᠨ ᠪᠠᠶᠢᠳᠠᠯ ᠬᠤᠪᠢᠷᠠᠭᠰᠠᠨ ᠦᠭᠡᠢ᠂ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ ᠪᠤᠯᠭᠠᠬᠤ︾᠂ ︽ᠠᠮᠤ | ᠪᠤᠳᠠᠭᠠᠨ ᠤ ᠪᠤᠰᠤ ᠪᠤᠯᠭᠠᠬᠤ︾ ᠠᠰᠠᠭᠤᠳᠠᠯ ᠮᠥᠨ ᠬᠦ ᠲᠣᠪᠤᠶᠢᠮ᠎ᠠ ᠪᠠᠶᠢᠵᠤ᠂ ᠲᠠᠷᠢᠶᠠᠨ ᠭᠠᠵᠠᠷ ᠤᠨ ᠤᠯᠠᠭᠠᠨ ᠱᠤᠭᠤᠮ ᠢ ᠪᠠᠲᠤ ᠰᠠᠬᠢᠬᠤ ᠰᠠᠭᠤᠷᠢ ᠶᠢ | ᠬᠠᠷᠠᠬᠠᠨ ᠪᠠᠲᠤᠯᠠᠵᠤ ᠴᠢᠳᠠᠭᠠᠳᠤᠢ᠂ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠲᠠᠯ᠎ᠠ ᠪᠠᠷ ᠬᠢ ᠥᠷᠢ ᠰᠢᠷᠢ ᠮᠠᠰᠢ ᠣᠯᠠᠨ ᠪᠠᠶᠢᠬᠤ ᠶᠢ | ᠰᠡᠷᠭᠡᠭ ᠢᠶᠠᠷ ᠲᠠᠨᠢᠵᠤ ᠣᠯᠬᠤ ᠬᠡᠷᠡᠭᠲᠡᠢ᠃ ᠰᠢᠨ᠎ᠡ ᠴᠠᠭ ᠦᠶ᠎ᠡ ᠰᠢᠨ᠎ᠡ ᠠᠶᠠᠨ ᠳᠤ᠂ ᠲᠠᠷᠢᠶᠠᠨ ᠭᠠᠵᠠᠷ ᠢ ᠬᠠᠮᠠᠭᠠᠯᠠᠬᠤ ᠡᠭᠦᠷᠭᠡ ᠬᠥᠩᠭᠡᠷᠡᠭᠰᠡᠨ ᠦᠭᠡᠢ᠂ | ᠬᠠᠷᠢᠨ ᠨᠡᠩ ᠪᠡᠷᠬᠡ ᠬᠠᠲᠠᠭᠤᠵᠢᠯᠲᠠᠢ ᠪᠣᠯᠵᠠᠢ ᠭᠡᠵᠦ ᠴᠢᠬᠤᠯᠠᠴᠢᠯᠠᠪᠠ᠃ | ᠵᠣᠬᠢᠶᠠᠯ ᠳᠤ ᠲᠠᠷᠢᠶᠠᠨ ᠭᠠᠵᠠᠷ ᠤᠨ ᠬᠠᠮᠠᠭᠠᠯᠠᠯᠲᠠ ᠶᠢ ᠴᠢᠩᠭᠠᠳᠬᠠᠬᠤ ᠶᠡᠷᠦᠩᠬᠡᠢ ᠰᠡᠳᠬᠢᠮᠵᠢ ᠪᠠ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠶᠢ | ᠳᠤᠷᠠᠳᠪᠠ᠃ ᠵᠣᠬᠢᠶᠠᠯ ᠳᠤ᠂ ᠲᠠᠷᠢᠶᠠᠨ ᠭᠠᠵᠠᠷ ᠤᠨ ᠬᠠᠮᠠᠭᠠᠯᠠᠯᠲᠠ ᠪᠣᠯ ᠰᠢᠰᠲ᠋ᠧᠮᠲᠦ ᠢᠨᠵᠧᠨᠧᠷᠢᠩ ᠮᠥᠨ᠂ ᠣᠳᠣᠬᠠᠨ ᠳᠤ᠂ ᠲᠤᠭ᠎ᠠ ᠬᠡᠮᠵᠢᠶ᠎ᠡ ᠪᠠ | ᠶᠠᠰᠤ ᠴᠢᠨᠠᠷ ᠢ ᠵᠡᠷᠭᠡ ᠪᠠᠷ ᠴᠢᠬᠤᠯᠠᠴᠢᠯᠠᠬᠤ᠂ ᠬᠠᠤᠯᠢ ᠬᠡᠷᠡᠭᠵᠢᠭᠦᠯᠦᠯᠲᠡ ᠶᠢ ᠴᠢᠩᠳᠠᠯᠠᠬᠤ᠂ ᠰᠢᠰᠲ᠋ᠧᠮ ᠲᠠᠢ ᠠᠬᠢᠭᠤᠯᠬᠤ᠂ ᠡᠭᠦᠷᠢᠳᠡ ᠦᠷᠭᠦᠯᠵᠢᠯᠡᠨ | ᠠᠰᠢᠭᠯᠠᠬᠤ ᠵᠡᠷᠭᠡ ᠴᠢᠬᠤᠯᠠ ᠶᠡᠭᠡ ᠱᠠᠭᠠᠷᠳᠠᠯᠭ᠎ᠠ ᠶᠢ ᠲᠣᠪᠤᠶᠢᠯᠭᠠᠨ ᠰᠠᠶᠢᠲᠤᠷ ᠡᠵᠡᠮᠳᠡᠬᠦ ᠬᠡᠷᠡᠭᠲᠡᠢ ᠭᠡᠵᠦ ᠳᠤᠷᠠᠳᠪᠠ᠃ ᠵᠣᠬᠢᠶᠠᠯ ᠳᠤ᠂ ᠲᠠᠷᠢᠶᠠᠨ ᠭᠠᠵᠠᠷ | ᠡᠨᠡ ᠬᠦ ᠠᠮᠢᠨ ᠰᠤᠳᠠᠰᠤ ᠶᠢ ᠪᠠᠲᠤ ᠰᠠᠬᠢᠬᠤ ᠳᠤ ᠡᠷᠬᠡᠪᠰᠢ ᠬᠡᠳᠦᠨ ᠵᠠᠩᠭᠢᠯᠠᠭ᠎ᠠ ᠶᠢᠨ ᠪᠣᠳᠠᠲᠠᠢ ᠠᠷᠭ᠎ᠠ ᠪᠠᠶᠢᠬᠤ ᠬᠡᠷᠡᠭᠲᠡᠢ᠃ ᠨᠢᠭᠡ ᠳᠤ᠂ ᠲᠠᠷᠢᠶᠠᠨ | ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠬᠡᠷᠡᠭᠲᠡᠢ᠃ ᠰᠢᠨ᠎ᠡ ᠨᠢᠭᠡ ᠡᠭᠡᠯᠵᠢ ᠶᠢᠨ ᠤᠯᠤᠰ ᠤᠨ ᠨᠤᠲᠤᠭ ᠳᠡᠪᠢᠰᠬᠡᠷ ᠤᠨ ᠣᠷᠣᠨ | ᠵᠠᠢ ᠶᠢᠨ ᠲᠥᠯᠦᠪᠵᠢᠭᠦᠯᠭᠡ ᠳᠤ ᠨᠢᠭᠡᠨᠲᠡ ᠡᠯ᠎ᠡ ᠭᠠᠵᠠᠷ ᠤᠨ ᠲᠠᠷᠢᠶᠠᠨ ᠭᠠᠵᠠᠷ ᠪᠠ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠬᠠᠮᠠᠭᠠᠯᠠᠬᠤ | ᠡᠭᠦᠷᠭᠡ ᠶᠢ ᠲᠣᠳᠣᠷᠬᠠᠢ ᠲᠣᠭᠲᠠᠭᠠᠭᠰᠠᠨ ᠪᠥᠭᠡᠳ ᠪᠣᠳᠠᠲᠠᠢ ᠳᠤ ᠨᠠᠶᠢᠳᠠᠪᠤᠷᠢᠵᠢᠭᠤᠯᠵᠤ ᠵᠢᠷᠤᠭ ᠲᠥᠯᠥᠪᠯᠡᠭᠡ ᠶᠢ ᠪᠡᠶᠡᠯᠡᠭᠦᠯᠪᠡ᠃ ᠮᠤᠵᠢ ᠶᠢᠨ ᠱᠠᠲᠤᠨ ᠤ | ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠬᠠᠷᠢᠭᠤᠴᠠᠯᠭ᠎ᠠ ᠪᠠᠨ ᠪᠠᠲᠤ ᠡᠭᠦᠷᠭᠡᠯᠡᠵᠦ᠂ 18 ᠳ᠋ᠦᠩᠰᠢᠭᠤᠷ ᠮᠦ ᠲᠠᠷᠢᠶᠠᠨ ᠭᠠᠵᠠᠷ ᠤᠨ ᠤᠯᠠᠭᠠᠨ | ᠱᠤᠭᠤᠮ ᠢ ᠶᠠᠭᠠᠬᠢᠭᠰᠠᠨ ᠴᠤ ᠡᠪᠳᠡᠬᠦ ᠦᠭᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠬᠤᠶᠠᠷ ᠲᠤ᠂ ᠲᠠᠷᠢᠶᠠᠨ ᠭᠠᠵᠠᠷ ᠤᠨ ᠶᠠᠰᠤ ᠴᠢᠨᠠᠷ ᠢ ᠪᠦᠭᠦ | ᠬᠦᠴᠦᠨ ᠢᠶᠠᠷ ᠢᠶᠠᠨ ᠳᠡᠭᠡᠭᠰᠢᠯᠡᠭᠦᠯᠭᠦ ᠬᠡᠷᠡᠭᠲᠡᠢ᠃ 15.46 ᠳ᠋ᠦᠩᠰᠢᠭᠤᠷ ᠮᠦ ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠦᠨᠡᠨ ᠬᠦ | ᠲᠠᠷᠢᠶᠠᠯᠠᠬᠤ ᠳᠤ ᠲᠣᠬᠢᠷᠠᠮᠵᠢᠲᠠᠢ ᠪᠥᠭᠡᠳ ᠭᠠᠩᠳᠠᠵᠤ ᠤᠰᠤᠲᠤᠬᠰᠠᠨ ᠴᠤ ᠬᠤᠷᠢᠶᠠᠯᠲᠠ ᠶᠢ ᠪᠠᠲᠤᠯᠠᠵᠤ ᠴᠢᠳᠠᠬᠤ᠂ ᠥᠨᠳᠥᠷ ᠤᠨᠠᠯᠳᠠ ᠲᠠᠢ ᠤᠨᠠᠯᠳᠠ | ᠲᠣᠭᠲᠠᠭᠤᠨ ᠪᠠᠶᠢᠬᠤ ᠣᠳᠣᠬᠢᠴᠢᠯᠠᠭᠰᠠᠨ ᠰᠠᠶᠢᠨ ᠲᠠᠷᠢᠶᠠᠨ ᠭᠠᠵᠠᠷ ᠪᠣᠯᠭᠠᠨ ᠪᠦᠲᠦᠭᠡᠨ ᠪᠠᠶᠢᠭᠤᠯᠬᠤ ᠬᠡᠷᠡᠭᠲᠡᠢ᠃ ᠲᠠᠷᠢᠶᠠᠨ ᠭᠠᠵᠠᠷ ᠤᠨ ᠶᠠᠰᠤ ᠴᠢᠨᠠᠷ ᠢ | ᠬᠠᠮᠠᠭᠠᠯᠠᠬᠤ ᠬᠠᠤᠯᠢ ᠶᠢ ᠲᠣᠭᠲᠠᠭᠠᠬᠤ ᠶᠢ ᠲᠦᠷᠭᠡᠳᠬᠡᠵᠦ᠂ ᠬᠠᠷ᠎ᠠ ᠬᠥᠷᠥᠰᠥᠲᠦ ᠭᠠᠵᠠᠷ ᠢ ᠬᠠᠮᠠᠭᠠᠯᠠᠬᠤ ᠢᠨᠵᠧᠨᠧᠷᠢᠩ ᠢ ᠬᠡᠷᠡᠭᠵᠢᠭᠦᠯᠵᠦ᠂ | ᠭᠦᠴᠢᠯᠵᠢᠭᠰᠡᠨ ᠵᠡᠷᠭᠡ ᠮᠠᠭᠤᠳᠠᠭᠰᠠᠨ ᠲᠠᠷᠢᠶᠠᠨ ᠭᠠᠵᠠᠷ ᠢ ᠵᠠᠰᠠᠬᠤ ᠶᠢ ᠴᠢᠩᠭᠠᠳᠬᠠᠵᠤ᠂ ᠲᠠᠷᠢᠶᠠᠨ ᠭᠠᠵᠠᠷ ᠤᠨ ᠣᠷᠭᠠᠨᠢᠭ ᠢᠶᠠᠷ ᠶᠠᠰᠤ ᠴᠢᠨᠠᠷ ᠢ | ᠳᠡᠭᠡᠭᠰᠢᠯᠡᠭᠦᠯᠭᠦ ᠠᠵᠢᠯᠯᠠᠭ᠎ᠠ ᠶᠢ ᠬᠡᠷᠡᠭᠵᠢᠭᠦᠯᠬᠦ ᠬᠡᠷᠡᠭᠲᠡᠢ᠃ ᠭᠤᠷᠪᠠ ᠳᠤ᠂ ᠲᠠᠷᠢᠶᠠᠨ ᠭᠠᠵᠠᠷ ᠢ ᠡᠵᠡᠯᠡᠬᠦ ᠪᠠ ᠨᠥᠬᠦᠪᠦᠷᠢᠯᠡᠬᠦ ᠶᠢ ᠲᠡᠩᠴᠡᠭᠦᠷᠢᠰᠢᠭᠦᠯᠬᠦ | ᠳᠦᠷᠢᠮ ᠢ ᠥᠭᠡᠷᠡᠴᠢᠯᠡᠨ ᠲᠡᠭᠦᠯᠳᠡᠷᠵᠢᠭᠦᠯᠬᠦ ᠬᠡᠷᠡᠭᠲᠡᠢ᠃ ᠲᠠᠷᠢᠶᠠᠨ ᠭᠠᠵᠠᠷ ᠢ ᠡᠵᠡᠯᠡᠨ ᠬᠡᠷᠡᠭᠯᠡᠭᠰᠡᠨ ᠡᠯ᠎ᠡ ᠲᠥᠷᠥᠯ ᠤᠨ ᠠᠵᠢᠯᠯᠠᠭ᠎ᠠ ᠶᠢ ᠡᠵᠡᠯᠡᠬᠦ ᠪᠠ | ᠨᠥᠬᠦᠪᠦᠷᠢᠯᠡᠬᠦ ᠶᠢ ᠲᠡᠩᠴᠡᠭᠦᠷᠢᠲᠡᠢ ᠬᠠᠮᠢᠶᠠᠷᠬᠤ ᠳᠤ ᠨᠢᠭᠡᠳᠦᠯᠲᠡᠢ ᠣᠷᠣᠭᠤᠯᠬᠤ ᠬᠡᠷᠡᠭᠲᠡᠢ᠃ ᠲᠠᠷᠢᠶᠠᠨ ᠭᠠᠵᠠᠷ ᠤᠨ ᠶᠠᠰᠤ ᠴᠢᠨᠠᠷ ᠢ ᠰᠢᠯᠭᠠᠨ ᠠᠪᠬᠤ | ᠳᠦᠷᠢᠮ ᠢ ᠨᠥᠬᠦᠪᠦᠷᠢᠯᠡᠨ ᠲᠡᠭᠦᠯᠳᠡᠷᠵᠢᠭᠦᠯᠬᠦ ᠬᠡᠷᠡᠭᠲᠡᠢ᠃ ᠳᠥᠷᠪᠡ ᠳᠤ᠂ ᠲᠠᠷᠢᠶᠠᠴᠢᠳ ᠪᠣᠯᠣᠨ ᠣᠷᠣᠨ ᠨᠤᠲᠤᠭ ᠤᠨ ᠵᠠᠰᠠᠭ ᠤᠨ ᠣᠷᠳᠣᠨ ᠤ ᠲᠠᠷᠢᠶᠠᠨ | ᠭᠠᠵᠠᠷ ᠢ ᠬᠠᠮᠠᠭᠠᠯᠠᠬᠤ ᠠᠮᠤ ᠪᠤᠳᠠᠭ᠎ᠠ ᠲᠠᠷᠢᠬᠤ ᠠᠮᠤ ᠪᠤᠳᠠᠭ᠎ᠠ ᠶᠢ ᠴᠢᠬᠤᠯᠠᠴᠢᠯᠠᠬᠤ ᠢᠳᠡᠪᠬᠢᠵᠢᠯ ᠢ ᠳᠠᠶᠢᠴᠢᠯᠠᠬᠤ ᠬᠡᠷᠡᠭᠲᠡᠢ᠃ ᠠᠮᠤ ᠪᠤᠳᠠᠭ᠎ᠠ ᠲᠠᠷᠢᠵᠤ | ᠪᠠᠶᠢᠭ᠎ᠠ ᠲᠠᠷᠢᠶᠠᠴᠢᠳ ᠤᠨ ᠠᠰᠢᠭ ᠣᠷᠣᠯᠭ᠎ᠠ ᠶᠢ ᠪᠠᠲᠤᠯᠠᠬᠤ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ ᠤᠯᠠᠨ ᠵᠦᠢᠯ ᠤᠨ ᠭᠡᠯᠪᠡᠷᠢ ᠶᠢᠨ | ᠲᠠᠷᠢᠶᠠᠯᠠᠩ ᠤᠨ ᠵᠣᠬᠢᠬᠤ ᠬᠡᠪᠴᠢᠶᠡᠲᠦ ᠡᠵᠡᠩᠨᠡᠯᠲᠡ ᠶᠢ ᠬᠥᠭᠵᠢᠭᠦᠯᠬᠦ ᠬᠡᠷᠡᠭᠲᠡᠢ᠃ ᠠᠮᠤ ᠪᠤᠳᠠᠭᠠᠨ ᠤ ᠭᠤᠣᠯ ᠭᠠᠷᠤᠯᠲᠠ ᠶᠢᠨ ᠣᠷᠣᠨ ᠤ ᠠᠰᠢᠭ | ᠲᠤᠰᠠ ᠶᠢᠨ ᠨᠥᠬᠦᠪᠦᠷᠢ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠠᠮᠤ ᠪᠤᠳᠠᠭᠠᠨ ᠤ ᠭᠤᠣᠯ ᠭᠠᠷᠤᠯᠲᠠ ᠶᠢᠨ ᠣᠷᠣᠨ᠂ ᠭᠤᠣᠯ ᠪᠣᠷᠤᠯᠠᠭᠤᠯᠭ᠎ᠠ ᠶᠢᠨ | ᠣᠷᠣᠨ᠂ ᠦᠢᠯᠡᠳᠪᠦᠷᠢᠯᠡᠯ ᠪᠣᠷᠤᠯᠠᠭᠤᠯᠭ᠎ᠠ ᠲᠡᠩᠴᠡᠭᠦᠷᠢᠲᠡᠢ ᠪᠠᠶᠢᠬᠤ ᠣᠷᠣᠨ ᠤ ᠲᠠᠷᠢᠶᠠᠨ ᠭᠠᠵᠠᠷ ᠢ ᠬᠠᠮᠠᠭᠠᠯᠠᠬᠤ ᠬᠠᠮᠲᠤᠷᠠᠯ ᠬᠦᠴᠦᠨ ᠢ ᠪᠦᠷᠢᠯᠳᠦᠭᠦᠯᠬᠦ | ᠬᠡᠷᠡᠭᠲᠡᠢ᠃ ᠠᠲᠠᠷᠰᠢᠭᠰᠠᠨ ᠭᠠᠵᠠᠷ ᠢ ᠵᠠᠰᠠᠬᠤ ᠶᠢ ᠴᠢᠩᠭᠠᠳᠬᠠᠵᠤ᠂ ᠰᠠᠭᠤᠷᠢ ᠲᠤᠭ᠎ᠠ ᠶᠢ ᠲᠦᠢᠯᠪᠤᠷᠢᠲᠠᠢ ᠲᠣᠳᠣᠷᠬᠠᠢ ᠣᠶᠢᠯᠠᠭᠠᠵᠤ᠂ ᠠᠲᠠᠷᠰᠢᠭᠰᠠᠨ | ᠭᠠᠵᠠᠷ ᠢ ᠠᠰᠢᠭᠯᠠᠬᠤ ᠶᠢ ᠲᠥᠷᠥᠯ ᠬᠤᠪᠢᠶᠠᠨ ᠠᠬᠢᠭᠤᠯᠬᠤ ᠬᠡᠷᠡᠭᠲᠡᠢ᠃ ᠲᠠᠪᠤ ᠳᠤ᠂ ᠡᠯ᠎ᠡ ᠲᠥᠷᠥᠯ ᠤᠨ ᠤᠯᠠᠮᠵᠢᠯᠠᠯᠲᠤ ᠪᠤᠰᠤ ᠲᠠᠷᠢᠶᠠᠨ ᠭᠠᠵᠠᠷ ᠤᠨ | ᠡᠬᠢ ᠪᠠᠶᠠᠯᠢᠭ ᠢ ᠢᠳᠡᠪᠬᠢᠲᠡᠢ ᠪᠠᠷ ᠨᠡᠭᠡᠭᠡᠨ ᠬᠥᠭᠵᠢᠭᠦᠯᠬᠦ ᠬᠡᠷᠡᠭᠲᠡᠢ᠃ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠤᠳᠤᠯᠤᠨ ᠨᠡᠭᠡᠭᠡᠬᠦ ᠪᠠ | ᠦᠢᠯᠡᠳᠪᠦᠷᠢᠯᠡᠬᠦ ᠳᠠᠬᠢ ᠪᠡᠯᠡ ᠣᠷᠣᠭᠤᠯᠤᠯᠲᠠ ᠶᠢ ᠴᠢᠩᠭᠠᠳᠬᠠᠵᠤ᠂ ᠪᠦᠲᠦᠮᠵᠢᠲᠡᠢ ᠬᠥᠭᠵᠢᠯᠲᠡ ᠶᠢᠨ ᠵᠠᠭᠪᠤᠷ ᠢ ᠰᠦᠪᠡᠭᠴᠢᠯᠡᠵᠦ᠂ ︽ᠲᠠᠷᠢᠶᠠᠨ | ᠭᠠᠵᠠᠷ ᠤᠨ ᠠᠮᠤ ᠪᠤᠳᠠᠭ᠎ᠠ ᠦᠢᠯᠡᠳᠪᠦᠷᠢᠯᠡᠬᠦ ᠴᠢᠳᠠᠪᠤᠷᠢ ᠶᠢ ᠪᠠᠲᠤᠯᠠᠬᠤ︾ ᠪᠠ ︽ᠮᠡᠷᠭᠡᠵᠢᠯ ᠢᠶᠠᠷ ᠠᠮᠤ ᠪᠤᠳᠠᠭᠠᠨ ᠤ ᠤᠨᠠᠯᠲᠠ ᠶᠢ ᠨᠡᠮᠡᠭᠳᠡᠭᠦᠯᠬᠦ︾ ᠶᠢ | ᠤᠶᠠᠯᠳᠤᠭᠤᠯᠵᠤ᠂ ᠡᠯ᠎ᠡ ᠲᠦᠷᠦᠯ ᠤᠨ ᠤᠯᠠᠮᠵᠢᠯᠠᠯᠲᠤ ᠪᠤᠰᠤ ᠲᠠᠷᠢᠶᠠᠨ ᠭᠠᠵᠠᠷ ᠤᠨ ᠡᠬᠢ ᠪᠠᠶᠠᠯᠢᠭ ᠢ ᠠᠰᠢᠭᠯᠠᠨ ᠲᠠᠷᠢᠶᠠᠯᠠᠩ ᠤᠨ ᠦᠢᠯᠡᠳᠪᠦᠷᠢᠯᠡᠯ ᠬᠢᠬᠦ | ᠬᠡᠷᠡᠭᠲᠡᠢ᠃ ᠲᠠᠷᠢᠶᠠᠨ ᠭᠠᠵᠠᠷ ᠢ ᠬᠠᠮᠠᠭᠠᠯᠠᠬᠤ ᠳᠤ ᠬᠠᠤᠯᠢ ᠶᠢ ᠴᠢᠩᠭ᠎ᠠ ᠬᠡᠷᠡᠭᠵᠢᠭᠦᠯᠬᠦ ᠬᠡᠷᠡᠭᠲᠡᠢ᠂ ᠭᠡᠪᠡᠴᠦ ᠵᠥᠪ ᠪᠤᠷᠤᠭᠤ ᠶᠢ ᠢᠯᠭᠠᠬᠤ ᠦᠭᠡᠢ᠂ ᠠᠬᠢᠨ | ᠳᠠᠭᠢᠨ ᠬᠤᠪᠢᠷᠠᠭᠤᠯᠵᠤ ᠪᠤᠯᠬᠤ ᠦᠭᠡᠢ᠃ ᠦᠨᠡᠨ ᠠᠴᠠ ᠵᠥᠪ ᠢ ᠡᠷᠢᠵᠦ᠂ ᠵᠢᠮ᠎ᠡ ᠶᠣᠰᠣ ᠶᠢ ᠭᠦᠨᠳᠦᠳᠭᠡᠵᠦ᠂ ᠲᠠᠷᠢᠶᠠᠴᠢᠳ ᠤᠨ ᠠᠰᠢᠭ ᠲᠤᠰᠠ ᠶᠢ | ᠬᠠᠮᠠᠭᠠᠯᠠᠵᠤ᠂ ᠤᠬᠠᠭᠤᠯᠤᠨ ᠲᠠᠶᠢᠯᠪᠤᠷᠢᠯᠠᠬᠤ ᠶᠢ ᠴᠢᠩᠭᠠᠳᠬᠠᠵᠤ᠂ ᠰᠢᠯᠵᠢᠯᠲᠡ ᠶᠢᠨ ᠬᠤᠭᠤᠴᠠᠭ᠎ᠠ ᠶᠢ ᠵᠣᠬᠢᠰᠲᠠᠢ ᠦᠯᠡᠳᠡᠭᠡᠵᠦ᠂ ᠠᠯᠬᠤᠮ | ᠲᠠᠷᠠᠭ᠎ᠠ ᠲᠠᠢ ᠪᠠᠷ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠵᠣᠬᠢᠶᠠᠯ ᠳᠤ᠂ ᠬᠤᠵᠢᠷᠯᠢᠭ ᠭᠠᠵᠠᠷ ᠢ ᠶᠡᠷᠦᠩᠬᠡᠶᠢᠯᠡᠨ ᠥᠭᠡᠷᠡᠴᠢᠯᠡᠨ ᠠᠰᠢᠭᠯᠠᠬᠤ ᠶᠢ ᠰᠠᠶᠢᠲᠤᠷ ᠠᠳᠬᠤᠬᠤ ᠬᠡᠷᠡᠭᠲᠡᠢ᠃ ᠬᠤᠵᠢᠷᠯᠢᠭ ᠭᠠᠵᠠᠷ ᠢ | ᠶᠡᠷᠦᠩᠬᠡᠶᠢᠯᠡᠨ ᠥᠭᠡᠷᠡᠴᠢᠯᠡᠵᠦ ᠠᠰᠢᠭᠯᠠᠬᠤ ᠪᠣᠯ ᠲᠠᠷᠢᠶᠠᠨ ᠭᠠᠵᠠᠷ ᠢ ᠬᠠᠮᠠᠭᠠᠯᠠᠬᠤ ᠪᠠ ᠰᠠᠶᠢᠵᠢᠷᠠᠭᠤᠯᠬᠤ ᠶᠢᠨ ᠴᠢᠬᠤᠯᠠ ᠲᠠᠯ᠎ᠠ ᠪᠣᠯᠣᠨ᠎ᠠ᠃ ᠮᠠᠨ ᠤ | ᠤᠯᠤᠰ ᠤᠨ ᠬᠤᠵᠢᠷᠯᠢᠭ ᠭᠠᠵᠠᠷ ᠤᠯᠠᠨ᠂ ᠬᠡᠰᠡᠭ ᠭᠠᠵᠠᠷ ᠣᠷᠣᠨ ᠤ ᠲᠠᠷᠢᠶᠠᠨ ᠭᠠᠵᠠᠷ ᠤᠨ ᠬᠤᠵᠢᠷᠰᠢᠬᠤ ᠬᠠᠨᠳᠤᠰᠢ ᠰᠢᠷᠦᠭᠦᠰᠴᠦ᠂ ᠬᠤᠵᠢᠷᠯᠢᠭ | ᠭᠠᠵᠠᠷ ᠢ ᠶᠡᠷᠦᠩᠬᠡᠶᠢᠯᠡᠨ ᠥᠭᠡᠷᠡᠴᠢᠯᠡᠨ ᠠᠰᠢᠭᠯᠠᠬᠤ ᠶᠢ ᠥᠷᠨᠢᠭᠦᠯᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ᠃ ᠬᠤᠵᠢᠷᠯᠢᠭ ᠭᠠᠵᠠᠷ ᠢ ᠨᠡᠭᠡᠭᠡᠨ | ᠠᠰᠢᠭᠯᠠᠬᠤ ᠳᠠᠯᠳᠠ ᠬᠦᠴᠦᠨ ᠢ ᠭᠦᠢᠴᠡᠳ ᠠᠭᠤᠳᠠᠯᠵᠤ᠂ ᠣᠲᠣ ᠶᠢᠨ ᠪᠠᠶᠢᠭ᠎ᠠ ᠬᠤᠵᠢᠷᠯᠢᠭ ᠲᠠᠷᠢᠶᠠᠨ ᠭᠠᠵᠠᠷ ᠢ ᠥᠭᠡᠷᠡᠴᠢᠯᠡᠨ ᠰᠠᠶᠢᠵᠢᠷᠠᠭᠤᠯᠬᠤ ᠶᠢ | ᠴᠢᠩᠭᠠᠳᠬᠠᠵᠤ᠂ ᠲᠠᠷᠢᠶᠠᠨ ᠭᠠᠵᠠᠷ ᠤᠨ ᠬᠤᠵᠢᠷᠰᠢᠬᠤ ᠬᠠᠨᠳᠤᠰᠢ ᠶᠢ ᠪᠦᠲᠦᠮᠵᠢᠲᠡᠶ ᠬᠤᠷᠢᠭᠯᠠᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠣᠷᠣᠨ | ᠵᠠᠢ ᠶᠢ ᠲᠣᠭᠲᠠᠭᠤᠨ ᠢᠶᠠᠷ ᠥᠷᠭᠡᠳᠬᠡᠵᠦ᠂ ᠲᠠᠷᠢᠶᠠᠯᠠᠩ ᠤᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠵᠦ᠂ ᠬᠤᠵᠢᠷᠯᠢᠭ | ᠭᠠᠵᠠᠷ ᠤᠨ ᠣᠨᠴᠠᠯᠢᠭᠲᠤ ᠲᠠᠷᠢᠶᠠᠯᠠᠩ ᠤᠨ ᠠᠵᠢᠯ ᠢ ᠰᠠᠶᠢᠲᠤᠷ ᠬᠢᠬᠦ ᠬᠡᠷᠡᠭᠲᠡᠢ᠃ ᠬᠡᠳᠦᠨ ᠵᠦᠢᠯ ᠤᠨ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠬᠤ | ᠬᠡᠷᠡᠭᠲᠡᠢ᠄ ᠨᠢᠭᠡ ᠳᠤ᠂ ᠬᠤᠵᠢᠷᠯᠢᠭ ᠭᠠᠵᠠᠷ ᠤᠨ ᠡᠬᠢ ᠪᠠᠶᠠᠯᠢᠭ ᠤᠨ ᠪᠠᠶᠢᠳᠠᠯ ᠢ ᠪᠦᠭᠦ ᠲᠠᠯ᠎ᠠ ᠪᠠᠷ ᠲᠣᠳᠣᠷᠬᠠᠢ ᠣᠶᠢᠯᠠᠭᠠᠵᠤ᠂ ᠰᠠᠭᠤᠷᠢ ᠠᠵᠢᠯ ᠢ | ᠯᠠᠪᠳᠠᠭᠤᠨ ᠪᠠᠲᠤᠲᠠᠢ ᠬᠢᠬᠦ ᠬᠡᠷᠡᠭᠲᠡᠢ᠃ ᠬᠤᠶᠠᠷ ᠲᠤ᠂ ᠦᠵᠦ ᠲᠥᠯᠥᠪᠯᠡᠭᠡ ᠶᠢ ᠰᠠᠶᠢᠲᠤᠷ ᠬᠢᠵᠦ᠂ ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠬᠤ | ᠶᠡᠷᠦᠩᠬᠡᠢ ᠲᠥᠯᠦᠪᠵᠢᠭᠦᠯᠭᠡ ᠪᠠ ᠲᠤᠰᠬᠠᠢ ᠬᠡᠷᠡᠭᠵᠢᠭᠦᠯᠬᠦ ᠲᠥᠰᠥᠯ ᠢ ᠰᠤᠳᠤᠯᠤᠨ ᠨᠠᠶᠢᠷᠠᠭᠤᠯᠤᠨ ᠵᠣᠬᠢᠶᠠᠬᠤ ᠬᠡᠷᠡᠭᠲᠡᠢ᠃ ᠭᠤᠷᠪᠠ ᠳᠤ᠂ ᠲᠥᠷᠥᠯ | ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠣᠷᠣᠨ ᠬᠤᠪᠢᠶᠠᠨ ᠲᠥᠷᠥᠯ ᠬᠤᠪᠢᠶᠠᠨ ᠬᠤᠵᠢᠷᠯᠢᠭ ᠲᠠᠷᠢᠶᠠᠨ ᠭᠠᠵᠠᠷ ᠢ ᠵᠠᠰᠠᠨ ᠰᠠᠶᠢᠵᠢᠷᠠᠭᠤᠯᠬᠤ | ᠠᠵᠢᠯ ᠢ ᠥᠷᠨᠢᠭᠦᠯᠬᠦ ᠬᠡᠷᠡᠭᠲᠡᠢ᠃ ᠳᠥᠷᠪᠡ ᠳᠤ᠂ ᠠᠮᠤ ᠪᠤᠳᠠᠭ᠎ᠠ ᠠᠵᠤ ᠠᠬᠤᠢ ᠶᠢᠨ ᠲᠠᠷᠢᠮᠠᠯ ᠲᠡᠵᠢᠭᠡᠯ ᠪᠣᠷᠳᠤᠭ᠎ᠠ ᠶᠢ ᠨᠢᠭᠡᠳᠦᠯᠲᠡᠢ ᠲᠥᠯᠥᠪᠵᠢᠭᠦᠯᠬᠦ ᠶᠢ | ᠪᠠᠷᠢᠮᠲᠠᠯᠠᠵᠤ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠬᠤᠵᠢᠷᠯᠢᠭ ᠭᠠᠵᠠᠷ ᠢ ᠠᠰᠢᠭᠯᠠᠵᠤ᠂ ᠡᠯ᠎ᠡ ᠲᠥᠷᠥᠯ ᠤᠨ ᠬᠤᠵᠢᠷᠯᠢᠭ | ᠭᠠᠵᠠᠷ ᠤᠨ ᠡᠬᠢ ᠪᠠᠶᠠᠯᠢᠭ ᠠᠴᠠ ᠬᠤᠷᠢᠶᠠᠯᠲᠠ ᠣᠯᠬᠤ ᠬᠡᠷᠡᠭᠲᠡᠢ᠃ ᠲᠠᠪᠤ ᠳᠤ᠂ ︽ᠲᠠᠷᠢᠶᠠᠨ ᠭᠠᠵᠠᠷ ᠲᠤ ᠲᠣᠬᠢᠷᠠᠭᠤᠯᠤᠨ ᠲᠠᠷᠢᠬᠤ︾ ᠪᠠ ︽ᠲᠠᠷᠢᠶᠠᠨ | ᠭᠠᠵᠠᠷ ᠢ ᠲᠠᠷᠢᠬᠤ ᠳᠤ ᠲᠣᠬᠢᠷᠠᠮᠵᠢᠲᠠᠢ ᠪᠤᠯᠭᠠᠬᠤ︾ ᠶᠢ ᠬᠠᠷᠢᠯᠴᠠᠨ ᠤᠶᠠᠯᠳᠤᠭᠤᠯᠵᠤ᠂ ᠬᠤᠵᠢᠷ ᠲᠤ ᠲᠡᠰᠪᠦᠷᠢᠲᠡᠢ ᠣᠨᠴᠠᠯᠢᠭᠲᠤ ᠡᠭᠦᠯᠳᠡᠷ ᠢ ᠰᠣᠩᠭᠤᠨ | ᠪᠤᠶᠢᠵᠢᠭᠤᠯᠬᠤ ᠶᠢ ᠲᠦᠷᠭᠡᠳᠬᠡᠵᠦ᠂ ᠬᠤᠵᠢᠷᠯᠢᠭ ᠭᠠᠵᠠᠷ ᠢ ᠵᠠᠰᠠᠨ ᠰᠠᠶᠢᠵᠢᠷᠠᠭᠤᠯᠬᠤ ᠪᠦᠲᠦᠮᠵᠢᠲᠡᠶ ᠠᠷᠭ᠎ᠠ ᠬᠢᠳᠡᠯ ᠢ ᠶᠡᠬᠡᠪᠡᠷ ᠳᠡᠯᠭᠡᠷᠡᠭᠦᠯᠬᠦ ᠬᠡᠷᠡᠭᠲᠡᠢ᠃ | ᠵᠢᠷᠭᠤᠭ᠎ᠠ ᠳᠤ᠂ ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠬᠤ ᠶᠢ ᠳᠡᠮᠵᠢᠬᠦ ᠡᠳ᠋ ᠤᠨ ᠵᠠᠰᠠᠭ ᠮᠥᠩᠭᠦᠨ ᠭᠦᠢᠯᠭᠡᠭᠡᠨ ᠤ ᠲᠥᠷᠥ ᠶᠢᠨ ᠪᠣᠳᠣᠯᠭ᠎ᠠ ᠶᠢ | ᠲᠣᠭᠲᠠᠭᠠᠵᠤ᠂ ᠪᠡᠯᠡ ᠮᠥᠩᠭᠦ ᠵᠡᠷᠭᠡ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠳᠬᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | |