ᠰᠢᠨᠬᠤᠸᠠ ᠬᠤᠷᠢᠶ᠎ᠠ ᠶᠢᠨ ᠱᠠᠩᠬᠠᠢ ᠶᠢᠨ 11 ᠰᠠᠷ᠎ᠠ ᠶᠢᠨ 30 ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ | ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 30 ᠤ ᠦᠳᠡ ᠶᠢᠨ ᠡᠮᠦᠨ᠎ᠡ | ᠱᠠᠩᠬᠠᠢ ᠳᠤ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠣᠭᠴᠠᠵᠢᠭᠰᠠᠨ ᠬᠥᠭᠵᠢᠯᠲᠡ ᠶᠢ ᠭᠦᠨᠵᠡᠭᠡᠢ ᠠᠬᠢᠭᠤᠯᠬᠤ ᠶᠠᠷᠢᠯᠴᠠᠬᠤ ᠬᠤᠷᠠᠯ ᠢ ᠡᠷᠭᠢᠯᠡᠨ | ᠬᠤᠷᠠᠯᠳᠤᠭᠤᠯᠵᠤ ᠴᠢᠬᠤᠯᠠ ᠶᠠᠷᠢᠶ᠎ᠠ ᠲᠠᠯᠪᠢᠪᠠ᠃ ᠲᠡᠷᠡ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠣᠭᠴᠠᠵᠢᠭᠰᠠᠨ ᠬᠥᠭᠵᠢᠯᠲᠡ ᠶᠢ ᠭᠦᠨᠵᠡᠭᠡᠢ | ᠠᠬᠢᠭᠤᠯᠵᠤ᠂ ᠰᠢᠨ᠎ᠡ ᠶᠢ ᠡᠭᠦᠳᠬᠦ ᠴᠢᠳᠠᠪᠤᠷᠢ᠂ ᠠᠵᠤ ᠦᠢᠯᠡᠰ ᠤᠨ ᠥᠷᠢᠰᠦᠯᠳᠦᠬᠦ ᠬᠦᠴᠦᠨ᠂ ᠬᠥᠭᠵᠢᠯᠲᠡ ᠶᠢᠨ ᠴᠢᠳᠠᠪᠤᠷᠢ ᠲᠡᠰ ᠢ ᠤᠯᠠᠮ | ᠳᠡᠭᠡᠭᠰᠢᠯᠡᠭᠦᠯᠵᠦ᠂ ᠨᠡᠩ ᠥᠨᠳᠥᠷ ᠲᠡᠰ ᠳᠠᠪᠬᠤᠷᠭ᠎ᠠ ᠶᠢᠨ ᠥᠭᠡᠷᠡᠴᠢᠯᠡᠯᠲᠡ ᠨᠡᠭᠡᠭᠡᠯᠲᠡ ᠶᠢᠨ ᠰᠢᠨ᠎ᠡ ᠪᠠᠶᠢᠷᠢᠰᠢᠯ ᠢ ᠤᠷᠢᠳ ᠢᠶᠠᠷ ᠪᠦᠷᠢᠯᠳᠦᠭᠦᠯᠬᠦ ᠨᠢ | ᠮᠠᠨ ᠤ ᠤᠯᠤᠰ ᠤᠨ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠪᠠ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ | ᠦᠢᠯᠡᠰ ᠢ ᠪᠦᠭᠦ ᠲᠠᠯ᠎ᠠ ᠪᠠᠷ ᠠᠬᠢᠭᠤᠯᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ | ᠪᠦᠲᠦᠨ᠂ ᠵᠥᠪ ᠣᠨᠣᠪᠴᠢᠲᠠᠢ᠂ ᠪᠦᠭᠦ ᠲᠠᠯ᠎ᠠ ᠪᠠᠷ ᠲᠤᠭᠤᠰᠢᠯᠠᠭᠤᠯᠵᠤ᠂ ᠨᠢᠭᠡ ᠴᠣᠭᠴᠠᠵᠢᠭᠤᠯᠬᠤ ᠪᠠ ᠴᠢᠨᠠᠷ ᠰᠠᠶᠢᠲᠠᠢ ᠪᠠᠶᠢᠯᠭᠠᠬᠤ ᠡᠨᠡ ᠬᠤᠶᠠᠷ | ᠵᠠᠩᠭᠢᠯᠠᠭ᠎ᠠ ᠶᠢᠨ ᠦᠭᠡ ᠶᠢ ᠴᠢᠩᠭ᠎ᠠ ᠡᠵᠡᠮᠳᠡᠵᠦ᠂ ᠪᠦᠭᠦ ᠪᠥᠮᠪᠥᠷᠴᠡᠭ ᠤᠨ ᠬᠠᠷᠠᠭᠠᠰᠤ ᠪᠠ ᠪᠠᠶᠢᠯᠳᠤᠬᠤ ᠪᠣᠳᠣᠯᠭ᠎ᠠ ᠶᠢᠨ ᠰᠡᠳᠬᠢᠬᠦᠢ ᠶᠢ ᠪᠤᠢ ᠪᠤᠯᠭᠠᠵᠤ᠂ | ᠣᠭᠲᠣᠬᠠᠨ ᠴᠤ ᠭᠤᠶᠢᠪᠢᠰᠢ ᠦᠭᠡᠢ ᠪᠠᠷ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠥᠨᠳᠥᠷ ᠲᠦᠪᠰᠢᠨ ᠪᠦᠬᠦᠢ ᠨᠡᠭᠡᠭᠡᠯᠲᠡ ᠶᠢ ᠥᠷᠭᠡᠳᠬᠡᠵᠦ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢ ᠨᠢᠭᠡᠳᠦᠯᠲᠡᠢ ᠲᠥᠯᠥᠪᠵᠢᠭᠦᠯᠵᠦ᠂ | ᠳᠠᠭᠠᠭᠤᠯᠤᠭᠴᠢ ᠪᠣᠯᠵᠤ ᠳᠠᠶᠢᠴᠢᠯᠠᠬᠤ ᠪᠠ ᠲᠤᠰ ᠲᠤᠰ ᠤᠨ ᠳᠠᠪᠠᠭᠤᠯᠢᠭ ᠢᠶᠠᠨ ᠪᠠᠳᠠᠷᠠᠭᠤᠯᠬᠤ ᠶᠢ ᠨᠢᠭᠡᠳᠦᠯᠲᠡᠢ ᠲᠥᠯᠥᠪᠵᠢᠭᠦᠯᠵᠦ᠂ ᠬᠠᠲᠠᠭᠤ | ᠲᠤᠨᠤᠭ ᠤᠨ ᠬᠤᠯᠪᠣᠯᠳᠤᠨ ᠨᠡᠪᠲᠡᠷᠡᠯᠴᠡᠬᠦ ᠪᠠ ᠲᠣᠭᠲᠠᠴᠠ ᠶᠢᠨ ᠬᠠᠮᠵᠢᠯᠴᠠᠭ᠎ᠠ ᠶᠢ ᠨᠢᠭᠡᠳᠦᠯᠲᠡᠢ ᠲᠥᠯᠥᠪᠵᠢᠭᠦᠯᠵᠦ᠂ ᠠᠮᠢ ᠠᠬᠤᠢ ᠣᠷᠴᠢᠨ | ᠲᠣᠭᠤᠷᠢᠨ ᠤ ᠬᠠᠮᠠᠭᠠᠯᠠᠯᠲᠠ ᠪᠠ ᠠᠵᠤ ᠠᠬᠤᠢ ᠶᠢᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠵᠦ᠂ ᠬᠠᠮᠲᠤ ᠪᠠᠷ ᠪᠠᠶᠠᠵᠢᠬᠤ ᠶᠢ ᠠᠬᠢᠭᠤᠯᠬᠤ | ᠲᠠᠯ᠎ᠠ ᠪᠠᠷ ᠤᠷᠢᠳ ᠢᠶᠠᠷ ᠵᠢᠱᠢᠶ᠎ᠡ ᠦᠵᠡᠭᠦᠯᠵᠦ᠂ ᠳᠤᠮᠳᠠᠳᠤ ᠶᠢᠨ ᠦᠨᠳᠦᠰᠦᠲᠡᠨ ᠤ ᠤᠳᠤ ᠦᠶ᠎ᠡ ᠶᠢᠨ ᠪᠣᠯᠪᠠᠰᠤᠨ ᠢ ᠪᠠᠶᠢᠭᠤᠯᠬᠤ ᠲᠠᠯ᠎ᠠ ᠪᠠᠷ | ᠢᠳᠡᠪᠬᠢᠲᠡᠢ ᠰᠦᠪᠡᠭᠴᠢᠯᠡᠵᠦ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠣᠭᠴᠠᠵᠢᠭᠰᠠᠨ ᠬᠥᠭᠵᠢᠯᠲᠡ ᠶᠢᠨ ᠴᠢᠬᠤᠯᠠ ᠶᠡᠭᠡ ᠰᠢᠨ᠎ᠡ | ᠰᠢᠪᠲᠤᠯᠤᠯᠲᠠ ᠲᠠᠢ ᠪᠤᠯᠬᠤ ᠶᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠳᠤᠮᠳᠠ ᠡᠮᠦᠨ᠎ᠡ ᠨᠢ ᠬᠤᠰᠢᠭᠤᠷᠠᠵᠤ᠂ | ᠤᠷᠢᠳ ᠢᠶᠠᠷ ᠵᠠᠮ ᠰᠦᠪᠡᠭᠴᠢᠯᠡᠬᠦ᠂ ᠬᠥᠲᠥᠯᠥᠨ ᠳᠠᠭᠠᠭᠤᠯᠵᠤ ᠵᠢᠱᠢᠶ᠎ᠡ ᠦᠵᠡᠭᠦᠯᠭᠦ᠂ ᠨᠥᠯᠥᠭᠡᠯᠡᠨ ᠳᠠᠶᠢᠴᠢᠯᠠᠬᠤ ᠦᠢᠯᠡᠳᠦᠯ ᠢ ᠨᠡᠩ ᠰᠠᠶᠢᠲᠤᠷ | ᠪᠠᠳᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | | | | | 11 ᠰᠠᠷ᠎ᠠ ᠶᠢᠨ 30 ᠤ ᠦᠳᠡ ᠶᠢᠨ ᠡᠮᠦᠨ᠎ᠡ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ | ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠱᠠᠩᠬᠠᠢ ᠳᠤ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠣᠭᠴᠠᠵᠢᠭᠰᠠᠨ | ᠬᠥᠭᠵᠢᠯᠲᠡ ᠶᠢ ᠭᠦᠨᠵᠡᠭᠡᠢ ᠠᠬᠢᠭᠤᠯᠬᠤ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠵᠤ ᠴᠢᠬᠤᠯᠠ ᠶᠠᠷᠢᠶ᠎ᠠ ᠲᠠᠯᠪᠢᠪᠠ᠃ | ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ | | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ | ᠶᠡᠷᠦᠩᠬᠡᠢ ᠰᠠᠶᠢᠳ ᠯᠢ ᠴᠢᠶᠠᠩ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠮ ᠤᠨ ᠲᠥᠪ | ᠬᠤᠷᠢᠶ᠎ᠠ ᠶᠢᠨ ᠠᠯᠪᠠᠨ ᠲᠢᠩᠬᠢᠮ ᠤᠨ ᠡᠷᠭᠢᠯᠡᠭᠴᠢ ᠼᠠᠢ ᠴᠢ ᠶᠠᠷᠢᠯᠴᠠᠬᠤ ᠬᠤᠷᠠᠯ ᠳᠤ ᠣᠷᠣᠯᠴᠠᠪᠠ᠃ | ᠰᠢ ᠶᠢᠨ ᠫᠢᠩ ᠱᠠᠩᠬᠠᠢ ᠳᠤ ᠪᠠᠶᠢᠴᠠᠭᠠᠨ ᠰᠤᠳᠤᠯᠤᠯᠲᠠ ᠬᠢᠬᠦ ᠬᠤᠭᠤᠴᠠᠭᠠᠨ ᠳᠠᠭᠠᠨ ᠡᠨᠡ ᠤᠳᠠᠭ᠎ᠠ ᠶᠢᠨ ᠶᠠᠷᠢᠯᠴᠠᠬᠤ ᠬᠤᠷᠠᠯ ᠢ ᠲᠤᠰᠬᠠᠶᠢᠯᠠᠨ | ᠬᠤᠷᠠᠯᠳᠤᠭᠤᠯᠪᠠ᠃ ᠶᠠᠷᠢᠯᠴᠠᠬᠤ ᠬᠤᠷᠠᠯ ᠳᠡᠭᠡᠷ᠎ᠡ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠷᠭᠢᠯᠡᠭᠴᠢ ᠵᠧᠩ ᠱᠠᠨ | ᠵᠢᠶᠧ᠂ ᠱᠠᠩᠬᠠᠢ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠴᠧᠨ ᠵᠢᠢ ᠨᠢᠩ᠂ ᠵᠢᠶᠠᠩᠰᠤ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠰᠢᠨ ᠴᠠᠩ | ᠰᠢᠩ᠂ ᠵᠧᠵᠢᠶᠠᠩ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠢ ᠯᠢᠶᠠᠨ ᠬᠤᠩ᠂ ᠠᠨᠾᠦ᠋ᠢ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠬᠠᠨ | ᠵᠢᠶᠦ᠋ᠨ ᠤᠷᠢᠳ ᠬᠤᠵᠢᠳ ᠦᠭᠡ ᠬᠡᠯᠡᠵᠦ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠣᠭᠴᠠᠵᠢᠭᠰᠠᠨ ᠬᠥᠭᠵᠢᠯᠲᠡ ᠶᠢ ᠠᠬᠢᠭᠤᠯᠬᠤ ᠲᠤᠬᠠᠢ | ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠬᠢᠵᠦ᠂ ᠰᠠᠨᠠᠯ ᠰᠠᠨᠠᠭᠤᠯᠭ᠎ᠠ ᠳᠤᠷᠠᠳᠴᠠᠢ᠃ | ᠤᠯᠠᠨ ᠤ ᠬᠡᠯᠡᠬᠦ ᠶᠢ ᠰᠣᠨᠣᠰᠤᠭᠰᠠᠨ ᠤ ᠲᠠᠷᠠᠭ᠎ᠠ᠂ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ᠂ ᠬᠥᠬᠡᠮᠥ᠋ᠷᠡᠨ ᠤ ᠭᠤᠷᠪᠠᠯᠵᠢᠨ | ᠬᠤᠶᠢᠭ ᠤᠨ ᠨᠢᠭᠡ ᠴᠣᠭᠴᠠᠵᠢᠭᠰᠠᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠳᠤᠷᠠᠳᠤᠨ ᠭᠠᠷᠭᠠᠵᠤ ᠬᠡᠷᠡᠭᠵᠢᠭᠦᠯᠦᠭᠰᠡᠨ 5 ᠵᠢᠯ ᠤᠨ ᠲᠤᠷᠰᠢ᠂ | ᠲᠥᠯᠦᠪᠵᠢᠭᠦᠯᠭᠡ ᠲᠦᠷᠦ ᠶᠢᠨ ᠪᠣᠳᠣᠯᠭ᠎ᠠ ᠶᠢᠨ ᠰᠢᠰᠲ᠋ᠧᠮ ᠢ ᠪᠦᠷᠢᠯᠳᠦᠭᠦᠯᠦᠭᠰᠡᠨ ᠪᠥᠭᠡᠳ ᠲᠠᠰᠤᠷᠠᠯᠳᠡ ᠦᠭᠡᠢ ᠲᠡᠭᠦᠯᠳᠡᠷᠵᠢᠭᠦᠯᠵᠦ᠂ ᠡᠷᠴᠢᠮᠲᠡᠢ | ᠬᠥᠭᠵᠢᠶᠡᠨᠲᠡᠢ ᠨᠡᠮᠡᠭᠳᠡᠯ ᠤᠨ ᠲᠦᠢᠯ ᠤᠨ ᠴᠢᠳᠠᠮᠵᠢ ᠶᠢ ᠲᠠᠰᠤᠷᠠᠯᠳᠡ ᠦᠭᠡᠢ ᠪᠠᠬᠢᠵᠢᠭᠦᠯᠦᠨ ᠳᠡᠭᠡᠭᠰᠢᠯᠡᠭᠦᠯᠵᠦ᠂ ᠣᠳᠣᠬᠢᠴᠢᠯᠠᠭᠰᠠᠨ ᠠᠵᠤ ᠦᠢᠯᠡᠰ ᠤᠨ | ᠰᠢᠰᠲ᠋ᠧᠮ ᠢ ᠲᠦᠷᠭᠡᠳᠬᠡᠨ ᠪᠠᠶᠢᠭᠤᠯᠵᠤ᠂ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠴᠢᠬᠤᠯᠠ ᠶᠡᠭᠡ ᠰᠢᠪᠲᠤᠯᠤᠯᠲᠠ ᠲᠠᠢ ᠪᠣᠯᠵᠤ᠂ | ᠥᠭᠡᠷᠡᠴᠢᠯᠡᠯᠲᠡ ᠨᠡᠭᠡᠭᠡᠯᠲᠡ ᠰᠢᠨ᠎ᠡ ᠠᠯᠬᠤᠮ ᠢ ᠠᠯᠬᠤᠵᠤ᠂ ᠠᠮᠢ ᠠᠬᠤᠢ ᠣᠷᠴᠢᠨ ᠲᠣᠭᠤᠷᠢᠨ ᠢ ᠬᠠᠮᠲᠤ ᠪᠠᠷ ᠬᠠᠮᠠᠭᠠᠯᠠᠵᠤ ᠬᠤᠯᠪᠤᠭᠠᠯᠠᠨ ᠵᠠᠰᠠᠬᠤ ᠶᠢ | ᠯᠠᠪᠳᠠᠭᠤᠨ ᠪᠠᠲᠤᠲᠠᠢ ᠠᠬᠢᠭᠤᠯᠵᠤ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠣᠷᠣᠨ ᠪᠦᠰᠡ ᠶᠢᠨ ᠪᠦᠬᠦᠯᠢ ᠴᠣᠭᠴᠠ ᠶᠢᠨ ᠪᠣᠳᠠᠲᠤ ᠬᠦᠴᠦᠨ ᠪᠣᠯᠣᠨ | ᠶᠡᠷᠦᠩᠬᠡᠶᠢᠯᠡᠭᠰᠡᠨ ᠥᠷᠢᠰᠦᠯᠳᠦᠬᠦ ᠬᠦᠴᠦᠨ ᠦᠷᠭᠦᠯᠵᠢᠯᠡᠨ ᠪᠦᠭᠦ ᠤᠯᠤᠰ ᠤᠨ ᠡᠮᠦᠨ᠎ᠡ ᠡᠩᠨᠡᠭᠡᠨ ᠳᠤ ᠣᠷᠣᠵᠤ᠂ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠪᠠᠶᠢᠭᠤᠯᠤᠯ ᠤᠨ ᠳᠠᠪᠠᠭᠤᠯᠢᠭ ᠴᠢᠨᠠᠷ ᠢ ᠢᠯᠡᠷᠡᠭᠦᠯᠦᠭᠰᠡᠨ ᠴᠢᠬᠤᠯᠠ ᠴᠣᠩᠬᠤᠪᠴᠢ ᠪᠣᠯᠣᠨ ᠮᠠᠨ ᠤ ᠤᠯᠤᠰ ᠤᠨ ᠤᠯᠠᠨ ᠤᠯᠤᠰ ᠤᠨ | ᠥᠷᠢᠰᠦᠯᠳᠦᠭᠡᠨ ᠬᠠᠮᠲᠤᠷᠠᠯᠴᠠᠭ᠎ᠠ ᠳᠤ ᠣᠷᠤᠯᠴᠠᠬᠤ ᠴᠢᠬᠤᠯᠠ ᠲᠠᠪᠴᠠᠩ ᠤᠨ ᠦᠢᠯᠡᠳᠦᠯ ᠡᠳᠦᠷ ᠢᠷᠡᠬᠦᠶ᠎ᠡ ᠢᠯᠡᠷᠡᠵᠦ᠂ ᠰᠢᠨ᠎ᠡ ᠬᠥᠭᠵᠢᠯᠲᠡ ᠶᠢᠨ | ᠪᠠᠶᠢᠷᠢᠰᠢᠯ ᠢ ᠪᠠᠶᠢᠭᠤᠯᠵᠤ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠠᠬᠢᠭᠤᠯᠬᠤ ᠳᠤ ᠪᠠᠶᠢᠯᠳᠤᠬᠤ ᠪᠣᠳᠣᠯᠭ᠎ᠠ ᠶᠢᠨ ᠰᠠᠨᠠᠭᠠᠴᠢᠯᠠᠭᠠᠲᠤ | ᠡᠷᠬᠡ ᠶᠢ ᠲᠡᠮᠡᠴᠡᠨ ᠣᠯᠣᠭᠰᠠᠨ ᠪᠠᠶᠢᠨ᠎ᠠ᠃ ᠡᠭᠦᠨ ᠤ ᠬᠠᠮᠲᠤ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠣᠭᠴᠠᠵᠢᠭᠰᠠᠨ ᠬᠥᠭᠵᠢᠯᠲᠡ ᠳᠤ | ᠮᠠᠰᠢ ᠤᠯᠠᠨ ᠭᠦᠨ ᠳᠠᠪᠬᠤᠷᠭ᠎ᠠ ᠶᠢᠨ ᠠᠰᠠᠭᠤᠳᠠᠯ ᠢ ᠤᠯᠠᠮ ᠴᠢᠨᠠᠭᠰᠢᠳᠠ ᠰᠢᠢᠳᠪᠦᠷᠢᠯᠡᠬᠦ ᠴᠢᠬᠤᠯᠠᠲᠠᠢ᠂ ᠬᠥᠭᠵᠢᠯᠲᠡ ᠶᠢᠨ ᠶᠠᠰᠤ ᠴᠢᠨᠠᠷ ᠦᠷ᠎ᠡ | ᠪᠦᠲᠦᠮᠵᠢ ᠪᠣᠯᠣᠨ ᠨᠥᠯᠥᠭᠡᠯᠡᠨ ᠳᠠᠶᠢᠴᠢᠯᠠᠬᠤ ᠦᠢᠯᠡᠳᠦᠯ ᠢ ᠮᠥᠨ ᠬᠦ ᠳᠡᠭᠡᠭᠰᠢᠯᠡᠭᠦᠯᠭᠦ ᠴᠢᠬᠤᠯᠠᠲᠠᠢ᠂ ᠭᠤᠣᠯᠳᠠᠯᠭ᠎ᠠ ᠲᠠᠢ ᠬᠦᠷᠢᠶ᠎ᠡ᠂ ᠭᠤᠣᠯᠳᠠᠯᠭ᠎ᠠ ᠲᠠᠢ | ᠣᠷᠣᠨ ᠪᠦᠰᠡ ᠶᠢᠨ ᠨᠢᠭᠡ ᠴᠣᠭᠴᠠᠵᠢᠯᠲᠠ ᠳᠤ ᠪᠠᠰᠠ ᠴᠢᠷᠮᠠᠶᠢᠯᠭ᠎ᠠ ᠭᠠᠷᠭᠠᠬᠤ ᠴᠢᠬᠤᠯᠠᠲᠠᠢ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ | ᠬᠡᠯᠬᠢᠶ᠎ᠡ ᠶᠢᠨ ᠠᠵᠢᠯ ᠤᠨ ᠬᠤᠪᠢᠶᠠᠷᠢᠯᠠᠨ ᠬᠠᠮᠵᠢᠯᠴᠠᠬᠤ ᠲᠦᠪᠰᠢᠨ ᠢ ᠳᠡᠭᠡᠭᠰᠢᠯᠡᠭᠦᠯᠭᠦ ᠴᠢᠬᠤᠯᠠᠲᠠᠢ᠂ ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ | ᠳᠡᠯᠭᠡᠭᠦᠷ ᠢ ᠪᠠᠶᠢᠭᠤᠯᠬᠤ ᠳᠠᠭᠠᠭᠤᠯᠤᠭᠴᠢ ᠶᠢᠨ ᠳᠠᠶᠢᠴᠢᠯᠠᠬᠤ ᠦᠢᠯᠡᠳᠦᠯ ᠢ ᠴᠢᠨᠠᠭᠰᠢᠳᠠ ᠪᠠᠳᠠᠷᠠᠭᠤᠯᠬᠤ ᠴᠢᠬᠤᠯᠠᠲᠠᠢ᠂ ᠥᠭᠡᠷᠡᠴᠢᠯᠡᠯᠲᠡ ᠨᠡᠭᠡᠭᠡᠯᠲᠡ ᠶᠢ | ᠪᠠᠰᠠ ᠴᠢᠨᠠᠭᠰᠢᠳᠠ ᠭᠦᠨᠵᠡᠭᠡᠶᠢᠷᠡᠭᠦᠯᠦᠨ ᠥᠷᠭᠡᠳᠬᠡᠬᠦ ᠴᠢᠬᠤᠯᠠᠲᠠᠢ᠂ ᠭᠡᠳᠦ ᠶᠡᠭᠡ ᠣᠨᠴᠠ ᠶᠡᠭᠡ ᠬᠤᠳᠠ ᠶᠢᠨ ᠵᠠᠰᠠᠯᠲᠠ ᠪᠣᠯᠣᠨ ᠬᠥᠭᠵᠢᠯᠲᠡ ᠳᠤ ᠪᠠᠰᠠ | ᠴᠥᠭᠡᠨ ᠪᠤᠰᠤ ᠳᠤᠲᠠᠭᠤᠳᠠᠯ ᠣᠷᠣᠰᠢᠵᠤ ᠪᠠᠶᠢᠬᠤ ᠶᠢ ᠣᠯᠵᠤ ᠬᠠᠷᠠᠬᠤ ᠬᠡᠷᠡᠭᠲᠡᠢ᠃ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠣᠭᠴᠠᠵᠢᠭᠰᠠᠨ | ᠬᠥᠭᠵᠢᠯᠲᠡ ᠶᠢ ᠠᠬᠢᠭᠤᠯᠬᠤ ᠪᠣᠯ ᠲᠣᠮᠣ ᠶᠠᠪᠤᠳᠠᠯ ᠮᠥᠨ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠶᠢ ᠪᠠᠷᠢᠮᠲᠠᠯᠠᠵᠤ᠂ ᠨᠢᠭᠡ ᠡᠭᠡᠯᠵᠢ ᠨᠢ | ᠨᠢᠭᠡ ᠡᠭᠡᠯᠵᠢ ᠪᠠᠨ ᠵᠠᠯᠭᠠᠨ ᠠᠪᠴᠤ ᠦᠷᠭᠦᠯᠵᠢᠯᠡᠨ ᠠᠵᠢᠯᠯᠠᠵᠤ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠣᠭᠴᠠᠵᠢᠭᠰᠠᠨ ᠬᠥᠭᠵᠢᠯᠲᠡ ᠶᠢᠨ | ᠰᠢᠨ᠎ᠡ ᠬᠠᠭᠤᠳᠠᠰᠤ ᠶᠢ ᠲᠠᠰᠤᠷᠠᠯᠳᠠ ᠦᠭᠡᠢ ᠪᠢᠴᠢᠭᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠣᠷᠣᠨ ᠪᠦᠰᠡ ᠶᠢᠨ ᠬᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ | ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠳᠡᠭᠡᠨ ᠣᠷᠣᠨ ᠪᠦᠰᠡ ᠠᠯᠤᠰᠯᠠᠨ ᠬᠠᠮᠵᠢᠯᠴᠠᠬᠤ ᠶᠢ ᠴᠢᠩᠭᠠᠳᠬᠠᠬᠤ ᠬᠡᠷᠡᠭᠲᠡᠢ᠃ ᠰᠢᠨᠵᠢᠯᠡᠬᠦ | ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠶᠡᠭᠡ ᠪᠠᠷ ᠠᠬᠢᠭᠤᠯᠵᠤ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ | ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢᠨ ᠭᠦᠨᠵᠡᠭᠡᠢ ᠠᠭᠤᠰᠤᠯᠴᠠᠯ ᠢ ᠴᠢᠩᠭᠠᠳᠬᠠᠵᠤ᠂ ᠰᠢᠨ᠎ᠡ ᠠᠵᠤ ᠦᠢᠯᠡᠰ ᠰᠢᠨ᠎ᠡ ᠡᠵᠡᠩᠨᠡᠯᠲᠡ ᠶᠢᠨ ᠭᠡᠯᠪᠡᠷᠢ | ᠰᠢᠨ᠎ᠡ ᠵᠠᠭᠪᠤᠷ ᠤᠨ ᠪᠤᠢ ᠪᠤᠯᠬᠤ ᠶᠢ ᠲᠦᠷᠭᠡᠳᠬᠡᠵᠦ᠂ ᠬᠥᠭᠵᠢᠯᠲᠡ ᠶᠢᠨ ᠰᠢᠨ᠎ᠡ ᠣᠷᠣᠨ ᠵᠠᠢ ᠶᠢ ᠥᠷᠭᠡᠳᠬᠡᠵᠦ᠂ ᠬᠥᠭᠵᠢᠯᠲᠡ ᠶᠢᠨ ᠰᠢᠨ᠎ᠡ ᠬᠥᠳᠡᠯᠭᠡᠬᠦ | ᠡᠨᠧᠷᠭᠢ ᠶᠢ ᠪᠤᠶᠢᠵᠢᠭᠤᠯᠵᠤ᠂ ᠬᠥᠬᠡᠮᠥ᠋ᠷᠡᠨ ᠤ ᠠᠵᠤ ᠠᠬᠤᠢ ᠶᠢᠨ ᠪᠦᠰᠡ ᠲᠠᠢ ᠨᠡᠩ ᠰᠠᠶᠢᠲᠤᠷ ᠬᠤᠯᠪᠤᠭᠠᠯᠠᠨ ᠬᠥᠳᠡᠯᠦᠯᠴᠡᠵᠦ᠂ ᠪᠦᠭᠦ ᠤᠯᠤᠰ ᠢ | ᠲᠠᠶᠢᠴᠢᠯᠠᠨ ᠨᠥᠯᠥᠭᠡᠯᠡᠬᠦ ᠬᠡᠷᠡᠭᠲᠡᠢ᠃ ᠣᠷᠣᠨ ᠪᠦᠰᠡ ᠠᠯᠤᠰᠯᠠᠨ᠂ ᠰᠠᠯᠠᠭ᠎ᠠ ᠮᠥᠴᠢᠷ ᠠᠯᠤᠰᠯᠠᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ | ᠰᠢᠨ᠎ᠡ ᠶᠢ ᠡᠭᠦᠳᠬᠦ ᠬᠦᠴᠦᠨ ᠪᠣᠯᠣᠨ ᠳᠠᠪᠠᠭᠤᠯᠢᠭ ᠡᠬᠢ ᠪᠠᠶᠠᠯᠢᠭ ᠢ ᠨᠡᠶᠢᠳᠬᠡᠵᠦ᠂ ᠬᠦᠴᠦᠷᠬᠡᠭ ᠨᠢ ᠬᠦᠴᠦᠷᠬᠡᠭ ᠲᠠᠢ ᠪᠠᠨ ᠬᠤᠯᠪᠣᠭᠠᠯᠠᠬᠤ ᠶᠢ | ᠪᠡᠶᠡᠯᠡᠭᠦᠯᠵᠦ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠭᠤᠯᠣᠮᠲᠠ ᠶᠢ ᠴᠣᠭᠴᠠᠯᠠᠬᠤ ᠬᠡᠷᠡᠭᠲᠡᠢ᠃ ᠨᠡᠩ ᠨᠡᠭᠡᠭᠡᠯᠲᠡᠲᠡᠢ | ᠰᠡᠳᠬᠢᠬᠦᠢ ᠪᠣᠯᠣᠨ ᠠᠷᠭ᠎ᠠ ᠬᠡᠮᠵᠢᠶ᠎ᠡ ᠪᠠᠷ ᠤᠯᠠᠨ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠲᠤᠷᠠᠯᠴᠠᠭ᠎ᠠ ᠳᠤ ᠣᠷᠣᠯᠴᠠᠵᠤ᠂ ᠪᠦᠭᠦ | ᠪᠥᠮᠪᠥᠷᠴᠡᠭ ᠤᠨ ᠥᠷᠢᠰᠦᠯᠳᠦᠬᠦ ᠬᠦᠴᠦᠨ ᠢᠶᠠᠷ ᠨᠡᠩ ᠶᠡᠭᠡ ᠰᠢᠨ᠎ᠡ ᠶᠢ ᠡᠭᠦᠳᠬᠦ ᠠᠮᠢ ᠠᠬᠤᠢ ᠶᠢ ᠪᠤᠢ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠣᠷᠣᠨ ᠪᠦᠰᠡ ᠶᠢᠨ ᠬᠢᠨ ᠨᠢᠭᠡ ᠴᠣᠭᠴᠠᠵᠢᠭᠰᠠᠨ ᠬᠥᠭᠵᠢᠯᠲᠡ ᠶᠢᠨ ᠪᠠᠶᠢᠭᠤᠯᠤᠮᠵᠢ | ᠲᠣᠭᠲᠠᠴᠠ ᠶᠢ ᠲᠦᠷᠭᠡᠳᠬᠡᠨ ᠲᠡᠭᠦᠯᠳᠡᠷᠵᠢᠭᠦᠯᠬᠦ ᠬᠡᠷᠡᠭᠲᠡᠢ᠃ ᠡᠷᠬᠡᠪᠰᠢ ᠪᠠᠶᠢᠭᠤᠯᠤᠮᠵᠢ ᠲᠣᠭᠲᠠᠴᠠ ᠶᠢᠨ ᠲᠠᠯ᠎ᠠ ᠪᠠᠷ ᠭᠠᠵᠠᠷ ᠣᠷᠣᠨ ᠤ ᠬᠡᠰᠡᠭᠯᠡᠯ ᠪᠠ | ᠵᠠᠰᠠᠭ ᠵᠠᠬᠢᠷᠭᠠᠨ ᠤ ᠪᠠᠬᠢᠯᠡᠯᠲᠡ ᠶᠢ ᠡᠪᠳᠡᠵᠦ᠂ ᠨᠢᠭᠡ ᠴᠣᠭᠴᠠᠵᠢᠭᠤᠯᠤᠨ ᠬᠥᠭᠵᠢᠭᠦᠯᠬᠦ ᠳᠤ ᠳᠦᠷᠢᠮ ᠤᠨ ᠪᠠᠲᠤᠯᠠᠭ᠎ᠠ ᠬᠠᠩᠭᠠᠬᠤ ᠬᠡᠷᠡᠭᠲᠡᠢ᠃ ᠨᠢᠭᠡ | ᠴᠣᠭᠴᠠᠵᠢᠭᠤᠯᠬᠤ ᠤᠬᠠᠮᠰᠠᠷ ᠢᠶᠠᠨ ᠴᠢᠩᠭᠠᠳᠬᠠᠵᠤ᠂ ᠬᠥᠯᠭᠡ ᠰᠢᠲᠠᠷ᠎ᠠ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠳᠦᠷᠢᠮ ᠪᠠ ᠪᠠᠶᠢᠭᠤᠯᠤᠮᠵᠢ | ᠲᠣᠭᠲᠠᠴᠠ ᠶᠢᠨ ᠰᠢᠨ᠎ᠡ ᠶᠢ ᠡᠭᠦᠳᠬᠦ ᠡᠷᠴᠢᠮ ᠢᠶᠠᠨ ᠴᠢᠩᠭᠠᠷᠠᠭᠤᠯᠵᠤ᠂ ᠭᠤᠣᠯᠳᠠᠯᠭ᠎ᠠ ᠲᠠᠢ ᠬᠦᠷᠢᠶ᠎ᠡ ᠭᠤᠣᠯᠳᠠᠯᠭ᠎ᠠ ᠲᠠᠢ ᠣᠷᠣᠨ ᠪᠦᠰᠡ ᠳᠤ ᠨᠡᠩ ᠶᠡᠭᠡ | ᠰᠢᠪᠲᠤᠯᠤᠯᠲᠠ ᠭᠠᠷᠭᠠᠵᠤ᠂ ᠡᠯ᠎ᠡ ᠵᠦᠢᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢᠨ ᠰᠢᠰᠲ᠋ᠧᠮ ᠲᠠᠢ ᠬᠤᠷᠠᠮᠳᠤᠯ ᠪᠠ ᠬᠠᠮᠵᠢᠯᠴᠠᠭ᠎ᠠ ᠶᠢ | ᠴᠢᠩᠭᠠᠳᠬᠠᠵᠤ᠂ ᠨᠢᠭᠡ ᠴᠣᠭᠴᠠᠵᠢᠯᠲᠠ ᠶᠢ ᠨᠡᠩ ᠭᠦᠨ ᠳᠠᠪᠬᠤᠷᠭ᠎ᠠ ᠨᠡᠩ ᠥᠷᠭᠡᠨ ᠬᠦᠷᠢᠶ᠎ᠡ ᠲᠡᠶᠢᠰᠢ ᠥᠷᠭᠡᠳᠬᠡᠬᠦ ᠶᠢ ᠠᠬᠢᠭᠤᠯᠬᠤ ᠬᠡᠷᠡᠭᠲᠡᠢ᠃ ᠤᠯᠠᠨ | ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠳᠦᠷᠢᠮ ᠤᠨ ᠵᠣᠯᠭᠠᠯᠴᠠᠭ᠎ᠠ᠂ ᠲᠦᠷᠦ ᠶᠢᠨ ᠪᠣᠳᠣᠯᠭ᠎ᠠ ᠶᠢᠨ ᠬᠠᠮᠵᠢᠯᠴᠠᠭ᠎ᠠ᠂ ᠪᠠᠷᠢᠮᠵᠢᠶ᠎ᠠ ᠠᠳᠠᠯᠢᠰᠢᠬᠤ ᠶᠢ | ᠠᠯᠬᠤᠮ ᠲᠠᠷᠠᠭ᠎ᠠ ᠲᠠᠢ ᠪᠠᠷ ᠠᠬᠢᠭᠤᠯᠵᠤ᠂ ᠡᠯ᠎ᠡ ᠬᠦᠷᠢᠶᠡᠨ ᠤ ᠤᠯᠠᠨ ᠨᠡᠶᠢᠲᠡ ᠶᠢᠨ ᠦᠢᠯᠡᠴᠢᠯᠡᠭᠡ ᠶᠢᠨ ᠲᠦᠭᠦᠮ ᠦᠵᠡᠭᠦᠯᠵᠦ ᠬᠠᠮᠲᠤ ᠪᠠᠷ ᠡᠳ᠋ᠯᠡᠬᠦ ᠶᠢ | ᠲᠦᠷᠦᠯ ᠬᠤᠪᠢᠶᠠᠨ ᠠᠬᠢᠭᠤᠯᠬᠤ ᠬᠡᠷᠡᠭᠲᠡᠢ᠃ ᠡᠯ᠎ᠡ ᠲᠦᠷᠦᠯ ᠤᠨ ᠵᠠᠮ ᠬᠠᠷᠢᠯᠴᠠᠭᠠᠨ ᠤ ᠲᠣᠣᠷ ᠤᠨ ᠰᠠᠭᠤᠷᠢ ᠲᠥᠬᠦᠭᠡᠷᠦᠮᠵᠢ ᠶᠢᠨ ᠪᠠᠷᠢᠮᠵᠢᠶ᠎ᠠ ᠶᠢ | ᠣᠷᠣᠨ ᠪᠦᠰᠡ ᠠᠯᠤᠰᠯᠠᠨ ᠵᠣᠯᠭᠠᠭᠤᠯᠬᠤ ᠶᠢ ᠴᠢᠩᠭᠠᠳᠬᠠᠵᠤ᠂ ᠰᠠᠭᠤᠷᠢ ᠲᠥᠬᠦᠭᠡᠷᠦᠮᠵᠢ ᠶᠢᠨ ᠬᠤᠯᠪᠣᠯᠳᠤᠨ ᠨᠡᠪᠲᠡᠷᠡᠯᠴᠡᠬᠦ ᠲᠦᠪᠰᠢᠨ ᠢ ᠳᠡᠭᠡᠭᠰᠢᠯᠡᠭᠦᠯᠭᠦ | ᠬᠡᠷᠡᠭᠲᠡᠢ᠃ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠠᠮᠢ ᠠᠬᠤᠢ ᠶᠢᠨ ᠪᠣᠬᠢᠷᠳᠤᠯ ᠦᠭᠡᠢ ᠨᠢᠭᠡ ᠴᠣᠭᠴᠠᠵᠢᠭᠰᠠᠨ ᠬᠥᠭᠵᠢᠯᠲᠡ ᠶᠢᠨ ᠵᠢᠱᠢᠶ᠎ᠡ | ᠦᠵᠡᠭᠦᠯᠭᠦ ᠣᠷᠣᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠵᠢᠱᠢᠶ᠎ᠡ ᠦᠵᠡᠭᠦᠯᠭᠦ ᠣᠷᠣᠨ ᠤ ᠤᠯᠤᠰ ᠤᠨ ᠨᠤᠲᠤᠭ ᠳᠡᠪᠢᠰᠬᠡᠷ ᠤᠨ ᠣᠷᠣᠨ | ᠵᠠᠢ ᠶᠢᠨ ᠲᠥᠯᠦᠪᠵᠢᠭᠦᠯᠭᠡ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠲᠥᠯᠦᠪᠵᠢᠭᠦᠯᠭᠡ᠂ ᠭᠠᠵᠠᠷ ᠰᠢᠷᠣᠢ᠂ ᠲᠦᠷᠦᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠣᠷᠣᠨ ᠪᠦᠰᠡ ᠠᠯᠤᠰᠯᠠᠨ ᠬᠠᠮᠵᠢᠯᠴᠠᠬᠤ ᠪᠠ ᠣᠷᠭᠠᠨᠢᠭ ᠢᠶᠠᠷ ᠵᠣᠯᠭᠠᠯᠳᠤᠬᠤ ᠶᠢ ᠴᠢᠩᠭᠠᠳᠬᠠᠵᠤ᠂ ᠣᠷᠣᠨ ᠪᠦᠰᠡ ᠶᠢᠨ ᠲᠦᠷᠦᠯ | ᠵᠦᠢᠯ ᠤᠨ ᠬᠠᠮᠵᠢᠯᠴᠠᠭ᠎ᠠ ᠠᠴᠠ ᠣᠷᠣᠨ ᠪᠦᠰᠡ ᠶᠢᠨ ᠨᠢᠭᠡ ᠴᠣᠭᠴᠠᠵᠢᠭᠰᠠᠨ ᠳᠦᠷᠢᠮ ᠤᠨ ᠰᠢᠨ᠎ᠡ ᠶᠢ ᠡᠭᠦᠳᠬᠦ ᠶᠢ ᠲᠦᠷᠭᠡᠳᠬᠡᠬᠦ ᠬᠡᠷᠡᠭᠲᠡᠢ᠃ ᠣᠷᠣᠨ | ᠪᠦᠰᠡ ᠠᠯᠤᠰᠯᠠᠨ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠶᠢ ᠠᠬᠢᠭᠤᠯᠵᠤ᠂ ᠠᠵᠤ ᠦᠢᠯᠡᠰ ᠤᠨ ᠣᠷᠣᠨ ᠪᠦᠰᠡ ᠠᠯᠤᠰᠯᠠᠨ ᠰᠢᠯᠵᠢᠭᠦ ᠪᠠ | ᠦᠢᠯᠡᠳᠪᠦᠷᠢᠯᠡᠯ ᠤᠨ ᠬᠦᠴᠦᠨ ᠵᠦᠢᠯ ᠢ ᠵᠦᠢ ᠵᠣᠬᠢᠰᠲᠠᠢ ᠲᠣᠬᠢᠷᠠᠭᠤᠯᠬᠤ ᠶᠢ ᠡᠮᠬᠢ ᠵᠢᠷᠤᠮ ᠲᠠᠢ ᠠᠬᠢᠭᠤᠯᠵᠤ᠂ ᠬᠥᠬᠡᠮᠥ᠋ᠷᠡᠨ ᠤ ᠭᠤᠷᠪᠠᠯᠵᠢᠨ ᠬᠤᠶᠢᠭ ᠢ | ᠦᠨᠡᠨ ᠬᠦ ᠣᠷᠣᠨ ᠪᠦᠰᠡ ᠶᠢᠨ ᠬᠥᠭᠵᠢᠯᠲᠡ ᠶᠢᠨ ᠬᠠᠮᠲᠤ ᠶᠢᠨ ᠴᠣᠭᠴᠠ ᠪᠤᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠣᠷᠣᠨ ᠪᠦᠰᠡ ᠶᠢᠨ ᠬᠢᠨ ᠳᠡᠭᠡᠳᠦ ᠲᠡᠰ ᠳᠠᠪᠬᠤᠷᠭ᠎ᠠ ᠶᠢᠨ ᠬᠠᠮᠵᠢᠯᠴᠠᠨ ᠨᠡᠭᠡᠭᠡᠯᠲᠡ | ᠬᠢᠬᠦ ᠶᠢ ᠢᠳᠡᠪᠬᠢᠲᠡᠢ ᠠᠬᠢᠭᠤᠯᠬᠤ ᠬᠡᠷᠡᠭᠲᠡᠢ᠃ ᠳᠦᠷᠢᠮ ᠤᠨ ᠭᠡᠯᠪᠡᠷᠢ ᠶᠢᠨ ᠨᠡᠭᠡᠭᠡᠯᠲᠡ ᠪᠠᠷ ᠭᠤᠣᠯᠳᠠᠯᠭ᠎ᠠ ᠪᠤᠯᠭᠠᠬᠰᠠᠨ ᠥᠨᠳᠥᠷ ᠲᠦᠪᠰᠢᠨ ᠪᠦᠬᠦᠢ | ᠭᠠᠳᠠᠭᠠᠳᠤ ᠨᠡᠭᠡᠭᠡᠯᠲᠡ ᠶᠢ ᠠᠬᠢᠭᠤᠯᠵᠤ᠂ ᠥᠭᠡᠷᠡᠴᠢᠯᠡᠯᠲᠡ ᠶᠢᠨ ᠲᠤᠷᠰᠢᠯᠭ᠎ᠠ ᠪᠠᠨ ᠬᠠᠷᠢᠯᠴᠠᠨ ᠰᠤᠷᠤᠯᠴᠠᠵᠤ ᠬᠠᠷᠢᠯᠴᠠᠨ ᠲᠣᠯᠢ ᠪᠤᠯᠭᠠᠬᠤ ᠪᠠ ᠲᠡᠷᠡ | ᠬᠡᠪ ᠢᠶᠠᠷ ᠨᠢ ᠳᠡᠯᠭᠡᠷᠡᠭᠦᠯᠬᠦ ᠶᠢ ᠴᠢᠩᠭᠠᠳᠬᠠᠵᠤ᠂ ᠮᠠᠨ ᠤ ᠤᠯᠤᠰ ᠤᠨ ᠠᠵᠤ ᠠᠬᠤᠢ ᠶᠢᠨ ᠶᠡᠭᠡ ᠣᠷᠴᠢᠯ ᠢ ᠰᠢᠯᠤᠭᠤᠳᠬᠠᠬᠤ ᠬᠦᠴᠦᠷᠬᠡᠭ ᠶᠡᠭᠡ | ᠬᠥᠳᠡᠯᠭᠡᠭᠦᠷ ᠪᠠ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠢ ᠬᠤᠯᠪᠣᠯᠳᠤᠭᠤᠯᠬᠤ ᠪᠠᠶᠢᠯᠳᠤᠬᠤ ᠪᠣᠳᠣᠯᠭ᠎ᠠ ᠶᠢᠨ ᠬᠦᠢᠰᠦ ᠪᠤᠯᠬᠤ ᠪᠠᠷ | ᠴᠢᠷᠮᠠᠶᠢᠬᠤ ᠬᠡᠷᠡᠭᠲᠡᠢ᠃ ᠱᠠᠩᠬᠠᠢ ᠶᠢᠨ ︽ᠲᠠᠪᠤᠨ ᠲᠥᠪ︾ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠫᠦᠳᠦ᠋ᠩ ᠰᠢᠨ᠎ᠡ ᠲᠣᠭᠤᠷᠢᠭ ᠤᠨ | ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠢ ᠲᠦᠷᠭᠡᠳᠬᠡᠨ ᠠᠬᠢᠭᠤᠯᠵᠤ᠂ ᠬᠤᠩ ᠴᠢᠶᠣᠤ ᠶᠢᠨ ᠤᠯᠠᠨ ᠤᠯᠤᠰ ᠤᠨ | ᠨᠡᠭᠡᠭᠡᠯᠲᠡ ᠶᠢᠨ ᠬᠦᠢᠰᠦ ᠶᠢᠨ ᠲᠠᠶᠢᠴᠢᠯᠠᠨ ᠨᠥᠯᠥᠭᠡᠯᠡᠬᠦ ᠴᠢᠳᠠᠪᠤᠷᠢ ᠶᠢᠨ ᠲᠡᠰ ᠢ ᠤᠯᠠᠮ ᠳᠡᠭᠡᠭᠰᠢᠯᠡᠭᠦᠯᠵᠦ᠂ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ | ᠣᠷᠣᠨ ᠢ ᠳᠡᠭᠡᠭᠰᠢᠯᠡᠭᠦᠯᠭᠦ ᠪᠠᠶᠢᠯᠳᠤᠬᠤ ᠪᠣᠳᠣᠯᠭ᠎ᠠ ᠶᠢ ᠶᠡᠭᠡ ᠪᠠᠷ ᠬᠡᠷᠡᠭᠵᠢᠭᠦᠯᠵᠦ᠂ ᠱᠠᠩᠬᠠᠢ ᠶᠢᠨ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ | ᠭᠠᠷᠠᠮ ᠳᠠᠭᠠᠤ ᠰᠢᠨ᠎ᠡ ᠲᠣᠭᠤᠷᠢᠭ ᠤᠨ ᠨᠡᠩ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠠᠬᠢᠭᠤᠯᠬᠤ ᠬᠡᠷᠡᠭᠲᠡᠢ᠃ ᠬᠥᠬᠡᠮᠥ᠋ᠷᠡᠨ ᠤ | ᠭᠤᠷᠪᠠᠯᠵᠢᠨ ᠬᠤᠶᠢᠭ ᠤᠨ ᠨᠢᠭᠡ ᠴᠣᠭᠴᠠᠵᠢᠭᠰᠠᠨ ᠬᠥᠭᠵᠢᠯᠲᠡ ᠪᠣᠯᠣᠨ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠴᠢᠨᠠᠷ | ᠰᠠᠶᠢᠲᠠᠢ ᠬᠥᠭᠵᠢᠯᠲᠡ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠳᠠᠪᠠᠭᠤᠯᠢᠭ ᠦᠢᠯᠡᠳᠪᠦᠷᠢᠯᠡᠯ ᠤᠨ | ᠴᠢᠳᠠᠪᠤᠷᠢ᠂ ᠰᠢᠯᠢᠳᠡᠭ ᠲᠣᠨᠣᠭᠯᠠᠯ᠂ ᠬᠡᠷᠡᠭᠯᠡᠭᠡᠨ ᠤ ᠮᠡᠷᠭᠡᠵᠢᠯ ᠪᠣᠯᠣᠨ ᠪᠠᠷᠢᠮᠵᠢᠶ᠎ᠠ ᠶᠢᠨ ︽ᠭᠠᠷᠴᠤ ᠶᠠᠪᠤᠬᠤ︾ ᠶᠢ ᠠᠬᠢᠭᠤᠯᠬᠤ ᠬᠡᠷᠡᠭᠲᠡᠢ᠃ ᠠᠷᠠᠳ ᠤᠨ | ᠡᠵᠡᠩᠨᠡᠯᠲᠡ ᠶᠢᠨ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠶᠢ ᠵᠣᠷᠢᠭᠵᠢᠭᠤᠯᠬᠤ᠂ ᠳᠡᠮᠵᠢᠬᠦ᠂ ᠬᠥᠲᠥᠯᠥᠨ ᠵᠢᠯᠤᠭᠤᠳᠬᠤ ᠲᠥᠷᠥ ᠶᠢᠨ ᠪᠣᠳᠣᠯᠭ᠎ᠠ | ᠠᠷᠭ᠎ᠠ ᠬᠡᠮᠵᠢᠶ᠎ᠡ ᠶᠢ ᠲᠦᠷᠦᠭᠦᠯᠡᠨ ᠨᠠᠶᠢᠳᠠᠪᠤᠷᠢᠵᠢᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠥᠭᠵᠢᠯᠲᠡ ᠶᠢᠨ ᠣᠷᠴᠢᠨ | ᠨᠥᠬᠦᠴᠡᠯ ᠢ ᠤᠯᠠᠮ ᠰᠢᠯᠢᠳᠡᠭᠵᠢᠭᠦᠯᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠡᠷᠡᠭᠦᠯ ᠢᠶᠠᠷ ᠬᠥᠭᠵᠢᠬᠦ᠂ ᠴᠢᠨᠠᠷ ᠰᠠᠶᠢᠲᠠᠢ ᠬᠥᠭᠵᠢᠬᠦ ᠶᠢ | ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠣᠷᠣᠨ ᠪᠦᠰᠡ ᠶᠢᠨ ᠬᠢᠨ ᠠᠮᠢ ᠠᠬᠤᠢ ᠣᠷᠴᠢᠨ ᠲᠣᠭᠤᠷᠢᠨ ᠢ ᠬᠠᠮᠲᠤ ᠪᠠᠷ | ᠬᠠᠮᠠᠭᠠᠯᠠᠵᠤ ᠬᠤᠯᠪᠤᠭᠠᠯᠠᠨ ᠵᠠᠰᠠᠬᠤ ᠶᠢ ᠴᠢᠩᠭᠠᠳᠬᠠᠬᠤ ᠬᠡᠷᠡᠭᠲᠡᠢ᠃ ᠭᠤᠷᠪᠠᠨ ᠮᠤᠵᠢ ᠨᠢᠭᠡ ᠬᠤᠳᠠ ᠶᠢᠨ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ | ᠱᠤᠭᠤᠮ ᠢ ᠵᠠᠪᠰᠠᠷ ᠦᠭᠡᠢ ᠵᠣᠯᠭᠠᠭᠤᠯᠬᠤ ᠶᠢ ᠴᠢᠩᠭᠠᠳᠬᠠᠵᠤ᠂ ᠴᠢᠬᠤᠯᠠ ᠠᠮᠢ ᠠᠬᠤᠢ ᠶᠢᠨ ᠬᠠᠯᠬᠠᠪᠴᠢ ᠪᠠ ᠠᠮᠢ ᠠᠬᠤᠢ ᠶᠢᠨ ᠬᠤᠩᠭᠢᠯ ᠢ ᠬᠠᠮᠲᠤ ᠪᠠᠷ | ᠬᠠᠮᠠᠭᠠᠯᠠᠬᠤ ᠶᠢ ᠠᠬᠢᠭᠤᠯᠵᠤ᠂ ᠠᠭᠠᠷ ᠮᠠᠨᠳᠠᠯ᠂ ᠤᠰᠤ᠂ ᠬᠥᠷᠥᠰᠥ ᠰᠢᠷᠣᠢ ᠶᠢᠨ ᠪᠣᠬᠢᠷᠳᠤᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠵᠤ᠂ | ᠬᠢᠯᠢ ᠠᠯᠤᠰᠯᠠᠭᠰᠠᠨ ᠤᠰᠤᠨ ᠴᠣᠭᠴᠠ ᠶᠢ ᠬᠠᠮᠲᠤ ᠪᠠᠷ ᠬᠠᠮᠠᠭᠠᠯᠠᠵᠤ ᠬᠠᠮᠲᠤᠷᠠᠨ ᠵᠠᠰᠠᠬᠤ ᠶᠢ ᠭᠦᠨᠵᠡᠭᠡᠢ ᠥᠷᠨᠢᠭᠦᠯᠵᠦ᠂ ᠡᠨᠧᠷᠭᠢ ᠠᠷᠪᠢᠯᠠᠵᠤ ᠪᠣᠬᠢᠷᠳᠤᠯ | ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠵᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠤᠷᠠᠭᠤᠯᠬᠤ ᠣᠷᠣᠨ ᠪᠦᠰᠡ ᠶᠢᠨ | ᠲᠦᠷᠦ ᠶᠢᠨ ᠪᠣᠳᠣᠯᠭ᠎ᠠ ᠶᠢᠨ ᠬᠠᠮᠵᠢᠯᠴᠠᠭ᠎ᠠ ᠶᠢ ᠴᠢᠩᠭᠠᠳᠬᠠᠵᠤ᠂ ᠣᠷᠣᠨ ᠪᠦᠰᠡ ᠶᠢᠨ ᠪᠣᠬᠢᠷᠳᠤᠯ ᠦᠭᠡᠢ ᠦᠢᠯᠡᠳᠬᠦ ᠰᠢᠰᠲ᠋ᠧᠮ ᠢ ᠪᠠᠶᠢᠭᠤᠯᠬᠤ ᠬᠡᠷᠡᠭᠲᠡᠢ | ᠃ ᠠᠷᠢᠭᠤᠨ ᠴᠡᠪᠡᠷ ᠦᠢᠯᠡᠳᠪᠦᠷᠢᠯᠡᠯ ᠢ ᠪᠦᠭᠦ ᠲᠠᠯ᠎ᠠ ᠪᠠᠷ ᠠᠬᠢᠭᠤᠯᠵᠤ᠂ ᠭᠤᠣᠯᠳᠠᠯᠭ᠎ᠠ ᠲᠠᠢ ᠬᠦᠷᠢᠶ᠎ᠡ ᠪᠣᠯᠣᠨ ᠭᠤᠣᠯᠳᠠᠯᠭ᠎ᠠ ᠲᠠᠢ ᠠᠵᠢᠯ ᠲᠦᠷᠦᠯ ᠤᠨ | ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠤᠷᠠᠭᠤᠯᠬᠤ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠪᠣᠬᠢᠷᠳᠤᠯ | ᠦᠭᠡᠢ ᠪᠠᠭ᠎ᠠ ᠨᠡᠭᠦᠷᠡᠰᠦᠲᠥ᠋ᠷᠥᠭᠴᠢᠲᠦ ᠠᠵᠤ ᠦᠢᠯᠡᠰ ᠢ ᠬᠦᠴᠦᠷᠬᠡᠭᠵᠢᠭᠦᠯᠦᠨ ᠰᠢᠯᠢᠳᠡᠭᠵᠢᠭᠦᠯᠵᠦ᠂ ᠪᠣᠬᠢᠷᠳᠤᠯ ᠦᠭᠡᠢ ᠠᠵᠤ ᠦᠢᠯᠡᠰ ᠤᠨ ᠰᠢᠰᠲ᠋ᠧᠮ ᠢ | ᠪᠠᠶᠢᠭᠤᠯᠤᠨ ᠪᠦᠷᠢᠨᠰᠢᠭᠦᠯᠵᠦ᠂ ᠦᠷᠭᠦᠯᠵᠢᠯᠡᠬᠦ ᠦᠢᠯᠡᠳᠪᠦᠷᠢᠯᠡᠯ ᠠᠮᠢᠳᠤᠷᠠᠯ ᠤᠨ ᠠᠷᠭ᠎ᠠ ᠭᠡᠯᠪᠡᠷᠢ ᠶᠢ ᠲᠦᠷᠭᠡᠳᠬᠡᠨ ᠪᠦᠷᠢᠯᠳᠦᠭᠦᠯᠬᠦ ᠬᠡᠷᠡᠭᠲᠡᠢ᠃ ᠣᠷᠣᠨ | ᠪᠦᠰᠡ ᠠᠯᠤᠰᠯᠠᠨ ᠪᠣᠬᠢᠷᠳᠤᠯ ᠢ ᠭᠠᠳᠠᠭᠰᠢᠯᠠᠭᠤᠯᠬᠤ ᠡᠷᠬᠡ ᠶᠢᠨ ᠠᠷᠠᠯᠵᠢᠶᠠᠨ ᠤ ᠳᠦᠷᠢᠮ ᠢ ᠪᠠᠶᠢᠭᠤᠯᠵᠤ᠂ ᠨᠡᠭᠦᠷᠡᠰᠦᠳᠦ᠋ᠷᠦᠭᠴᠢ ᠶᠢᠨ | ᠭᠠᠳᠠᠭᠰᠢᠯᠠᠭᠤᠯᠤᠯᠲᠠ ᠤᠷᠭᠢᠯ ᠬᠡᠮᠵᠢᠭᠳᠡᠯ ᠳᠤ ᠬᠦᠷᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ ᠢᠳᠡᠪᠬᠢᠲᠡᠢ ᠯᠠᠪᠳᠠᠭᠤᠨ ᠠᠬᠢᠭᠤᠯᠬᠤ ᠬᠡᠷᠡᠭᠲᠡᠢ᠃ | ᠰᠢᠨ᠎ᠡ ᠮᠠᠶ᠋ᠢᠭ ᠤᠨ ᠡᠨᠧᠷᠭᠢ ᠶᠢᠨ ᠰᠢᠰᠲ᠋ᠧᠮ ᠢ ᠲᠥᠯᠥᠪᠵᠢᠭᠦᠯᠦᠨ ᠪᠠᠶᠢᠭᠤᠯᠵᠤ᠂ ᠮᠤᠵᠢ ᠬᠤᠳᠠ ᠶᠢᠨ ᠬᠤᠭᠤᠷᠣᠨᠳᠣᠭᠢ ᠴᠠᠭᠢᠯᠭᠠᠨ ᠬᠦᠴᠦᠨ ᠤ | ᠬᠠᠷᠢᠯᠴᠠᠨ ᠲᠤᠰᠠᠯᠠᠯᠴᠠᠬᠤ ᠶᠢ ᠵᠣᠬᠢᠴᠠᠭᠤᠯᠤᠨ ᠠᠬᠢᠭᠤᠯᠬᠤ ᠬᠡᠷᠡᠭᠲᠡᠢ᠃ ᠬᠥᠬᠡᠮᠥ᠋ᠷᠡᠨ ᠤ ︽ᠵᠢᠭᠠᠰᠤ ᠠᠩᠨᠠᠬᠤ ᠶᠢ ᠠᠷᠪᠠᠨ ᠵᠢᠯ ᠴᠠᠭᠠᠵᠠᠯᠠᠬᠤ︾ ᠶᠢ | ᠦᠷᠭᠦᠯᠵᠢᠯᠡᠨ ᠠᠬᠢᠭᠤᠯᠵᠤ᠂ ᠬᠤᠯᠪᠤᠭᠠᠯᠠᠨ ᠬᠠᠤᠯᠢ ᠬᠡᠷᠡᠭᠵᠢᠭᠦᠯᠬᠦ ᠶᠢ ᠴᠢᠩᠭᠠᠳᠬᠠᠬᠤ ᠬᠡᠷᠡᠭᠲᠡᠢ᠃ ᠠᠮᠢ ᠠᠬᠤᠢ ᠶᠢᠨ ᠦᠢᠯᠡᠳᠬᠦᠨ ᠤ ᠦᠷᠳᠡᠭ ᠢ | ᠪᠡᠶᠡᠯᠡᠭᠦᠯᠬᠦ ᠲᠣᠭᠲᠠᠴᠠ ᠶᠢ ᠪᠦᠷᠢᠨᠰᠢᠭᠦᠯᠵᠦ᠂ ᠠᠮᠢ ᠠᠬᠤᠢ ᠶᠢᠨ ᠳᠠᠪᠠᠭᠤᠯᠢᠭ ᠢ ᠠᠵᠤ ᠠᠬᠤᠢ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ ᠠᠷᠭ᠎ᠠ ᠵᠠᠮ ᠢ | ᠥᠷᠭᠡᠳᠬᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠣᠷᠣᠨ ᠪᠦᠰᠡ ᠶᠢᠨ ᠬᠢᠨ ᠠᠮᠤᠷ ᠲᠦᠪᠰᠢᠨ ᠢᠶᠠᠷ ᠬᠥᠭᠵᠢᠭᠦᠯᠬᠦ ᠴᠢᠳᠠᠪᠤᠷᠢ ᠪᠠᠨ | ᠬᠦᠴᠦᠯᠡᠨ ᠳᠡᠭᠡᠭᠰᠢᠯᠡᠭᠦᠯᠭᠦ ᠬᠡᠷᠡᠭᠲᠡᠢ᠃ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠲᠤᠭᠤᠰᠢᠯᠠᠭᠤᠯᠵᠤ᠂ ᠬᠤᠷᠢᠭ᠎ᠠ ᠱᠤᠭᠤᠮ ᠤᠨ | ᠰᠡᠳᠬᠢᠬᠦᠢ ᠶᠢ ᠪᠠᠷᠢᠮᠲᠠᠯᠠᠵᠤ᠂ ᠬᠥᠭᠵᠢᠯᠲᠡ ᠪᠠ ᠠᠮᠤᠷ ᠲᠦᠪᠰᠢᠨ ᠢ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠤᠯᠤᠰ ᠪᠠ ᠣᠷᠣᠨ ᠪᠦᠰᠡ ᠶᠢᠨ | ᠠᠮᠤᠷ ᠲᠦᠪᠰᠢᠨ ᠳᠤ ᠬᠤᠯᠪᠣᠭᠳᠠᠬᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠠᠵᠤ ᠦᠢᠯᠡᠰ᠂ ᠮᠥᠩᠭᠦᠨ ᠭᠦᠢᠯᠭᠡᠭᠡᠨ ᠵᠡᠷᠭᠡ ᠬᠦᠷᠢᠶ᠎ᠡ ᠪᠠ ᠴᠢᠬᠤᠯᠠ | ᠶᠡᠭᠡ ᠰᠠᠭᠤᠷᠢ ᠲᠥᠬᠦᠭᠡᠷᠦᠮᠵᠢ ᠶᠢ ᠨᠢᠭᠲᠠ ᠠᠩᠬᠠᠷᠴᠤ᠂ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠰᠢᠰᠲ᠋ᠧᠮ ᠪᠠ ᠴᠢᠳᠠᠪᠤᠷᠢ ᠶᠢᠨ | ᠪᠠᠶᠢᠭᠤᠯᠤᠯᠲᠠ ᠶᠢ ᠴᠢᠩᠭᠠᠳᠬᠠᠵᠤ᠂ ᠠᠮᠤᠷ ᠲᠦᠪᠰᠢᠨ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠬᠦ ᠬᠡᠷᠡᠭᠲᠡᠢ᠃ ᠬᠥᠬᠡᠮᠥ᠋ᠷᠡᠨ ᠤ ᠭᠤᠷᠪᠠᠯᠵᠢᠨ | ᠬᠤᠶᠢᠭ ᠤᠨ ᠠᠵᠤ ᠦᠢᠯᠡᠰ ᠤᠨ ᠰᠢᠰᠲ᠋ᠧᠮ ᠪᠦᠷᠢᠨ ᠲᠡᠭᠦᠯᠳᠡᠷ ᠪᠠᠶᠢᠬᠤ ᠪᠠ ᠢᠵᠢ ᠪᠦᠷᠢᠳᠦᠭᠦᠯᠬᠦ ᠴᠢᠳᠠᠪᠤᠷᠢ ᠴᠢᠩᠭ᠎ᠠ ᠪᠠᠶᠢᠬᠤ ᠳᠠᠪᠠᠭᠤᠯᠢᠭ ᠢ | ᠭᠦᠢᠴᠡᠳ ᠪᠠᠳᠠᠷᠠᠭᠤᠯᠵᠤ᠂ ᠤᠯᠤᠰ ᠤᠨ ᠠᠵᠤ ᠠᠬᠤᠢ ᠠᠮᠢᠳᠤᠷᠠᠯ ᠳᠤ ᠬᠤᠯᠪᠣᠭᠳᠠᠬᠤ ᠴᠢᠬᠤᠯᠠ ᠬᠦᠷᠢᠶ᠎ᠡ ᠪᠠ ᠵᠠᠩᠭᠢᠯᠠᠭ᠎ᠠ ᠶᠢᠨ ᠭᠤᠭᠴᠤᠭ᠎ᠠ ᠳᠠᠬᠢ | ᠬᠡᠯᠬᠢᠶ᠎ᠡ ᠶᠢ ᠴᠢᠩᠭᠠᠳᠬᠠᠵᠤ ᠬᠡᠯᠬᠢᠶ᠎ᠡ ᠶᠢ ᠨᠥᠬᠦᠪᠦᠷᠢᠯᠡᠬᠦ ᠠᠵᠢᠯᠯᠠᠭ᠎ᠠ ᠶᠢ ᠬᠡᠷᠡᠭᠵᠢᠭᠦᠯᠬᠦ ᠶᠢᠨ ᠬᠠᠮᠲᠤ ᠳᠤᠮᠳᠠ ᠪᠠᠷᠠᠭᠤᠨ ᠣᠷᠣᠨ ᠲᠠᠢ ᠠᠵᠤ ᠦᠢᠯᠡᠰ ᠤᠨ | ᠬᠠᠮᠲᠤᠷᠠᠯᠴᠠᠭ᠎ᠠ ᠪᠠᠨ ᠴᠢᠩᠭᠠᠳᠬᠠᠵᠤ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠬᠠᠷᠢᠮᠠᠬᠠᠢ ᠴᠢᠨᠠᠷ ᠪᠠ ᠠᠮᠤᠷ ᠲᠦᠪᠰᠢᠨ ᠤ | ᠲᠦᠪᠰᠢᠨ ᠢ ᠬᠦᠴᠦᠯᠡᠨ ᠳᠡᠭᠡᠭᠰᠢᠯᠡᠭᠦᠯᠭᠦ ᠬᠡᠷᠡᠭᠲᠡᠢ᠃ ᠮᠥᠩᠭᠦᠨ ᠭᠦᠢᠯᠭᠡᠭᠡᠨ ᠤ ᠬᠦᠷᠢᠶᠡᠨ ᠤ ᠳᠦᠷᠢᠮ ᠤᠨ ᠭᠡᠯᠪᠡᠷᠢ ᠶᠢᠨ ᠨᠡᠭᠡᠭᠡᠯᠲᠡ ᠶᠢ ᠯᠠᠪᠳᠠᠭᠤᠨ ᠢᠶᠠᠷ | ᠥᠷᠭᠡᠳᠬᠡᠵᠦ᠂ ᠬᠢᠯᠢ ᠠᠯᠤᠰᠯᠠᠭᠰᠠᠨ ᠪᠡᠯᠡ ᠣᠷᠣᠭᠤᠯᠤᠯᠲᠠ ᠪᠡᠯᠡ ᠬᠤᠷᠠᠮᠳᠤᠭᠤᠯᠭ᠎ᠠ ᠶᠢᠨ ᠳᠥᠳᠡᠴᠢᠯᠡᠯᠲᠡ ᠶᠢ ᠳᠡᠭᠡᠭᠰᠢᠯᠡᠭᠦᠯᠵᠦ᠂ ᠪᠦᠭᠦ ᠶᠠᠪᠤᠴᠠ ᠶᠢᠨ | ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠤᠯᠤᠰ ᠤᠨ ᠮᠥᠩᠭᠦᠨ ᠭᠦᠢᠯᠭᠡᠭᠡᠨ ᠤ ᠠᠮᠤᠷ ᠲᠦᠪᠰᠢᠨ ᠢ ᠨᠡᠩ ᠰᠠᠶᠢᠲᠤᠷ | ᠬᠠᠮᠠᠭᠠᠯᠠᠬᠤ ᠬᠡᠷᠡᠭᠲᠡᠢ᠃ ᠭᠠᠳᠠᠭᠠᠳᠤ ᠯᠤᠭ᠎ᠠ ᠶᠢᠨ ᠬᠠᠮᠲᠤᠷᠠᠯᠴᠠᠭᠠᠨ ᠤ ᠠᠮᠤᠷ ᠲᠦᠪᠰᠢᠨ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠵᠤ ᠦᠢᠯᠡᠰ ᠤᠨ | ᠬᠡᠯᠬᠢᠶ᠎ᠡ ᠶᠢᠨ ᠵᠦᠢ ᠵᠣᠬᠢᠰᠲᠠᠢ ᠡᠮᠬᠢ ᠳᠢᠭᠯᠢᠮ ᠲᠠᠢ ᠬᠢᠯᠢ ᠠᠯᠤᠰᠯᠠᠭᠰᠠᠨ ᠪᠠᠶᠢᠷᠢᠰᠢᠭᠤᠯᠤᠯᠲᠠ ᠶᠢ ᠬᠥᠲᠥᠯᠥᠨ ᠳᠠᠭᠠᠭᠤᠯᠬᠤ ᠬᠡᠷᠡᠭᠲᠡᠢ᠃ ᠠᠷᠠᠳ | ᠲᠦᠮᠡᠨ ᠤ ᠬᠤᠳᠠ ᠪᠠᠨ ᠠᠷᠠᠳ ᠲᠦᠮᠡᠨ ᠪᠠᠶᠢᠭᠤᠯᠬᠤ ᠶᠢ ᠪᠠᠷᠢᠮᠲᠠᠯᠠᠵᠤ᠂ ᠬᠤᠳᠠ ᠶᠢᠨ ᠣᠳᠣᠬᠢᠴᠢᠯᠠᠭᠰᠠᠨ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠵᠦ | ᠂ ᠬᠠᠷᠢᠮᠠᠬᠠᠢ ᠬᠤᠳᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠤᠳᠠ ᠶᠢᠨ ᠠᠮᠤᠷ ᠲᠦᠪᠰᠢᠨ ᠤ ᠤᠷᠢᠳᠴᠢᠯᠠᠨ ᠰᠡᠷᠭᠡᠶᠢᠯᠡᠬᠦ | ᠰᠢᠰᠲ᠋ᠧᠮ ᠢ ᠪᠦᠷᠢᠨᠰᠢᠭᠦᠯᠵᠦ᠂ ᠬᠤᠳᠠ ᠶᠢᠨ ᠦᠨᠳᠦᠰᠦᠨ ᠠᠵᠢᠯᠯᠠᠭᠠᠨ ᠤ ᠪᠠᠲᠤᠯᠠᠭ᠎ᠠ ᠶᠢᠨ ᠰᠢᠰᠲ᠋ᠧᠮ ᠢ ᠴᠢᠩᠭᠠᠳᠬᠠᠵᠤ᠂ ᠭᠠᠮᠰᠢᠭ ᠢ ᠰᠡᠷᠭᠡᠶᠢᠯᠡᠬᠦ | ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠣᠭᠴᠠᠵᠢᠭᠰᠠᠨ ᠬᠥᠭᠵᠢᠯᠲᠡ ᠶᠢ ᠭᠦᠨᠵᠡᠭᠡᠢ ᠠᠬᠢᠭᠤᠯᠬᠤ ᠳᠤ ᠡᠷᠬᠡᠪᠰᠢ | ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠬᠤ ᠬᠡᠷᠡᠭᠲᠡᠢ᠃ ᠲᠥᠪ ᠤᠨ ᠣᠷᠣᠨ ᠪᠦᠰᠡ ᠶᠢᠨ ᠵᠣᠬᠢᠴᠠᠩᠭᠤᠢ | ᠬᠥᠭᠵᠢᠯᠲᠡ ᠶᠢᠨ ᠤᠳᠤᠷᠢᠳᠬᠤ ᠳᠤᠭᠤᠶᠢᠯᠠᠩ ᠤᠨ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠡᠭᠦᠷᠭᠡ ᠴᠢᠳᠠᠪᠬᠢ ᠶᠢ ᠭᠦᠢᠴᠡᠳ ᠪᠠᠳᠠᠷᠠᠭᠤᠯᠵᠤ᠂ | ᠲᠥᠯᠦᠪᠵᠢᠭᠦᠯᠭᠡ ᠶᠢᠨ ᠬᠥᠲᠥᠯᠪᠦᠷᠢ ᠶᠢᠨ ᠪᠠᠶᠢᠯᠳᠤᠬᠤ ᠪᠣᠳᠣᠯᠭ᠎ᠠ ᠶᠢᠨ ᠬᠥᠲᠥᠯᠥᠨ ᠳᠠᠭᠠᠭᠤᠯᠬᠤ ᠦᠢᠯᠡᠳᠦᠯ ᠢ ᠪᠠᠷᠢᠮᠲᠠᠯᠠᠬᠤ ᠬᠡᠷᠡᠭᠲᠡᠢ᠃ ᠭᠤᠷᠪᠠᠨ | ᠮᠤᠵᠢ ᠨᠢᠭᠡ ᠬᠤᠳᠠ ᠶᠢᠨ ᠬᠢᠨ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ | ᠵᠣᠬᠢᠶᠠᠨ ᠪᠠᠶᠢᠭᠤᠯᠵᠤ ᠤᠳᠤᠷᠢᠳᠬᠤ ᠪᠠ ᠪᠠᠶᠢᠴᠠᠭᠠᠨ ᠰᠤᠳᠤᠯᠤᠯᠲᠠ ᠬᠢᠬᠦ ᠪᠠᠨ ᠴᠢᠩᠭᠠᠳᠬᠠᠵᠤ᠂ ᠵᠣᠬᠢᠴᠠᠭᠤᠯᠤᠨ ᠬᠠᠮᠲᠤ ᠪᠠᠷ ᠵᠥᠪᠳᠡᠯᠴᠡᠬᠦ ᠪᠠ | ᠱᠠᠯᠠᠪᠳᠠᠭᠤᠯᠤᠨ ᠪᠠᠶᠢᠴᠠᠭᠠᠬᠤ ᠪᠠᠨ ᠴᠢᠩᠭᠠᠳᠬᠠᠵᠤ᠂ ᠴᠢᠬᠤᠯᠠ ᠶᠡᠭᠡ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠵᠤ᠂ ᠴᠢᠬᠤᠯᠠ ᠶᠡᠭᠡ | ᠥᠭᠡᠷᠡᠴᠢᠯᠡᠯᠲᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠵᠤ᠂ ᠭᠤᠣᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ | ᠬᠡᠷᠡᠭᠲᠡᠢ᠃ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠺᠠᠳ᠋ᠷ ᠤᠨ | ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠺᠠᠳ᠋ᠷ ᠤᠨ ᠵᠣᠷᠢᠭᠲᠠᠢ ᠪᠠᠷ ᠵᠠᠮ ᠨᠡᠭᠡᠭᠡᠨ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ | ᠭᠠᠷᠭᠠᠬᠤ ᠶᠢ ᠵᠣᠷᠢᠭᠵᠢᠭᠤᠯᠬᠤ ᠬᠡᠷᠡᠭᠲᠡᠢ᠃ ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠢ ᠪᠣᠳᠠᠲᠠᠢ ᠠᠳᠬᠤᠵᠤ᠂ ᠪᠦᠭᠦ ᠲᠠᠯ᠎ᠠ ᠪᠠᠷ ᠨᠠᠮ ᠢ | ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠵᠤ᠂ ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠤ ᠪᠤᠯᠬᠤ ᠦᠭᠡᠢ᠂ ᠢᠯᠵᠠᠷᠠᠬᠤ ᠶᠢ ᠪᠤᠳᠤᠬᠤ ᠦᠭᠡᠢ | ᠪᠠᠶᠢᠬᠤ ᠶᠢ ᠨᠢᠭᠡ ᠴᠣᠭᠴᠠᠵᠢᠭᠤᠯᠤᠨ ᠠᠬᠢᠭᠤᠯᠵᠤ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠦᠷᠦ ᠶᠢᠨ ᠦᠢᠯᠡᠳᠦᠯ | ᠴᠢᠳᠠᠪᠤᠷᠢ ᠪᠣᠯᠣᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠴᠢᠳᠠᠪᠤᠷᠢ ᠶᠢ ᠴᠢᠩᠭᠠᠳᠬᠠᠵᠤ᠂ ᠴᠢᠩᠭ᠎ᠠ ᠰᠠᠬᠢᠯᠭ᠎ᠠ ᠪᠠᠲᠤ᠂ ᠪᠣᠳᠠᠲᠠᠢ ᠪᠠᠶᠢᠬᠤ ᠬᠡᠪ | ᠰᠤᠷᠲᠠᠯ᠂ ᠠᠷᠢᠭᠤᠨ ᠴᠢᠬᠡᠴᠢ ᠶᠢᠨ ᠪᠠᠷᠢᠮᠲᠠᠯᠠᠯ ᠢᠶᠠᠷ ᠡᠯ᠎ᠡ ᠵᠦᠢᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠭᠡᠵᠦ | ᠵᠢᠭᠠᠵᠤ ᠭᠠᠷᠭᠠᠪᠠ᠃ | ᠯᠢ ᠴᠢᠶᠠᠩ ᠶᠠᠷᠢᠶᠠᠨ ᠳᠠᠭᠠᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ | ᠣᠶᠢᠯᠠᠭᠠᠵᠤ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠣᠭᠴᠠᠵᠢᠭᠰᠠᠨ ᠬᠥᠭᠵᠢᠯᠲᠡ ᠶᠢ | ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠤ ᠲᠠᠯᠪᠢᠵᠤ ᠪᠠᠶᠢᠷᠢ ᠲᠣᠭᠲᠠᠭᠠᠯᠲᠠ ᠬᠢᠵᠦ ᠪᠣᠳᠣᠯᠬᠢᠯᠠᠨ᠂ ᠪᠦᠭᠦ ᠤᠯᠤᠰ ᠤᠨ ᠴᠢᠨᠠᠷ ᠰᠠᠶᠢᠲᠠᠢ | ᠬᠥᠭᠵᠢᠯᠲᠡ ᠶᠢ ᠬᠥᠲᠥᠯᠥᠨ ᠳᠠᠭᠠᠭᠤᠯᠵᠤ ᠳᠠᠶᠢᠴᠢᠯᠠᠬᠤ ᠳᠡᠭᠡᠷ᠎ᠡ ᠲᠠᠯᠪᠢᠵᠤ ᠪᠠᠶᠢᠷᠢᠯᠠᠭᠤᠯᠤᠨ ᠲᠥᠯᠥᠪᠵᠢᠭᠦᠯᠵᠦ᠂ ᠠᠵᠤ ᠠᠬᠤᠢ ᠶᠢᠨ ᠥᠰᠦᠯᠲᠡ ᠶᠢᠨ | ᠲᠦᠢᠯ᠂ ᠬᠥᠳᠡᠯᠭᠡᠬᠦ ᠬᠦᠴᠦᠨ ᠤ ᠡᠬᠢ᠂ ᠥᠭᠡᠷᠡᠴᠢᠯᠡᠯᠲᠡ ᠶᠢᠨ ᠲᠤᠷᠰᠢᠯᠲᠠ ᠶᠢᠨ ᠲᠠᠷᠢᠶ᠎ᠠ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠨᠡᠩ ᠰᠠᠶᠢᠲᠤᠷ ᠲᠤᠯᠭᠠᠭᠤᠷᠢᠯᠠᠬᠤ ᠪᠠ ᠦᠢᠯᠡᠴᠢᠯᠡᠬᠦ ᠬᠡᠷᠡᠭᠲᠡᠢ᠃ ᠠᠵᠤ ᠠᠬᠤᠢ ᠶᠢᠨ ᠡᠷᠭᠢᠯᠲᠡ ᠶᠢ | ᠤᠯᠠᠮ ᠰᠢᠯᠤᠭᠤᠳᠬᠠᠵᠤ᠂ ᠡᠬᠢ ᠪᠠᠶᠠᠯᠢᠭ ᠤᠨ ᠡᠯᠧᠮᠧᠨ᠋ᠲ ᠢ ᠵᠦᠢ ᠵᠣᠬᠢᠰᠲᠠᠢ ᠰᠢᠯᠵᠢᠭᠦᠯᠬᠦ ᠪᠠ ᠥᠨᠳᠥᠷ ᠪᠦᠲᠦᠮᠵᠢᠲᠡᠢ ᠵᠣᠬᠢᠴᠠᠭᠤᠯᠬᠤ ᠶᠢ ᠪᠡᠶᠡᠯᠡᠭᠦᠯᠵᠦ | ᠂ ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠠᠶᠢᠭᠤᠯᠤᠯᠲᠠ ᠶᠢ ᠠᠬᠢᠭᠤᠯᠵᠤ᠂ ᠠᠵᠤ ᠦᠢᠯᠡᠰ ᠪᠠ ᠠᠵᠤ ᠠᠬᠤᠢ ᠶᠢᠨ ᠵᠦᠢ | ᠵᠣᠬᠢᠰᠲᠠᠢ ᠪᠠᠶᠢᠷᠢᠯᠠᠭᠤᠯᠤᠯᠲᠠ ᠶᠢ ᠬᠥᠲᠥᠯᠥᠨ ᠵᠢᠯᠤᠭᠤᠳᠬᠤ ᠬᠡᠷᠡᠭᠲᠡᠢ᠃ ᠥᠨᠳᠥᠷ ᠪᠠᠷᠢᠮᠵᠢᠶᠠᠲᠤ ᠤᠯᠠᠨ ᠤᠯᠤᠰ ᠤᠨ ᠠᠵᠤ ᠠᠬᠤᠢ ᠠᠷᠠᠯᠵᠢᠶᠠᠨ ᠤ | ᠳᠦᠷᠢᠮ ᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠳᠦᠷᠢᠮ ᠤᠨ ᠭᠡᠯᠪᠡᠷᠢ ᠶᠢᠨ ᠨᠡᠭᠡᠭᠡᠯᠲᠡ ᠶᠢ ᠥᠷᠭᠡᠳᠬᠡᠨ᠂ ᠥᠨᠳᠥᠷ ᠲᠦᠪᠰᠢᠨ ᠪᠦᠬᠦᠢ | ᠭᠠᠳᠠᠭᠠᠳᠤ ᠨᠡᠭᠡᠭᠡᠯᠲᠡ ᠶᠢᠨ ᠬᠠᠭᠠᠯᠭ᠎ᠠ ᠶᠢ ᠴᠣᠭᠴᠠᠯᠠᠵᠤ᠂ ᠤᠯᠠᠨ ᠤᠯᠤᠰ ᠤᠨ ᠲᠠᠸᠠᠷ ᠪᠣᠯᠣᠨ ᠡᠬᠢ ᠪᠠᠶᠠᠯᠢᠭ ᠤᠨ ᠡᠯᠧᠮᠧᠨ᠋ᠲ ᠲᠠᠬᠢ ᠲᠠᠲᠠᠬᠤ | ᠬᠦᠴᠦᠨ ᠢᠶᠠᠨ ᠴᠢᠩᠭᠠᠳᠬᠠᠬᠤ ᠬᠡᠷᠡᠭᠲᠡᠢ᠃ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ ᠣᠨᠴᠠᠯᠢᠭ ᠢᠶᠠᠨ ᠢᠯᠡᠷᠡᠭᠦᠯᠵᠦ᠂ ᠬᠠᠮᠲᠤᠷᠠᠯᠴᠠᠭ᠎ᠠ ᠪᠠᠨ | ᠭᠦᠨᠵᠡᠭᠡᠶᠢᠷᠡᠭᠦᠯᠵᠦ᠂ ᠬᠠᠷᠢᠯᠴᠠᠨ ᠬᠦᠴᠦᠨ ᠴᠢᠳᠠᠯ ᠣᠯᠭᠤᠵᠤ᠂ ᠡᠯ᠎ᠡ ᠭᠠᠵᠠᠷ ᠤᠨ ᠲᠤᠰ ᠪᠡᠶ᠎ᠡ ᠶᠢᠨ ᠳᠠᠪᠠᠭᠤᠯᠢᠭ ᠢᠶᠠᠨ ᠣᠷᠣᠨ ᠪᠦᠰᠡ ᠶᠢᠨ | ᠳᠠᠪᠠᠭᠤᠯᠢᠭ ᠪᠣᠯᠭᠠᠨ ᠬᠤᠪᠢᠷᠠᠭᠤᠯᠵᠤ᠂ ᠳᠠᠪᠠᠭᠤᠯᠢᠭ ᠲᠠᠯ᠎ᠠ ᠪᠠᠨ ᠬᠠᠮᠲᠤ ᠪᠠᠷ ᠪᠠᠳᠠᠷᠠᠭᠤᠯᠵᠤ ᠣᠷᠣᠨ ᠪᠦᠰᠡ ᠶᠢᠨ ᠬᠥᠭᠵᠢᠯᠲᠡ ᠶᠢᠨ ᠪᠦᠬᠦᠯᠢ | ᠴᠣᠭᠴᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠭᠦ ᠬᠡᠷᠡᠭᠲᠡᠢ ᠭᠡᠵᠦ ᠢᠯᠡᠳᠬᠡᠪᠡ᠃ | ᠯᠢ ᠭᠠᠨ ᠵᠢᠶᠧ᠂ ᠾᠧ ᠯᠢ ᠹᠧᠩ᠂ ᠦ᠋ ᠵᠧᠩ ᠯᠦᠩ᠂ ᠮᠦ ᠬᠤᠩ᠂ ᠵᠢᠶᠠᠩ ᠰᠢᠨ ᡁᠢ ᠶᠠᠷᠢᠯᠴᠠᠬᠤ ᠬᠤᠷᠠᠯ ᠳᠤ ᠣᠷᠣᠯᠴᠠᠵᠤ᠂ ᠲᠥᠪ ᠤᠨ ᠪᠠ | ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠯᠪᠣᠭᠳᠠᠯ ᠪᠦᠬᠦᠢ ᠭᠠᠵᠠᠷ ᠣᠷᠣᠨ᠂ ᠬᠤᠯᠪᠣᠭᠳᠠᠯ ᠪᠦᠬᠦᠢ ᠠᠵᠤ | ᠠᠬᠤᠶᠢᠯᠠᠯ ᠤᠨ ᠬᠠᠷᠢᠭᠤᠴᠠᠯᠭᠠᠲᠠᠨ ᠨᠥᠬᠦᠳ ᠶᠠᠷᠢᠯᠴᠠᠬᠤ ᠬᠤᠷᠠᠯ ᠳᠤ ᠣᠷᠣᠯᠴᠠᠪᠠ᠃ | |