ᠰᠢᠨᠬᠤᠸᠠ ᠬᠤᠷᠢᠶ᠎ᠠ ᠶᠢᠨ ᠱᠠᠩᠬᠠᠢ \ ᠵᠢᠶᠠᠩᠰᠤ ᠶᠢᠨ ᠶᠠᠨᠴᠧᠩ ᠤᠨ 12 ᠰᠠᠷ᠎ᠠ ᠶᠢᠨ 3 ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ | ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠣᠶᠢᠷ᠎ᠠ ᠶᠢᠨ | ᠡᠳᠦᠷ ᠱᠠᠩᠬᠠᠢ ᠳᠤ ᠰᠢᠨᠵᠢᠯᠡᠨ ᠪᠠᠶᠢᠴᠠᠭᠠᠬᠤ ᠳᠠᠭᠠᠨ᠂ ᠱᠠᠩᠬᠠᠢ ᠶᠢᠨ ᠬᠢᠨ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠥᠪ | ᠤᠨᠤᠪᠴᠢᠳᠠᠢ᠂ ᠪᠦᠭᠦ ᠲᠠᠯ᠎ᠠ ᠪᠠᠷ ᠲᠤᠭᠤᠰᠢᠯᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ | ᠪᠠᠶᠢᠭᠤᠯᠬᠤ ᠶᠢᠨ ᠲᠣᠭᠤᠷᠢᠨ ᠳᠤ᠂ ᠤᠯᠠᠨ ᠤᠯᠤᠰ ᠤᠨ ᠠᠵᠤ ᠠᠬᠤᠢ ᠶᠢᠨ ᠲᠥᠪ᠂ ᠮᠥᠩᠭᠦᠨ ᠭᠦᠢᠯᠭᠡᠭᠡᠨ ᠤ ᠲᠥᠪ᠂ ᠠᠷᠠᠯᠵᠢᠶᠠᠨ ᠤ ᠲᠥᠪ᠂ | ᠠᠭᠠᠷ ᠤᠨ ᠲᠡᠭᠡᠭᠡᠪᠦᠷᠢ ᠶᠢᠨ ᠲᠥᠪ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠪᠦᠲᠦᠭᠡᠨ ᠪᠠᠶᠢᠭᠤᠯᠬᠤ ᠴᠢᠬᠤᠯᠠ | ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠵᠢᠯᠣᠭᠤᠳᠤᠮᠵᠢ ᠪᠤᠯᠭᠠᠵᠤ᠂ | ᠥᠭᠡᠷᠡᠴᠢᠯᠡᠯᠲᠡ ᠨᠡᠭᠡᠭᠡᠯᠲᠡ ᠪᠠᠷ ᠬᠥᠳᠡᠯᠭᠡᠬᠦ ᠬᠦᠴᠦᠨ ᠪᠤᠯᠭᠠᠵᠤ᠂ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠪᠠᠷ ᠤᠳᠤᠷᠢᠳᠤᠮᠵᠢ ᠪᠤᠯᠭᠠᠵᠤ᠂ | ᠬᠤᠳᠠ ᠶᠢᠨ ᠵᠠᠰᠠᠯᠲᠠ ᠶᠢᠨ ᠣᠳᠣᠬᠢᠴᠢᠯᠠᠯᠲᠠ ᠪᠠᠷ ᠪᠠᠲᠤᠯᠠᠭ᠎ᠠ ᠪᠤᠯᠭᠠᠵᠤ᠂ ᠵᠣᠷᠢᠭᠲᠠᠢ ᠪᠠᠷ ᠵᠠᠮ ᠨᠡᠭᠡᠭᠡᠨ ᠢᠳᠡᠪᠬᠢᠲᠡᠢ ᠪᠠᠷ ᠵᠢᠳᠬᠦᠯ ᠴᠢᠷᠮᠠᠶᠢᠯᠭ᠎ᠠ | ᠭᠠᠷᠭᠠᠵᠤ᠂ ᠳᠡᠯᠡᠬᠡᠢ ᠶᠢᠨ ᠨᠥᠯᠥᠭᠡᠯᠡᠬᠦ ᠬᠦᠴᠦᠨ ᠪᠦᠬᠦᠢ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠠᠨ ᠤᠯᠤᠰ ᠤᠨ ᠲᠣᠮᠣ ᠬᠤᠳᠠ ᠶᠢ ᠲᠦᠷᠭᠡᠳᠬᠡᠨ | ᠪᠠᠶᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤᠮᠳᠠ ᠳᠠᠭᠠᠭᠤᠯᠤᠨ ᠳᠠᠶᠢᠴᠢᠯᠠᠬᠤ ᠪᠠ ᠵᠢᠱᠢᠶ᠎ᠡ ᠦᠵᠡᠭᠦᠯᠦᠨ | ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | 11 ᠰᠠᠷ᠎ᠠ ᠶᠢᠨ 28 ᠠᠴᠠ 12 ᠰᠠᠷ᠎ᠠ ᠶᠢᠨ 2 ᠤᠨ ᠡᠳᠦᠷ ᠪᠤᠯᠲᠠᠯ᠎ᠠ᠂ ᠰᠢ ᠶᠢᠨ ᠫᠢᠩ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ | ᠲᠣᠪᠴᠢᠶ᠎ᠠ ᠶᠢᠨ ᠭᠡᠰᠢᠭᠦᠨ᠂ ᠱᠠᠩᠬᠠᠢ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠴᠧᠨ ᠵᠢᠢ ᠨᠢᠩ ᠪᠣᠯᠣᠨ ᠬᠤᠲᠠ ᠶᠢᠨ ᠳᠠᠷᠤᠭ᠎ᠠ ᠭᠦᠩ ᠵᠧᠩ ᠤᠨ | ᠪᠠᠷ᠎ᠠ ᠪᠤᠯᠣᠯᠭ᠎ᠠ ᠲᠠᠢ ᠪᠠᠷ ᠤᠷᠢᠳ ᠬᠤᠵᠢᠳ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ | ᠡᠭᠦᠳᠬᠦ ᠬᠦᠷᠢᠶᠡᠯᠡᠩ ᠲᠣᠭᠤᠷᠢᠭ᠂ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠲᠥᠷᠥᠯ ᠵᠦᠢᠯ ᠵᠡᠷᠭᠡ ᠶᠢ ᠪᠠᠶᠢᠴᠠᠭᠠᠨ ᠰᠤᠳᠤᠯᠪᠠ | ᠃ | 28 ᠤ ᠦᠳᠡ ᠶᠢᠨ ᠬᠤᠶᠢᠨ᠎ᠠ᠂ ᠰᠢ ᠶᠢᠨ ᠫᠢᠩ ᠭᠠᠯᠲᠤ ᠲᠡᠷᠭᠡᠨ ᠠᠴᠠ ᠪᠠᠭᠤᠮᠠᠭᠴᠠ ᠱᠠᠩᠬᠠᠢ ᠶᠢᠨ ᠬᠤᠭᠤᠴᠠᠭᠠᠲᠤ ᠪᠠᠷᠠᠭᠠᠨ ᠤ ᠠᠷᠠᠯᠵᠢᠶᠠᠨ ᠤ | ᠭᠠᠵᠠᠷ ᠲᠤ ᠬᠦᠷᠴᠦ ᠰᠢᠨᠵᠢᠯᠡᠨ ᠪᠠᠶᠢᠴᠠᠭᠠᠪᠠ᠃ | ᠲᠡᠷᠡ ᠡᠯᠧᠺᠳ᠋ᠷᠣᠨ ᠳᠡᠯᠭᠡᠴᠡ ᠪᠠ ᠵᠠᠬ᠎ᠠ ᠳᠡᠯᠭᠡᠭᠦᠷ ᠲᠤ ᠭᠠᠷᠭᠠᠭᠰᠠᠨ ᠴᠢᠬᠤᠯᠠ ᠲᠥᠷᠥᠯ ᠵᠦᠢᠯ ᠤᠨ ᠰᠢᠯᠵᠢᠭᠦᠯᠦᠨ ᠲᠤᠰᠢᠶᠠᠬᠤ ᠡᠳ᠋ ᠤᠨ | ᠦᠵᠡᠭᠦᠯᠭᠡ ᠲᠠᠢ ᠤᠶᠠᠯᠳᠤᠭᠤᠯᠤᠨ᠂ ᠠᠷᠠᠯᠵᠢᠶᠠᠨ ᠤ ᠭᠠᠵᠠᠷ ᠤᠨ ᠪᠦᠭᠦ ᠪᠥᠮᠪᠥᠷᠴᠡᠭ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠴᠢᠳᠠᠪᠤᠷᠢ ᠶᠢ | ᠴᠢᠩᠭᠠᠳᠬᠠᠭᠰᠠᠨ᠂ ᠪᠣᠳᠠᠲᠤ ᠴᠣᠭᠴᠠ ᠶᠢᠨ ᠠᠵᠤ ᠠᠬᠤᠢ ᠪᠠ ᠤᠯᠤᠰ ᠤᠨ ᠪᠠᠶᠢᠯᠳᠤᠬᠤ ᠪᠣᠳᠣᠯᠭ᠎ᠠ ᠳᠤ ᠦᠢᠯᠡᠴᠢᠯᠡᠭᠰᠡᠨ ᠵᠡᠷᠭᠡ ᠪᠠᠶᠢᠳᠠᠯ ᠤᠨ | ᠲᠠᠨᠢᠯᠴᠠᠭᠤᠯᠭ᠎ᠠ ᠶᠢ ᠰᠣᠨᠣᠰᠴᠤ᠂ ᠠᠷᠠᠯᠵᠢᠶᠠᠨ ᠤ ᠭᠠᠵᠠᠷ ᠤᠨ ᠡᠳᠦᠷ ᠲᠤᠲᠤᠮ ᠤᠨ ᠪᠡᠯᠡ ᠮᠥᠩᠭᠦ ᠶᠢᠨ ᠬᠠᠮᠢᠶᠠᠷᠤᠯᠲᠠ ᠪᠠ ᠰᠢᠯᠵᠢᠭᠦᠯᠦᠨ ᠲᠤᠰᠢᠶᠠᠵᠤ | ᠲᠡᠰᠦᠯᠦᠨ ᠪᠤᠳᠤᠬᠤ ᠵᠡᠷᠭᠡ ᠵᠦᠢᠯᠡᠰ ᠢ ᠣᠶᠢᠯᠠᠭᠠᠪᠠ᠃ ᠰᠢ ᠶᠢᠨ ᠫᠢᠩ᠂ ᠱᠠᠩᠬᠠᠢ ᠶᠢᠨ ᠤᠯᠠᠨ ᠤᠯᠤᠰ ᠤᠨ ᠮᠥᠩᠭᠦᠨ ᠭᠦᠢᠯᠭᠡᠭᠡᠨ ᠤ ᠲᠥᠪ ᠢ | ᠪᠦᠲᠦᠭᠡᠨ ᠪᠠᠶᠢᠭᠤᠯᠬᠤ ᠬᠠᠷᠠᠯᠲᠠ ᠵᠥᠪ ᠣᠨᠣᠪᠴᠢᠲᠠᠢ᠂ ᠠᠯᠬᠤᠭ᠎ᠠ ᠯᠠᠪᠳᠠᠭᠤᠨ᠂ ᠠᠯᠤᠰ ᠢᠷᠡᠭᠡᠳᠦᠢ ᠭᠡᠭᠡᠨ ᠰᠠᠷᠠᠭᠤᠯ ᠪᠠᠶᠢᠨ᠎ᠠ᠂ ᠱᠠᠩᠬᠠᠢ ᠶᠢᠨ | ᠬᠤᠭᠤᠴᠠᠭᠠᠲᠤ ᠪᠠᠷᠠᠭᠠᠨ ᠤ ᠠᠷᠠᠯᠵᠢᠶᠠᠨ ᠤ ᠭᠠᠵᠠᠷ ᠤᠨ ᠬᠢᠨ ᠳᠡᠯᠡᠬᠡᠢ ᠶᠢᠨ ᠲᠡᠷᠢᠭᠦᠨ ᠵᠡᠷᠭᠡ ᠶᠢᠨ ᠠᠷᠠᠯᠵᠢᠶᠠᠨ ᠤ ᠭᠠᠵᠠᠷ ᠢ ᠲᠦᠷᠭᠡᠳᠬᠡᠨ ᠪᠦᠲᠦᠭᠡᠨ | ᠪᠠᠶᠢᠭᠤᠯᠵᠤ᠂ ᠳᠤᠮᠳᠠᠳᠤ ᠤᠯᠤᠰ ᠤᠨ ᠣᠨᠴᠠᠯᠢᠭ ᠲᠠᠢ ᠬᠤᠭᠤᠴᠠᠭᠠᠲᠤ ᠪᠠᠷᠠᠭᠠᠨ ᠤ ᠬᠢᠨᠠᠯᠲᠠ ᠬᠠᠮᠢᠶᠠᠷᠤᠯᠲᠠ ᠶᠢᠨ ᠳᠦᠷᠢᠮ ᠪᠣᠯᠣᠨ ᠲᠤᠬᠠᠶᠢᠯᠠᠭᠰᠠᠨ | ᠠᠵᠢᠯ ᠤᠨ ᠵᠠᠭᠪᠤᠷ ᠢ ᠬᠠᠶᠢᠨ ᠰᠦᠪᠡᠭᠴᠢᠯᠡᠵᠦ᠂ ᠤᠯᠠᠨ ᠤᠯᠤᠰ ᠤᠨ ᠮᠥᠩᠭᠦᠨ ᠭᠦᠢᠯᠭᠡᠭᠡᠨ ᠤ ᠲᠥᠪ ᠢ ᠪᠦᠲᠦᠭᠡᠨ ᠪᠠᠶᠢᠭᠤᠯᠬᠤ ᠳᠤ ᠨᠡᠩ ᠶᠡᠭᠡ ᠬᠤᠪᠢ | ᠨᠡᠮᠡᠷᠢ ᠦᠵᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ ᠳᠠᠷᠠᠭ᠎ᠠ ᠨᠢ ᠮᠠᠰᠢᠨ ᠲᠡᠷᠭᠡᠨ ᠳᠤ ᠰᠠᠭᠤᠵᠤ ᠫᠦᠳᠦᠩ ᠰᠢᠨ᠎ᠡ ᠲᠣᠭᠤᠷᠢᠭ ᠤᠨ ᠵᠠᠩ ᠵᠢᠶᠠᠩ ᠰᠢᠨᠵᠢᠯᠡᠬᠦ ᠤᠬᠠᠭᠠᠨ ᠤ ᠬᠤᠳᠠ ᠳᠤ | ᠬᠦᠷᠴᠦ᠂ ᠱᠠᠩᠬᠠᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠤᠨ ᠦᠵᠡᠭᠦᠯᠭᠡ ᠶᠢ ᠲᠣᠭᠤᠷᠢᠨ | ᠦᠵᠡᠪᠡ᠃ ᠲᠡᠷᠡ ᠸᠢᠳᠢᠤ᠋ ᠣᠬᠤᠷ ᠹᠢᠯᠢᠮ ᠲᠠᠢ ᠤᠶᠠᠯᠳᠤᠭᠤᠯᠤᠨ ᠱᠠᠩᠬᠠᠢ ᠬᠤᠳᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ | ᠡᠭᠦᠳᠬᠦ ᠪᠦᠬᠦᠯᠢ ᠴᠣᠭᠴᠠ ᠶᠢᠨ ᠪᠠᠶᠢᠳᠠᠯ ᠢ ᠣᠶᠢᠯᠠᠭᠠᠵᠤ᠂ ᠦᠵᠡᠭᠦᠯᠭᠡ ᠶᠢᠨ ᠲᠢᠩᠬᠢᠮ ᠳᠤ ᠬᠦᠷᠴᠦ ᠰᠠᠭᠤᠷᠢ ᠰᠤᠳᠤᠯᠭᠠᠨ᠂ ᠵᠣᠬᠢᠶᠠᠮᠠᠯ ᠤᠶᠤᠨ | ᠴᠢᠳᠠᠪᠤᠷᠢ᠂ ᠠᠮᠢᠳᠤ ᠪᠣᠳᠠᠰ ᠤᠨ ᠡᠮ ᠡᠮᠨᠡᠯᠭᠡ ᠵᠡᠷᠭᠡ ᠬᠦᠷᠢᠶᠡᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ | ᠪᠦᠲᠦᠭᠡᠯ ᠤᠨ ᠦᠵᠡᠭᠦᠯᠭᠡ ᠶᠢ ᠨᠠᠷᠢᠨ ᠪᠠᠶᠢᠴᠠᠭᠠᠨ ᠦᠵᠡᠬᠦ ᠶᠢᠨ ᠬᠠᠮᠲᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠲᠠᠳ ᠤᠨ | ᠲᠥᠯᠥᠭᠡᠯᠡᠭᠴᠢᠳ ᠲᠠᠢ ᠳᠣᠲᠣᠨᠣ ᠪᠠᠷ ᠶᠠᠷᠢᠯᠴᠠᠪᠠ᠃ ᠰᠢ ᠶᠢᠨ ᠫᠢᠩ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠰᠤᠷᠭᠠᠨ ᠬᠥᠮᠦᠵᠢᠯ᠂ ᠴᠢᠳᠠᠪᠤᠷᠢᠲᠠᠨ ᠤ ᠪᠠᠶᠢᠯᠳᠤᠬᠤ ᠪᠣᠳᠣᠯᠭ᠎ᠠ ᠶᠢᠨ ᠲᠤᠯᠭᠠᠭᠤᠷᠢᠯᠠᠯ ᠠᠴᠠ ᠰᠠᠯᠵᠤ | ᠴᠢᠳᠠᠬᠤ ᠦᠭᠡᠢ ᠶᠤᠮ᠂ ᠱᠠᠩᠬᠠᠢ ᠶᠢᠨ ᠬᠢᠨ ᠡᠨᠡ ᠲᠠᠯ᠎ᠠ ᠪᠠᠷ ᠰᠠᠶᠢᠨ ᠳᠠᠭᠠᠭᠤᠯᠤᠭᠴᠢ ᠪᠣᠯᠵᠤ᠂ ᠪᠦᠭᠦ ᠪᠥᠮᠪᠥᠷᠴᠡᠭ ᠲᠤ ᠨᠥᠯᠥᠭᠡᠯᠡᠬᠦ ᠬᠦᠴᠦᠨ ᠪᠦᠬᠦᠢ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠪᠤᠯᠬᠤ ᠲᠡᠶᠢᠰᠢ ᠲᠦᠷᠭᠡᠨ ᠤᠷᠤᠭᠰᠢᠯᠠᠬᠤ ᠬᠡᠷᠡᠭᠲᠡᠢ᠃ ᠬᠡᠬᠦᠳᠡᠭ | ᠴᠡᠭᠡᠵᠢᠨ ᠳᠡᠭᠡᠨ ᠡᠭᠦᠷᠭᠡᠲᠦ ᠪᠤᠳᠤᠯ ᠡᠪᠦᠷᠯᠡᠭᠰᠡᠨ ᠦᠯᠡᠮᠵᠢ ᠤᠯᠠᠨ ᠬᠤᠰᠢᠭᠤᠴᠢ ᠴᠢᠳᠠᠪᠤᠷᠢᠲᠠᠨ ᠢ ᠬᠦᠴᠦᠯᠡᠨ ᠬᠥᠮᠥᠵᠢᠭᠦᠯᠵᠦ᠂ ᠲᠡᠳᠡᠨ ᠤ ᠤᠶᠤᠨ | ᠤᠬᠠᠭᠠᠨ ᠠᠪᠢᠶᠠᠰ ᠴᠢᠳᠠᠪᠤᠷᠢ ᠪᠠᠨ ᠪᠠᠳᠠᠷᠠᠭᠤᠯᠬᠤ ᠳᠤ ᠰᠠᠶᠢᠨ ᠰᠠᠶᠢᠬᠠᠨ ᠨᠥᠬᠦᠴᠡᠯ ᠪᠦᠷᠢᠯᠳᠦᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠣᠶᠢᠷ᠎ᠠ ᠶᠢᠨ ᠵᠢᠯ ᠳᠤ᠂ ᠱᠠᠩᠬᠠᠢ ᠬᠤᠲᠠ ᠶᠢᠨ ᠬᠢᠨ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠪᠦᠲᠦᠭᠡᠨ | ᠪᠠᠶᠢᠭᠤᠯᠤᠯᠲᠠ ᠪᠠᠨ ᠲᠦᠷᠭᠡᠳᠬᠡᠵᠦ᠂ ᠮᠠᠰᠢ ᠤᠯᠠᠨ ᠱᠠᠩᠬᠠᠢ ᠶᠢᠨ ᠰᠢᠨ᠎ᠡ ᠬᠤᠲᠠ ᠶᠢᠨ ᠠᠷᠠᠳ᠂ ᠵᠠᠯᠠᠭᠤᠴᠤᠳ ᠪᠣᠯᠣᠨ ᠨᠢᠭᠡᠳᠦᠭᠡᠷ ᠹᠷᠣᠨᠲ ᠲᠤ ᠬᠦᠴᠦ | ᠶᠠᠪᠤᠭᠴᠢ ᠳᠤ ᠣᠷᠣᠨ ᠰᠠᠭᠤᠴᠠ ᠶᠢᠨ ᠪᠠᠲᠤᠯᠠᠭ᠎ᠠ ᠬᠠᠩᠭᠠᠵᠠᠢ᠃ 29 ᠤ ᠦᠳᠡ ᠶᠢᠨ ᠬᠤᠶᠢᠨ᠎ᠠ᠂ ᠰᠢ ᠶᠢᠨ ᠫᠢᠩ ᠮᠢᠨ ᠬᠠᠩ ᠲᠣᠭᠤᠷᠢᠭ ᠤᠨ ᠰᠢᠨ᠎ᠡ | ᠴᠠᠭ ᠦᠶ᠎ᠡ ᠶᠢᠨ ᠬᠤᠲᠠ ᠶᠢᠨ ᠪᠦᠲᠦᠭᠡᠨ ᠪᠠᠶᠢᠭᠤᠯᠤᠭᠴᠢ ᠬᠠᠮᠢᠶᠠᠷᠤᠭᠴᠢ ᠶᠢᠨ ᠭᠡᠷ ᠣᠷᠣᠨ ᠳᠤ ᠬᠦᠷᠴᠦ ᠰᠢᠨᠵᠢᠯᠡᠨ ᠪᠠᠶᠢᠴᠠᠭᠠᠪᠠ᠃ ᠲᠤᠬᠠᠢ ᠶᠢᠨ | ᠭᠠᠵᠠᠷ ᠤᠨ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ ᠪᠡᠯᠡᠳᠬᠡᠨ ᠪᠠᠶᠢᠭᠤᠯᠬᠤ ᠡᠷᠴᠢᠮ ᠢᠶᠠᠨ ᠴᠢᠩᠭᠠᠷᠠᠭᠤᠯᠵᠤ᠂ ︽ᠨᠢᠭᠡ ᠣᠷᠣ᠂ | ᠨᠢᠭᠡ ᠲᠠᠰᠤᠯᠭ᠎ᠠ ᠭᠡᠷ᠂ ᠨᠢᠭᠡ ᠢᠵᠢ ᠭᠡᠷ︾ ᠵᠡᠷᠭᠡ ᠣᠯᠠᠨ ᠲᠠᠰ ᠳᠠᠪᠬᠤᠷᠭ᠎ᠠ ᠶᠢᠨ ᠲᠦᠷᠢᠶᠡᠰᠦᠨ ᠣᠷᠣᠨ ᠰᠠᠭᠤᠴᠠ ᠶᠢᠨ ᠬᠠᠩᠭᠠᠯᠭ᠎ᠠ ᠶᠢᠨ ᠰᠢᠰᠲ᠋ᠧᠮ ᠢ | ᠪᠠᠶᠢᠭᠤᠯᠤᠭᠰᠠᠨ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠤᠭᠠᠳ ᠰᠢ ᠶᠢᠨ ᠫᠢᠩ ᠭᠦᠢᠴᠡᠳ ᠨᠤᠲᠠᠯᠠᠪᠠ᠃ ᠲᠡᠷᠡ ᠤᠷᠢᠳ ᠬᠤᠵᠢᠳ ᠨᠡᠶᠢᠭᠡᠮ | ᠲᠣᠭᠤᠷᠢᠭ ᠤᠨ ᠣᠷᠣᠨ ᠰᠠᠭᠤᠴᠠ ᠶᠢᠨ ᠭᠡᠯᠪᠡᠷᠢ ᠶᠢᠨ᠂ ᠪᠠᠶᠢᠷᠢ ᠶᠢᠨ ᠭᠡᠯᠪᠡᠷᠢ ᠶᠢᠨ ᠲᠦᠷᠢᠶᠡᠰᠦᠨ ᠭᠡᠷ ᠤᠨ ᠢᠷᠡᠯᠲᠡ ᠶᠢᠨ ᠲᠦᠷᠢᠶᠡᠰᠦᠨ ᠡᠷᠦᠭᠡ ᠶᠢᠨ | ᠣᠷᠣᠨ ᠰᠠᠭᠤᠴᠠ ᠪᠣᠯᠣᠨ ᠤᠯᠠᠨ ᠨᠡᠶᠢᠲᠡ ᠶᠢᠨ ᠲᠣᠭᠤᠭᠠᠨ ᠭᠡᠷ᠂ ᠤᠯᠠᠨ ᠨᠡᠶᠢᠲᠡ ᠶᠢᠨ ᠬᠤᠪᠴᠠᠰᠤ ᠤᠬᠢᠶᠠᠬᠤ ᠭᠡᠷ ᠵᠡᠷᠭᠡ ᠬᠠᠮᠲᠤ ᠪᠠᠷ ᠡᠳ᠋ᠯᠡᠬᠦ | ᠣᠷᠣᠨ ᠵᠠᠢ ᠳᠤ ᠬᠦᠷᠴᠦ᠂ ᠠᠳᠡ ᠰᠠᠭᠤᠵᠤ ᠪᠠᠶᠢᠭ᠎ᠠ ᠬᠤᠳᠠ ᠶᠢᠨ ᠨᠢᠭᠡᠳᠦᠭᠡᠷ ᠹᠷᠣᠨᠲ ᠤᠨ ᠠᠵᠢᠯᠲᠠᠨ ᠤ ᠠᠮᠢᠳᠤᠷᠠᠯ ᠤᠨ ᠪᠠᠶᠢᠳᠠᠯ ᠢ ᠨᠠᠷᠢᠨ | ᠣᠶᠢᠯᠠᠭᠠᠪᠠ᠃ ᠶᠡᠷᠦᠩᠬᠡᠢ ᠱᠦᠵᠢ ᠶᠢᠨ ᠴᠢᠩ ᠰᠡᠳᠬᠢᠯ ᠤᠨ ᠬᠠᠯᠠᠮᠵᠢᠯᠠᠯ ᠨᠢ ᠲᠤᠬᠠᠢ ᠶᠢᠨ ᠲᠠᠯᠠᠪᠠᠢ ᠳᠤ ᠪᠠᠶᠢᠭᠰᠠᠨ ᠬᠥᠮᠥᠰ ᠤᠨ ᠰᠡᠳᠬᠢᠯ ᠢ | ᠳᠣᠭᠳᠣᠯᠤᠭᠤᠯᠪᠠ᠃ ᠠᠶᠠᠷᠯᠠᠬᠤ ᠦᠶ᠎ᠡ ᠳᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠬᠤᠶᠢᠨ᠎ᠠ ᠬᠤᠶᠢᠨ᠎ᠠ ᠠᠴᠠ ᠪᠠᠨ ᠬᠦᠷᠢᠶᠡᠯᠡᠨ ᠢᠷᠡᠵᠦ | ᠶᠡᠷᠦᠩᠬᠡᠢ ᠱᠦᠵᠢ ᠶᠢ ᠦᠳᠡᠨ ᠮᠣᠷᠳᠠᠭᠤᠯᠵᠠᠢ᠃ | ᠰᠢ ᠶᠢᠨ ᠫᠢᠩ᠂ ᠳᠥᠷᠪᠡᠨ ᠵᠦᠭ ᠨᠠᠢᠮᠠᠨ ᠵᠣᠪᠬᠢᠰ ᠠᠴᠠ ᠢᠷᠡᠭᠰᠡᠨ ᠪᠦᠲᠦᠭᠡᠨ ᠪᠠᠶᠢᠭᠤᠯᠤᠭᠴᠢᠳ ᠠᠳᠡ ᠠᠮᠤᠷ ᠵᠢᠮᠤᠷ ᠠᠵᠤ ᠲᠥᠷᠥᠵᠦ | ᠪᠠᠶᠢᠬᠤ ᠶᠢ ᠬᠠᠷᠠᠭᠠᠳ ᠮᠠᠰᠢ ᠪᠠᠶᠠᠷᠯᠠᠵᠤ ᠪᠠᠶᠢᠨ᠎ᠠ᠃ ᠬᠤᠳᠠ ᠨᠢ ᠥᠨᠳᠥᠷᠴᠡ ᠲᠠᠢ ᠪᠠᠶᠢᠬᠤ ᠪᠥᠭᠡᠳ ᠨᠡᠩ ᠴᠤ ᠳᠤᠯᠠᠭᠠᠴᠠ ᠲᠠᠢ ᠪᠠᠶᠢᠬᠤ ᠬᠡᠷᠡᠭᠲᠡᠢ᠃ | ᠮᠠᠨ ᠤ ᠨᠡᠶᠢᠭᠡᠮ ᠵᠢᠷᠤᠮ ᠪᠣᠯ ᠬᠠᠮᠲᠤ ᠪᠠᠷ ᠪᠠᠶᠠᠵᠢᠬᠤ ᠵᠡᠮ ᠢᠶᠠᠷ ᠵᠠᠮᠨᠠᠨ᠎ᠠ᠃ ᠭᠠᠳᠠᠨ᠎ᠠ ᠠᠴᠠ ᠢᠷᠡᠵᠦ ᠬᠦᠴᠦ ᠶᠠᠪᠤᠭᠰᠠᠳ ᠱᠠᠩᠬᠠᠢ ᠳᠤ ᠢᠷᠡᠵᠦ ᠬᠤᠪᠢ | ᠨᠡᠮᠡᠷᠢ ᠦᠵᠡᠭᠦᠯᠵᠦ ᠪᠠᠶᠢᠭ᠎ᠠ ᠨᠢ ᠮᠥᠨ ᠴᠦ ᠠᠳᠠᠯᠢᠬᠠᠨ ᠢᠶᠠᠷ ᠬᠤᠲᠠ ᠶᠢᠨ ᠡᠵᠡᠨ ᠮᠥᠨ᠃ ᠠᠷᠠᠳ ᠤᠨ ᠬᠤᠳᠠ ᠶᠢᠨ ᠣᠶᠢᠯᠠᠭᠠᠭᠳᠠᠬᠤᠨ ᠢ | ᠦᠢᠯᠡᠳᠦᠯᠭᠡᠵᠢᠭᠦᠯᠵᠦ᠂ ᠠᠷᠠᠳ ᠤᠯᠠᠨ ᠤ ᠣᠷᠣᠨ ᠰᠠᠭᠤᠴᠠ ᠶᠢᠨ ᠲᠠᠯ᠎ᠠ ᠪᠠᠷ ᠬᠢ ᠤᠯᠠᠨ ᠶᠠᠩᠵᠤᠴᠢᠯᠠᠭᠰᠠᠨ᠂ ᠤᠯᠠᠨ ᠡᠰᠢᠴᠢᠯᠡᠭᠰᠡᠨ ᠬᠡᠷᠡᠭᠴᠡᠭᠡ ᠶᠢ | ᠲᠠᠰᠤᠷᠠᠯᠳᠠ ᠦᠭᠡᠢ ᠬᠠᠩᠭᠠᠵᠤ᠂ ᠭᠠᠳᠠᠨ᠎ᠠ ᠠᠴᠠ ᠢᠷᠡᠭᠰᠡᠨ ᠬᠥᠮᠥᠨ ᠠᠮᠠ ᠶᠢᠨ ᠣᠷᠣᠵᠤ ᠢᠷᠡᠬᠦ᠂ ᠦᠯᠡᠳᠡᠵᠦ ᠳᠡᠶᠢᠯᠭᠦ᠂ ᠠᠮᠤᠷ ᠲᠠᠶᠢᠪᠤᠩ | ᠰᠠᠭᠤᠷᠢᠰᠢᠬᠤ᠂ ᠦᠢᠯᠡᠰ ᠪᠣᠰᠬᠠᠵᠤ ᠳᠡᠶᠢᠯᠭᠦ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠬᠡᠯᠡᠪᠡ᠃ | 12 ᠰᠠᠷ᠎ᠠ ᠶᠢᠨ 1 ᠤ ᠦᠳᠡ ᠶᠢᠨ ᠡᠮᠦᠨ᠎ᠡ᠂ ᠰᠢ ᠶᠢᠨ ᠫᠢᠩ ᠱᠠᠩᠬᠠᠢ ᠬᠤᠳᠠ ᠶᠢᠨ ᠨᠠᠮ ᠤᠨ ᠬᠤᠷᠢᠶ᠎ᠠ ᠪᠣᠯᠣᠨ ᠬᠤᠳᠠ ᠶᠢᠨ ᠵᠠᠰᠠᠭ ᠤᠨ | ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠱᠠᠩᠬᠠᠢ ᠶᠢᠨ ᠡᠯ᠎ᠡ ᠵᠦᠢᠯ ᠤᠨ ᠠᠵᠢᠯ ᠤᠨ ᠣᠯᠣᠭᠰᠠᠨ ᠠᠮᠵᠢᠯᠲᠠ ᠶᠢ ᠨᠤᠲᠠᠯᠠᠪᠠ᠃ | ᠰᠢ ᠶᠢᠨ ᠫᠢᠩ᠂ ︽ᠲᠠᠪᠤᠨ ᠲᠥᠪ︾ ᠢ ᠲᠦᠷᠭᠡᠳᠬᠡᠨ ᠪᠦᠲᠦᠭᠡᠨ ᠪᠠᠶᠢᠭᠤᠯᠬᠤ ᠪᠣᠯ ᠨᠠᠮ ᠤᠨ ᠲᠥᠪ ᠬᠤᠷᠢᠶ᠎ᠠ ᠠᠴᠠ ᠱᠠᠩᠬᠠᠢ ᠳᠤ | ᠳᠠᠭᠠᠭᠠᠯᠭᠠᠭᠰᠠᠨ ᠴᠢᠬᠤᠯᠠ ᠡᠭᠦᠷᠭᠡ ᠪᠣᠯᠣᠨ᠎ᠠ᠃ ᠱᠠᠩᠬᠠᠢ ᠶᠢᠨ ᠬᠢᠨ ᠡᠭᠦᠨ ᠢᠶᠠᠷ ᠭᠤᠣᠯ ᠰᠢᠪᠲᠤᠯᠤᠯᠲᠠ ᠶᠢᠨ ᠴᠢᠭᠯᠡᠯ ᠪᠤᠯᠭᠠᠵᠤ᠂ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠡᠯ᠎ᠡ ᠲᠠᠯ᠎ᠠ ᠶᠢᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠲᠠᠶᠢᠴᠢᠯᠠᠵᠤ᠂ ᠪᠦᠬᠦᠯᠢ ᠴᠣᠭᠴᠠ ᠪᠠᠷ ᠲᠥᠯᠥᠪᠵᠢᠭᠦᠯᠬᠦ᠂ | ᠬᠠᠮᠵᠢᠯᠴᠠᠨ ᠠᠬᠢᠭᠤᠯᠬᠤ᠂ ᠭᠤᠣᠯᠳᠠᠯᠭ᠎ᠠ ᠲᠠᠢ ᠰᠢᠪᠲᠤᠯᠤᠯᠲᠠ ᠬᠢᠬᠦ ᠶᠢ ᠪᠠᠷᠢᠮᠲᠠᠯᠠᠵᠤ᠂ ᠴᠡᠭ ᠢᠶᠠᠷ ᠨᠡᠶᠢᠳᠡᠮ ᠢ ᠲᠠᠶᠢᠴᠢᠯᠠᠵᠤ᠂ ᠬᠤᠳᠠ ᠶᠢᠨ | ᠴᠢᠳᠠᠪᠬᠢ ᠶᠢᠨ ᠲᠡᠰ ᠪᠣᠯᠣᠨ ᠭᠤᠣᠯᠯᠠᠭᠴᠢ ᠥᠷᠢᠰᠦᠯᠳᠦᠬᠦ ᠬᠦᠴᠦᠨ ᠢ ᠦᠷᠭᠦᠯᠵᠢᠯᠡᠨ ᠳᠡᠭᠡᠭᠰᠢᠯᠡᠭᠦᠯᠭᠦ ᠬᠡᠷᠡᠭᠲᠡᠢ᠃ ᠰᠢᠨᠵᠢᠯᠡᠬᠦ ᠤᠬᠠᠭᠠᠨ ᠲᠦ᠋ᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠪᠠᠷ ᠵᠢᠯᠣᠭᠤᠳᠤᠮᠵᠢ ᠪᠤᠯᠭᠠᠵᠤ᠂ ᠵᠠᠩᠭᠢᠯᠠᠭ᠎ᠠ ᠶᠢᠨ ᠭᠤᠣᠯᠯᠠᠭᠴᠢ ᠮᠡᠷᠭᠡᠵᠢᠯ ᠤᠨ ᠪᠣᠭᠤᠮᠲᠠ ᠰᠢᠪᠲᠤᠯᠬᠤ ᠶᠢ | ᠴᠢᠩᠭᠠᠳᠬᠠᠵᠤ᠂ ᠤᠯᠠᠮᠵᠢᠯᠠᠯᠲᠤ ᠠᠵᠤ ᠦᠢᠯᠡᠰ ᠤᠨ ᠭᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠠᠬᠢᠭᠤᠯᠵᠤ᠂ ᠳᠡᠯᠡᠬᠡᠢ ᠶᠢᠨ ᠲᠡᠰ ᠤᠨ ᠳᠡᠭᠡᠳᠦ | ᠲᠡᠰ ᠤᠨ ᠠᠵᠤ ᠦᠢᠯᠡᠰ ᠤᠨ ᠪᠦᠯᠦᠭᠵᠢᠯ ᠢ ᠲᠦᠷᠭᠡᠳᠬᠡᠨ ᠪᠤᠶᠢᠵᠢᠭᠤᠯᠵᠤ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠳᠬᠡᠨ | ᠪᠠᠶᠢᠭᠤᠯᠵᠤ᠂ ᠤᠯᠠᠨ ᠤᠯᠤᠰ ᠤᠨ ᠠᠵᠤ ᠠᠬᠤᠢ ᠶᠢᠨ ᠲᠥᠪ ᠤᠨ ᠪᠠᠶᠢᠷᠢ ᠰᠠᠭᠤᠷᠢ ᠪᠣᠯᠣᠨ ᠪᠦᠭᠦ ᠪᠥᠮᠪᠥᠷᠴᠡᠭ ᠤᠨ ᠠᠵᠤ ᠠᠬᠤᠢ ᠶᠢᠨ ᠵᠠᠰᠠᠯᠲᠠ ᠶᠢᠨ | ᠨᠥᠯᠥᠭᠡᠯᠡᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠭᠦ ᠬᠡᠷᠡᠭᠲᠡᠢ᠃ ᠤᠳᠤ ᠦᠶ᠎ᠡ ᠶᠢᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠣᠯᠣᠨ | ᠮᠥᠩᠭᠦᠨ ᠭᠦᠢᠯᠭᠡᠭᠡᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠥᠨᠳᠥᠷ ᠲᠦᠪᠰᠢᠨ ᠪᠦᠬᠦᠢ ᠮᠥᠩᠭᠦᠨ | ᠭᠦᠢᠯᠭᠡᠭᠡᠨ ᠤ ᠭᠠᠳᠠᠭᠠᠳᠤ ᠨᠡᠭᠡᠭᠡᠯᠲᠡ ᠶᠢ ᠬᠡᠷᠡᠭᠵᠢᠭᠦᠯᠵᠦ᠂ ᠪᠣᠳᠠᠲᠤ ᠴᠣᠭᠴᠠ ᠶᠢᠨ ᠠᠵᠤ ᠠᠬᠤᠢ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ | ᠰᠢᠨ᠎ᠡ ᠶᠢ ᠡᠭᠦᠳᠬᠦ ᠪᠠ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠳᠤ ᠨᠡᠩ ᠰᠠᠶᠢᠲᠤᠷ ᠦᠢᠯᠡᠴᠢᠯᠡᠬᠦ ᠬᠡᠷᠡᠭᠲᠡᠢ᠃ | ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠢ ᠳᠡᠭᠡᠭᠰᠢᠯᠡᠭᠦᠯᠭᠦ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠤᠯᠠᠨ ᠤᠯᠤᠰ ᠤᠨ | ᠠᠷᠠᠯᠵᠢᠶᠠᠨ ᠤ ᠲᠥᠪ ᠤᠨ ᠶᠠᠰᠤ ᠴᠢᠨᠠᠷ ᠢ ᠳᠡᠭᠡᠭᠰᠢᠯᠡᠭᠦᠯᠵᠦ ᠲᠡᠰ ᠳᠡᠪᠰᠢᠭᠦᠯᠬᠦ ᠶᠢ ᠠᠬᠢᠭᠤᠯᠬᠤ ᠬᠡᠷᠡᠭᠲᠡᠢ᠃ ᠳᠡᠭᠡᠳᠦ ᠲᠡᠰ ᠤᠨ ᠤᠰᠤᠨ ᠵᠠᠮ ᠤᠨ | ᠲᠡᠭᠡᠭᠡᠪᠦᠷᠢ ᠶᠢᠨ ᠦᠢᠯᠡᠴᠢᠯᠡᠭᠡ ᠵᠡᠷᠭᠡ ᠲᠠᠯ᠎ᠠ ᠶᠢᠨ ᠳᠤᠲᠠᠭᠤᠳᠠᠯ ᠢ ᠲᠦᠷᠭᠡᠳᠬᠡᠨ ᠨᠥᠬᠦᠪᠦᠷᠢᠯᠡᠵᠦ᠂ ᠤᠰᠤᠨ ᠵᠠᠮ ᠤᠨ ᠲᠡᠭᠡᠭᠡᠪᠦᠷᠢ ᠶᠢᠨ ᠡᠬᠢ | ᠪᠠᠶᠠᠯᠢᠭ ᠤᠨ ᠪᠦᠭᠦ ᠪᠥᠮᠪᠥᠷᠴᠡᠭ ᠤᠨ ᠲᠣᠬᠢᠷᠠᠭᠤᠯᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ᠃ ᠥᠨᠳᠥᠷ ᠲᠦᠪᠰᠢᠨ ᠪᠦᠬᠦᠢ ᠴᠢᠳᠠᠪᠤᠷᠢᠲᠠᠨ ᠤ | ᠥᠨᠳᠦᠷᠯᠢᠭ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠰᠢᠨ᠎ᠡ ᠶᠢ ᠡᠭᠦᠳᠬᠦ ᠰᠠᠶᠢᠨ ᠰᠠᠶᠢᠬᠠᠨ ᠠᠮᠢ ᠠᠬᠤᠢ ᠶᠢ ᠪᠤᠢ ᠪᠤᠯᠭᠠᠬᠤ ᠬᠡᠷᠡᠭᠲᠡᠢ᠃ | ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠣᠷᠣᠨ ᠪᠦᠰᠡ ᠯᠦᠭᠡ ᠶᠢᠨ ᠬᠠᠮᠲᠤᠷᠠᠯᠴᠠᠭ᠎ᠠ ᠶᠢ ᠴᠢᠩᠭᠠᠳᠬᠠᠵᠤ᠂ ᠨᠥᠯᠥᠭᠡᠯᠡᠨ ᠳᠠᠶᠢᠴᠢᠯᠠᠬᠤ ᠦᠢᠯᠡᠳᠦᠯ ᠢ | ᠨᠡᠩ ᠰᠠᠶᠢᠲᠤᠷ ᠪᠠᠳᠠᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠮᠠᠨ ᠤ ᠤᠯᠤᠰ ᠤᠨ ᠥᠭᠡᠷᠡᠴᠢᠯᠡᠯᠲᠡ ᠨᠡᠭᠡᠭᠡᠯᠲᠡ ᠶᠢᠨ ᠡᠮᠦᠨ᠎ᠡ ᠹᠷᠣᠨᠲ ᠤᠨ ᠵᠢᠭᠰᠠᠭᠠᠯ ᠤᠨ ᠭᠠᠵᠠᠷ ᠪᠠ ᠪᠦᠭᠦ ᠪᠥᠮᠪᠥᠷᠴᠡᠭ ᠢ | ᠭᠦᠨᠵᠡᠭᠡᠢ ᠬᠤᠯᠪᠣᠭᠰᠠᠨ ᠳᠡᠯᠡᠬᠡᠢ ᠶᠢᠨ ᠶᠡᠭᠡ ᠬᠤᠳᠠ ᠪᠣᠯᠤᠭᠰᠠᠨ ᠤ ᠬᠤᠪᠢ ᠳᠤ᠂ ᠱᠠᠩᠬᠠᠢ ᠨᠡᠩ ᠥᠨᠳᠥᠷ ᠭᠠᠷᠤᠭ᠎ᠠ ᠠᠴᠠ ᠥᠭᠡᠷᠡᠴᠢᠯᠡᠯᠲᠡ | ᠨᠡᠭᠡᠭᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠬᠥᠭᠵᠢᠯᠲᠡ ᠶᠢᠨ ᠬᠥᠳᠡᠯᠭᠡᠬᠦ ᠬᠦᠴᠦᠨ ᠪᠠ ᠥᠷᠢᠰᠦᠯᠳᠦᠬᠦ ᠬᠦᠴᠦᠨ ᠢᠶᠠᠨ ᠴᠢᠩᠭᠠᠳᠬᠠᠬᠤ | ᠬᠡᠷᠡᠭᠲᠡᠢ᠃ ᠤᠤᠭᠠᠯ ᠡᠭᠦᠳᠦᠯᠲᠡ ᠶᠢᠨ ᠴᠢᠨᠠᠷᠲᠠᠢ ᠥᠭᠡᠷᠡᠴᠢᠯᠡᠯᠲᠡ᠂ ᠬᠥᠲᠥᠯᠥᠨ ᠳᠠᠭᠠᠭᠤᠯᠬᠤ ᠴᠢᠨᠠᠷᠲᠠᠢ ᠨᠡᠭᠡᠭᠡᠯᠲᠡ ᠶᠢ ᠪᠦᠭᠦ ᠲᠠᠯ᠎ᠠ ᠪᠠᠷ ᠡᠷᠴᠢᠮᠲᠡᠢ | ᠠᠬᠢᠭᠤᠯᠵᠤ᠂ ᠥᠭᠡᠷᠡᠴᠢᠯᠡᠯᠲᠡ ᠶᠢᠨ ᠰᠢᠰᠲ᠋ᠧᠮ ᠤᠨ ᠬᠤᠷᠠᠮᠠᠯ ᠢ ᠴᠢᠩᠭᠠᠳᠬᠠᠵᠤ᠂ ᠫᠦᠳᠦ᠋ᠩ ᠰᠢᠨ᠎ᠡ ᠲᠣᠭᠤᠷᠢᠭ ᠤᠨ ᠶᠡᠷᠦᠩᠬᠡᠶᠢᠯᠡᠭᠰᠡᠨ | ᠥᠭᠡᠷᠡᠴᠢᠯᠡᠯᠲᠡ ᠶᠢᠨ ᠲᠤᠷᠰᠢᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠭᠠᠷᠠᠮ ᠳᠠᠭᠠᠤ ᠶᠢᠨ ᠰᠢᠨ᠎ᠡ ᠬᠡᠰᠡᠭ ᠲᠣᠭᠤᠷᠢᠭ ᠲᠤ ᠡᠩ ᠲᠡᠷᠢᠭᠦᠨ ᠳᠤ | ᠳᠠᠷᠤᠯᠲᠠ ᠶᠢᠨ ᠰᠣᠷᠢᠯᠲᠠ ᠶᠢ ᠥᠷᠨᠢᠭᠦᠯᠵᠦ᠂ ᠳᠦᠷᠢᠮ᠂ ᠬᠡᠪ ᠪᠠᠷᠢᠮᠵᠢᠶ᠎ᠠ᠂ ᠬᠠᠮᠢᠶᠠᠷᠤᠯᠲᠠ᠂ ᠪᠠᠷᠢᠮᠵᠢᠶ᠎ᠠ ᠵᠡᠷᠭᠡ ᠳᠦᠷᠢᠮ ᠤᠨ ᠭᠡᠯᠪᠡᠷᠢ ᠶᠢᠨ | ᠨᠡᠭᠡᠭᠡᠯᠲᠡ ᠶᠢ ᠯᠠᠪᠳᠠᠭᠤᠨ ᠢᠶᠠᠷ ᠥᠷᠭᠡᠳᠬᠡᠵᠦ᠂ ᠬᠢᠯᠢ ᠠᠯᠤᠰᠯᠠᠭᠰᠠᠨ ᠦᠢᠯᠡᠴᠢᠯᠡᠭᠡᠨ ᠤ ᠠᠷᠠᠯᠵᠢᠶ᠎ᠠ ᠪᠠ ᠪᠡᠯᠡ ᠣᠷᠣᠭᠤᠯᠤᠯᠲᠠ ᠶᠢᠨ ᠥᠨᠳᠥᠷ ᠲᠦᠪᠰᠢᠨ | ᠪᠦᠬᠦᠢ ᠨᠡᠭᠡᠭᠡᠯᠲᠡ ᠶᠢ ᠭᠦᠨᠵᠡᠭᠡᠢ ᠠᠬᠢᠭᠤᠯᠵᠤ᠂ ᠦᠢᠯᠡᠳᠬᠦ ᠦᠢᠯᠡᠰ ᠤᠨ ᠨᠡᠭᠡᠭᠡᠯᠲᠡ ᠶᠢᠨ ᠲᠦᠪᠰᠢᠨ ᠢ ᠳᠡᠭᠡᠭᠰᠢᠯᠡᠭᠦᠯᠵᠦ᠂ ᠬᠤᠩᠴᠢᠶᠤᠤ ᠶᠢᠨ ᠤᠯᠠᠨ | ᠤᠯᠤᠰ ᠤᠨ ᠨᠡᠭᠡᠭᠡᠯᠲᠡ ᠶᠢᠨ ᠵᠠᠩᠭᠢᠯᠠᠭ᠎ᠠ ᠶᠢᠨ ᠡᠨᠧᠷᠭᠢ ᠶᠢᠨ ᠲᠡᠰ ᠢ ᠤᠯᠠᠮ ᠳᠡᠭᠡᠭᠰᠢᠯᠡᠭᠦᠯᠵᠦ᠂ ᠭᠠᠳᠠᠭᠠᠳᠤ ᠤᠷᠤᠭᠤᠯᠤᠯᠳᠠ ᠶᠢᠨ ᠦᠵᠡᠰᠭᠦᠯᠡᠩ ᠤᠨ | ᠴᠤᠭᠯᠠᠭᠠᠨ ᠵᠡᠷᠭᠡ ᠬᠤᠣᠰ ᠴᠢᠭᠯᠡᠯ ᠤᠨ ᠨᠡᠭᠡᠭᠡᠯᠲᠡ ᠶᠢᠨ ᠲᠣᠮᠣ ᠲᠠᠪᠴᠠᠩ ᠢ ᠦᠷᠭᠦᠯᠵᠢᠯᠡᠨ ᠰᠠᠶᠢᠲᠤᠷ ᠡᠷᠭᠢᠯᠡᠵᠦ᠂ ᠤᠯᠠᠨ ᠤᠯᠤᠰ ᠤᠨ ᠥᠷᠢᠰᠦᠯᠳᠦᠬᠦ | ᠬᠦᠴᠦᠨ ᠪᠦᠬᠦᠢ ᠲᠦᠷᠦ ᠶᠢᠨ ᠪᠣᠳᠣᠯᠭ᠎ᠠ ᠪᠠ ᠳᠦᠷᠢᠮ ᠤᠨ ᠰᠢᠰᠲ᠋ᠧᠮ ᠢ ᠲᠦᠷᠭᠡᠳᠬᠡᠨ ᠪᠤᠢ ᠪᠤᠯᠭᠠᠬᠤ ᠬᠡᠷᠡᠭᠲᠡᠢ᠃ ︽ᠬᠤᠶᠠᠷ ᠭᠤᠶᠢᠪᠢᠰᠢ ᠦᠭᠡᠢ | ᠪᠠᠶᠢᠬᠤ︾ ᠶᠢ ᠪᠠᠷᠢᠮᠲᠠᠯᠠᠵᠤ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠡᠷᠬᠡ ᠲᠡᠭᠰᠢ ᠪᠠᠷ ᠵᠠᠬ᠎ᠠ ᠳᠡᠯᠭᠡᠭᠦᠷ ᠤᠨ ᠥᠷᠢᠰᠦᠯᠳᠦᠭᠡᠨ ᠳᠤ | ᠣᠷᠤᠯᠴᠠᠬᠤ ᠶᠢ ᠪᠠᠲᠤᠯᠠᠬᠤ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠳᠡᠯᠡᠬᠡᠢ ᠶᠢᠨ ᠲᠡᠷᠢᠭᠦᠨ ᠤ ᠡᠵᠡᠩᠨᠡᠯᠲᠡ ᠶᠢᠨ ᠣᠷᠴᠢᠨ | ᠲᠣᠭᠤᠷᠢᠨ ᠢ ᠪᠤᠢ ᠪᠤᠯᠭᠠᠵᠤ᠂ ᠡᠯ᠎ᠡ ᠲᠦᠷᠦᠯ ᠤᠨ ᠡᠵᠡᠩᠨᠡᠯᠲᠡ ᠶᠢᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠤᠯᠤᠰ ᠤᠨ | ᠳᠣᠲᠣᠭᠠᠳᠤ ᠭᠠᠳᠠᠭᠠᠳᠤ ᠶᠢᠨ ᠳᠡᠭᠡᠳᠦ ᠲᠡᠰ ᠤᠨ ᠡᠬᠢ ᠪᠠᠶᠠᠯᠢᠭ ᠤᠨ ᠲᠠᠲᠠᠬᠤ ᠬᠦᠴᠦᠨ ᠢ ᠨᠡᠮᠡᠭᠳᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠠᠷᠠᠳ ᠤᠨ ᠬᠤᠳᠠ ᠶᠢᠨ ᠣᠶᠢᠯᠠᠭᠠᠭᠳᠠᠬᠤᠨ ᠢ ᠪᠦᠭᠦ ᠲᠠᠯ᠎ᠠ ᠪᠠᠷ ᠦᠢᠯᠡᠳᠦᠯᠭᠡᠵᠢᠭᠦᠯᠵᠦ᠂ ᠨᠠᠮ ᠤᠨ ᠤᠳᠤᠷᠢᠳᠤᠯᠭ᠎ᠠ ᠪᠣᠯᠣᠨ | ᠨᠡᠶᠢᠭᠡᠮ ᠵᠢᠷᠤᠮᠲᠤ ᠪᠠᠶᠢᠭᠤᠯᠤᠯ ᠤᠨ ᠢᠯᠡᠳᠲᠡ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠠᠷᠠᠳ ᠤᠯᠠᠨ ᠤ ᠢᠳᠡᠪᠬᠢᠵᠢᠯ ᠰᠠᠨᠠᠭᠠᠴᠢᠯᠠᠭᠠᠲᠤ ᠴᠢᠨᠠᠷ | ᠪᠦᠲᠦᠭᠡᠯᠴᠢ ᠴᠢᠨᠠᠷ ᠢ ᠭᠦᠢᠴᠡᠳ ᠲᠠᠶᠢᠴᠢᠯᠠᠵᠤ᠂ ᠬᠤᠳᠠ ᠶᠢᠨ ᠲᠥᠯᠦᠪᠵᠢᠭᠦᠯᠭᠡ ᠪᠣᠯᠣᠨ ᠬᠡᠷᠡᠭᠵᠢᠭᠦᠯᠦᠯᠲᠡ ᠶᠢᠨ ᠲᠠᠯ᠎ᠠ ᠪᠠᠷ ᠵᠢᠷᠤᠭ ᠲᠥᠰᠥᠪ ᠢ | ᠡᠴᠦᠰ ᠲᠤᠨᠢ ᠲᠤᠯᠲᠠᠯ᠎ᠠ ᠵᠢᠷᠤᠭᠯᠠᠬᠤ ᠶᠢ ᠪᠠᠷᠢᠮᠲᠠᠯᠠᠵᠤ᠂ ᠬᠤᠳᠠ ᠶᠢᠨ ᠲᠣᠭᠠᠴᠢᠯᠠᠯᠳᠠ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠵᠦ᠂ | ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠭᠦ ᠲᠠᠯ᠎ᠠ ᠪᠠᠷ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠢᠳᠡᠪᠬᠢᠲᠡᠢ ᠠᠬᠢᠭᠤᠯᠵᠤ᠂ | ᠤᠶᠠᠨ ᠬᠠᠳᠠᠨ ᠴᠢᠨᠠᠷᠲᠠᠢ ᠠᠮᠤᠷ ᠲᠦᠪᠰᠢᠨ ᠬᠤᠳᠠ ᠶᠢᠨ ᠪᠦᠲᠦᠭᠡᠨ ᠪᠠᠶᠢᠭᠤᠯᠤᠯᠲᠠ ᠶᠢ ᠪᠦᠭᠦ ᠲᠠᠯ᠎ᠠ ᠪᠠᠷ ᠠᠬᠢᠭᠤᠯᠵᠤ᠂ ᠳᠤᠮᠳᠠᠳᠤ ᠤᠯᠤᠰ ᠤᠨ | ᠣᠨᠴᠠᠯᠢᠭ ᠲᠠᠢ ᠭᠡᠳᠦ ᠶᠡᠭᠡ ᠬᠤᠳᠠ ᠶᠢᠨ ᠵᠠᠰᠠᠯᠲᠠ ᠶᠢᠨ ᠣᠳᠣᠬᠢᠴᠢᠯᠠᠯᠲᠠ ᠶᠢᠨ ᠰᠢᠨ᠎ᠡ ᠵᠠᠮ ᠢᠶᠠᠷ ᠴᠢᠷᠮᠠᠶᠢᠨ ᠵᠠᠮᠨᠠᠬᠤ ᠬᠡᠷᠡᠭᠲᠡᠢ᠃ ᠠᠷᠠᠳ ᠤᠨ | ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠬᠦ ᠶᠢ ᠬᠤᠳᠠ ᠶᠢᠨ ᠪᠦᠲᠦᠭᠡᠨ ᠪᠠᠶᠢᠭᠤᠯᠤᠯᠲᠠ ᠪᠠ ᠵᠠᠰᠠᠯᠲᠠ ᠶᠢᠨ ᠵᠣᠷᠢᠯᠲᠠ ᠪᠠ ᠲᠤᠰᠤᠯᠲᠠ ᠪᠤᠯᠭᠠᠵᠤ᠂ | ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠢ ᠬᠤᠳᠠ ᠶᠢᠨ ᠵᠠᠰᠠᠯᠲᠠ ᠶᠢᠨ ᠣᠳᠣᠬᠢᠴᠢᠯᠠᠯᠲᠠ ᠳᠤ ᠠᠭᠤᠰᠤᠯᠴᠠᠭᠤᠯᠵᠤ᠂ ᠬᠥᠮᠥᠨ ᠪᠦᠭᠦᠨ | ᠣᠷᠤᠯᠴᠠᠬᠤ᠂ ᠬᠥᠮᠥᠨ ᠪᠦᠭᠦᠨ ᠬᠠᠷᠢᠭᠤᠴᠠᠬᠤ᠂ ᠬᠥᠮᠥᠨ ᠪᠦᠭᠦᠨ ᠬᠤᠪᠢ ᠨᠡᠮᠡᠷᠢ ᠦᠵᠡᠭᠦᠯᠭᠦ᠂ ᠬᠥᠮᠥᠨ ᠪᠦᠭᠦᠨ ᠬᠠᠮᠲᠤ ᠪᠠᠷ ᠡᠳ᠋ᠯᠡᠬᠦ ᠬᠤᠳᠠ ᠶᠢᠨ | ᠵᠠᠰᠠᠯᠲᠠ ᠶᠢᠨ ᠬᠠᠮᠲᠤ ᠶᠢᠨ ᠴᠣᠭᠴᠠ ᠶᠢ ᠪᠠᠶᠢᠭᠤᠯᠵᠤ᠂ ᠤᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠣᠮᠧᠳ᠋ᠷ︾ ᠢ ᠨᠠᠪᠲᠠᠷᠡᠭᠦᠯᠵᠦ᠂ | ᠤᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠭᠰᠠᠨ ᠠᠰᠠᠭᠤᠳᠠᠯ ᠢ ᠨᠠᠷᠢᠨ ᠬᠢᠨᠠᠮᠠᠭᠠᠢ ᠰᠢᠢᠳᠪᠦᠷᠢᠯᠡᠵᠦ᠂ ᠰᠢᠨ᠎ᠡ ᠴᠠᠭ ᠦᠶ᠎ᠡ ᠶᠢᠨ | ︽ᠹᠧᠩᠴᠢᠶᠤᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ | ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠤ ᠰᠠᠭᠤᠷᠢ ᠶᠢ ᠪᠠᠲᠤ ᠴᠣᠭᠴᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠰᠣᠶᠣᠯ ᠤᠨ ᠦᠵᠡᠯ ᠰᠠᠨᠠᠭ᠎ᠠ ᠶᠢ | ᠲᠤᠭᠤᠰᠢᠯᠠᠭᠤᠯᠵᠤ᠂ ᠰᠣᠶᠣᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠣᠶᠣᠯ ᠤᠨ ᠰᠢᠨ᠎ᠡ ᠶᠢ ᠡᠭᠦᠳᠬᠦ ᠡᠭᠦᠳᠦᠨ ᠪᠦᠲᠦᠭᠡᠬᠦ | ᠠᠮᠢᠵᠢᠷᠠᠯ ᠤᠨ ᠬᠦᠴᠦᠨ ᠢ ᠬᠥᠭᠵᠢᠭᠡᠵᠦ᠂ ᠰᠣᠶᠣᠯ ᠤᠨ ᠵᠥᠭᠡᠯᠡᠨ ᠪᠣᠳᠠᠲᠤ ᠬᠦᠴᠦᠨ ᠢ ᠶᠡᠭᠡ ᠪᠠᠷ ᠳᠡᠭᠡᠭᠰᠢᠯᠡᠭᠦᠯᠭᠦ ᠬᠡᠷᠡᠭᠲᠡᠢ᠃ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠨᠢᠭᠡᠳᠦᠨ ᠰᠦᠭ ᠰᠦᠨᠡᠰᠦ ᠶᠢ ᠱᠤᠭᠤᠬᠤ ᠶᠢ ᠴᠥᠬᠦᠷᠡᠰᠢ | ᠦᠭᠡᠢ ᠪᠠᠷᠢᠮᠲᠠᠯᠠᠵᠤ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠥᠷᠭᠡᠨ ᠢᠶᠠᠷ ᠦᠢᠯᠡᠳᠦᠯᠭᠡᠵᠢᠭᠦᠯᠵᠦ᠂ ᠦᠵᠡᠯ ᠤᠬᠠᠮᠰᠠᠷ ᠤᠨ | ᠭᠡᠯᠪᠡᠷᠢ ᠶᠢᠨ ᠬᠦᠷᠢᠶᠡᠨ ᠳᠠᠬᠢ ᠮᠠᠷᠺᠰ ᠤᠨ ᠦᠵᠡᠯ ᠤᠨ ᠵᠢᠯᠤᠭᠤᠳᠬᠤ ᠪᠠᠶᠢᠷᠢ ᠰᠠᠭᠤᠷᠢ ᠶᠢ ᠪᠠᠬᠢᠵᠢᠭᠦᠯᠵᠦ᠂ ᠡᠯ᠎ᠡ ᠵᠦᠢᠯ ᠤᠨ ᠰᠣᠶᠣᠯ ᠤᠨ ᠰᠤᠯᠪᠢᠴᠠᠨ | ᠠᠭᠤᠰᠤᠯᠴᠠᠬᠤ ᠳᠤᠮᠳᠠ ᠭᠤᠣᠯ ᠦᠷᠳᠡᠭ᠂ ᠭᠤᠣᠯ ᠶᠠᠷᠢᠶ᠎ᠠ ᠬᠡᠯᠡᠯᠴᠡᠭᠡ᠂ ᠭᠤᠣᠯ ᠰᠣᠶᠣᠯ ᠢ ᠴᠢᠨᠠᠭᠰᠢᠳᠠ ᠪᠤᠵᠠᠭᠠᠶᠢᠷᠠᠭᠤᠯᠬᠤ ᠬᠡᠷᠡᠭᠲᠡᠢ᠃ ᠬᠤᠳᠠ ᠶᠢᠨ | ᠰᠣᠶᠣᠯ ᠢ ᠤᠯᠠᠮᠵᠢᠯᠠᠨ ᠵᠠᠯᠭᠠᠮᠵᠢᠯᠠᠬᠤ ᠶᠢ ᠴᠢᠬᠤᠯᠠᠴᠢᠯᠠᠵᠤ᠂ ᠲᠡᠦᠬᠡ ᠶᠢᠨ ᠳᠤᠷᠠᠰᠬᠠᠯᠲᠤ ᠵᠦᠢᠯᠡᠰ ᠪᠠ ᠰᠣᠶᠣᠯ ᠤᠨ ᠥᠪ ᠤᠨ ᠬᠠᠮᠠᠭᠠᠯᠠᠯᠲᠠ ᠶᠢ | ᠴᠢᠩᠭᠠᠳᠬᠠᠵᠤ᠂ ᠬᠤᠪᠢᠰᠬᠠᠯᠲᠤ ᠰᠣᠶᠣᠯ ᠢ ᠤᠯᠠᠮᠵᠢᠯᠠᠨ ᠪᠠᠳᠠᠷᠠᠭᠤᠯᠵᠤ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠭᠦᠨᠵᠡᠭᠡᠢ | ᠬᠡᠷᠡᠭᠵᠢᠭᠦᠯᠵᠦ᠂ ᠤᠯᠠᠨ ᠲᠦᠮᠡᠨᠴᠢ ᠴᠢᠨᠠᠷᠲᠠᠢ ᠤᠶᠤᠨ ᠤ ᠪᠣᠯᠪᠠᠰᠤᠨ ᠤ ᠡᠭᠦᠳᠦᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠰᠢᠨ᠎ᠡ ᠴᠠᠭ | ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ ᠥᠷᠭᠡᠳᠬᠡᠵᠦ᠂ ᠪᠢᠴᠢᠭ ᠤᠨ ᠰᠤᠷᠪᠤᠯᠵᠢᠲᠤ | ᠨᠡᠶᠢᠭᠡᠮ ᠤᠨ ᠪᠠᠶᠢᠭᠤᠯᠤᠯᠲᠠ ᠶᠢ ᠠᠬᠢᠭᠤᠯᠵᠤ᠂ ᠬᠤᠳᠠ ᠶᠢᠨ ᠠᠷᠠᠳ ᠤᠨ ᠪᠣᠯᠪᠠᠰᠤᠨ ᠤ ᠬᠡᠪ ᠴᠢᠨᠠᠷ ᠪᠠ ᠬᠤᠳᠠ ᠶᠢᠨ ᠪᠣᠯᠪᠠᠰᠤᠨ ᠤ ᠬᠡᠮᠵᠢᠶ᠎ᠡ ᠶᠢ ᠪᠦᠭᠦ | ᠲᠠᠯ᠎ᠠ ᠪᠠᠷ ᠳᠡᠭᠡᠭᠰᠢᠯᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠮᠥᠨ ᠴᠢᠨᠠᠷ ᠤᠨ | ᠱᠠᠭᠠᠷᠳᠠᠯᠭ᠎ᠠ ᠮᠥᠨ᠂ ᠪᠠᠰᠠ ᠴᠤ ᠦᠨᠳᠦᠰᠦᠨ ᠪᠠᠲᠤᠯᠠᠭ᠎ᠠ ᠮᠥᠨ᠃ ᠱᠠᠩᠬᠠᠢ ᠪᠣᠯ ᠮᠠᠨ ᠤ ᠨᠠᠮ ᠤᠨ ᠮᠡᠨᠳᠦᠯᠡᠭᠰᠡᠨ ᠭᠠᠵᠠᠷ ᠮᠥᠨ᠂ ᠠᠩᠬᠠᠳᠤᠭᠠᠷ ᠶᠡᠭᠡ | ᠬᠤᠷᠠᠯ ᠬᠤᠷᠠᠯᠳᠤᠭᠰᠠᠨ ᠭᠠᠵᠠᠷ ᠵᠡᠷᠭᠡ ᠬᠤᠪᠢᠰᠬᠠᠯᠲᠤ ᠡᠬᠢ ᠪᠠᠶᠠᠯᠢᠭ ᠢ ᠰᠠᠶᠢᠲᠤᠷ ᠠᠰᠢᠭᠯᠠᠵᠤ᠂ ᠨᠠᠮ ᠪᠠᠶᠢᠭᠤᠯᠤᠭᠰᠠᠨ ᠠᠭᠤᠤ ᠶᠡᠭᠡ ᠵᠣᠷᠢᠭ | ᠰᠠᠨᠠᠭ᠎ᠠ ᠶᠢ ᠪᠠᠳᠠᠷᠠᠭᠤᠯᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠨ ︽ᠭᠤᠷᠪᠠᠨ ᠡᠷᠬᠡᠪᠰᠢ︾ ᠶᠢ ᠪᠠᠲᠤ ᠴᠡᠭᠡᠵᠢᠯᠡᠬᠦ ᠶᠢ ᠬᠥᠮᠥᠵᠢᠭᠦᠯᠦᠨ | ᠵᠢᠯᠤᠭᠤᠳᠴᠤ᠂ ᠰᠢᠨ᠎ᠡ ᠠᠶᠠᠨ ᠳᠤ ᠵᠠᠮ ᠨᠡᠭᠡᠭᠡᠨ ᠰᠢᠨ᠎ᠡ ᠶᠢ ᠡᠭᠦᠳᠴᠦ᠂ ᠵᠣᠷᠢᠭ ᠬᠥᠪᠴᠢᠯᠡᠨ ᠤᠷᠤᠭᠰᠢᠯᠠᠵᠤ᠂ ᠦᠨᠡᠨ ᠬᠦ ᠠᠳᠬᠤᠨ ᠪᠣᠳᠠᠲᠠᠢ | ᠠᠵᠢᠯᠯᠠᠬᠤ ᠬᠡᠷᠡᠭᠲᠡᠢ᠃ ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠤᠭᠤᠮ ᠢ ᠲᠤᠭᠤᠰᠢᠯᠠᠭᠤᠯᠵᠤ᠂ ᠰᠢᠨ᠎ᠡ ᠴᠠᠭ ᠦᠶ᠎ᠡ ᠶᠢᠨ | ᠰᠠᠶᠢᠨ ᠺᠠᠳ᠋ᠷ ᠤᠨ ᠪᠠᠷᠢᠮᠵᠢᠶ᠎ᠠ ᠶᠢ ᠨᠠᠶᠢᠳᠠᠪᠤᠷᠢᠵᠢᠭᠤᠯᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠣᠯᠠᠨ ᠤᠯᠤᠰ ᠤᠨ ᠲᠣᠮᠣ ᠬᠤᠲᠠ ᠲᠠᠢ | ᠵᠣᠬᠢᠴᠠᠯᠳᠤᠭᠰᠠᠨ ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠺᠠᠳ᠋ᠷ ᠤᠨ ᠡᠩᠨᠡᠭᠡ ᠶᠢ ᠪᠠᠶᠢᠭᠤᠯᠬᠤ ᠬᠡᠷᠡᠭᠲᠡᠢ᠃ ᠭᠡᠲᠦ ᠶᠡᠭᠡ ᠬᠤᠲᠠ ᠶᠢᠨ | ᠣᠨᠴᠠᠯᠢᠭ ᠢ ᠡᠵᠡᠮᠳᠡᠵᠦ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠰᠡᠳᠬᠢᠴᠡ ᠪᠠ ᠵᠠᠭᠪᠤᠷ ᠤᠨ ᠰᠢᠨ᠎ᠡ ᠶᠢ ᠡᠭᠦᠳᠴᠦ᠂ | ᠨᠠᠮ ᠤᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠬᠦ ᠬᠡᠷᠡᠭᠲᠡᠢ᠃ ᠢᠯᠵᠠᠷᠠᠯ ᠢ ᠡᠷᠡᠰ ᠡᠰᠡᠷᠭᠦᠴᠡᠨ ᠵᠠᠯᠬᠠᠭᠠᠨ | ᠰᠢᠢᠳᠬᠡᠵᠦ᠂ ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠤ ᠪᠤᠯᠬᠤ ᠦᠭᠡᠢ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ ᠴᠣᠭᠴᠠᠵᠢᠭᠤᠯᠤᠨ | ᠠᠬᠢᠭᠤᠯᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢ ᠪᠠᠲᠤᠯᠠᠬᠤ ᠬᠡᠷᠡᠭᠲᠡᠢ᠃ ᠬᠤᠶᠠᠳᠤᠭᠠᠷ ᠪᠦᠯᠦᠭ ᠤᠨ ᠭᠤᠣᠯ | ᠰᠡᠳᠦᠪᠲᠦ ᠬᠥᠮᠦᠵᠢᠯ ᠰᠡᠭᠦᠯ ᠬᠤᠷᠢᠶᠠᠬᠤ ᠣᠶᠢᠷᠠᠲᠤᠯ᠎ᠠ᠂ ᠪᠠᠷᠢᠮᠵᠢᠶ᠎ᠠ ᠶᠢ ᠪᠠᠭᠤᠷᠠᠭᠤᠯᠬᠤ ᠦᠭᠡᠢ᠂ ᠡᠷᠴᠢ ᠵᠣᠷᠢᠭ ᠢᠶᠠᠨ ᠰᠤᠯᠠᠷᠠᠭᠤᠯᠬᠤ ᠦᠭᠡᠢ | ᠪᠠᠶᠢᠬᠤ ᠶᠢ ᠪᠠᠷᠢᠮᠲᠠᠯᠠᠵᠤ᠂ ᠭᠤᠣᠯ ᠰᠡᠳᠦᠪᠲᠦ ᠬᠥᠮᠦᠵᠢᠯ ᠢ ᠡᠯ᠎ᠡ ᠲᠠᠯ᠎ᠠ ᠶᠢᠨ ᠠᠵᠢᠯ ᠲᠠᠢ ᠤᠶᠠᠯᠳᠤᠭᠤᠯᠵᠤ᠂ ᠬᠤᠶᠠᠷ ᠲᠠᠯ᠎ᠠ ᠪᠠᠷ ᠠᠳᠬᠤᠵᠤ᠂ | ᠬᠤᠶᠠᠷ ᠢ ᠰᠠᠭᠠᠲᠠᠭᠠᠬᠤ ᠦᠭᠡᠢ᠂ ᠬᠤᠶᠠᠷ ᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | 12 ᠰᠠᠷ᠎ᠠ ᠶᠢᠨ 3 ᠤ ᠦᠳᠡ ᠶᠢᠨ ᠡᠮᠦᠨ᠎ᠡ᠂ ᠪᠡᠭᠡᠵᠢᠩ ᠳᠤ ᠪᠤᠴᠠᠬᠤ ᠵᠠᠮ ᠵᠠᠭᠤᠷ᠎ᠠ ᠪᠠᠨ᠂ ᠰᠢ ᠶᠢᠨ ᠫᠢᠩ ᠵᠢᠶᠠᠩᠰᠤ ᠮᠤᠵᠢ ᠶᠢᠨ ᠨᠠᠮ ᠤᠨ | ᠬᠤᠷᠢᠶ᠎ᠠ ᠶᠢᠨ ᠱᠦᠵᠢ ᠰᠢᠨ ᠴᠠᠩ ᠰᠢᠩ ᠪᠣᠯᠣᠨ ᠮᠤᠵᠢ ᠶᠢᠨ ᠳᠠᠷᠤᠭ᠎ᠠ ᠰᠢᠦᠢ ᠺᠦᠨ ᠯᠢᠨ ᠤ ᠪᠠᠷ᠎ᠠ ᠪᠤᠯᠤᠯᠭ᠎ᠠ ᠲᠠᠢ ᠪᠠᠷ᠂ ᠶᠠᠨᠴᠧᠩ ᠬᠤᠳᠠ ᠳᠤ | ᠬᠦᠷᠴᠦ ᠰᠢᠨ᠎ᠡ ᠳᠥᠷᠪᠡᠳᠦᠭᠡᠷ ᠠᠷᠮᠢ ᠶᠢᠨ ᠳᠤᠷᠠᠰᠬᠠᠯ ᠤᠨ ᠣᠷᠳᠣᠨ ᠢᠶᠠᠷ ᠲᠣᠭᠤᠷᠢᠨ ᠦᠵᠡᠪᠡ᠃ ᠦᠵᠡᠭᠦᠯᠭᠡ ᠶᠢᠨ ᠲᠢᠩᠬᠢᠮ ᠳᠤ ᠠᠯᠢ ᠤᠯᠠᠨ ᠭᠡᠷᠡᠯ | ᠵᠢᠷᠤᠭ᠂ ᠲᠡᠦᠬᠡ ᠶᠢᠨ ᠮᠠᠲ᠋ᠧᠷᠢᠶᠠᠯ᠂ ᠲᠡᠦᠬᠡ ᠶᠢᠨ ᠳᠤᠷᠠᠰᠬᠠᠯᠲᠤ ᠵᠦᠢᠯᠡᠰ᠂ ᠳᠠᠭᠤᠷᠢᠶᠠᠮᠠᠯ ᠪᠣᠳᠠᠲᠤ ᠦᠵᠡᠭᠳᠡᠯ ᠨᠢ ᠰᠢᠨ᠎ᠡ ᠳᠥᠷᠪᠡᠳᠦᠭᠡᠷ ᠠᠷᠮᠢ ᠶᠢ | ᠳᠠᠭᠢᠨ ᠠᠮᠢᠯᠠᠭᠤᠯᠵᠤ᠂ ᠴᠢᠰᠤ ᠪᠠᠨ ᠤᠷᠤᠰᠬᠠᠨ ᠲᠡᠮᠡᠴᠡᠭᠰᠡᠨ ᠭᠡᠷᠡᠯ ᠰᠠᠴᠤᠷᠠᠩᠭᠤᠢ ᠲᠡᠦᠬᠡ ᠶᠢ ᠨᠢ ᠪᠦᠷᠢᠨ ᠭᠦᠢᠴᠡᠳ ᠢᠯᠡᠷᠡᠭᠦᠯᠪᠡ᠃ ᠰᠢ ᠶᠢᠨ ᠫᠢᠩ | ᠪᠠᠶᠢᠨ ᠪᠠᠶᠢᠨ ᠵᠣᠭᠰᠣᠨ ᠪᠠᠶᠢᠴᠠᠭᠠᠨ ᠦᠵᠡᠵᠦ᠂ ᠤᠯᠠᠨ ᠲᠠᠢ ᠰᠠᠨᠠᠯ ᠢᠶᠠᠨ ᠰᠣᠯᠢᠯᠴᠠᠪᠠ᠃ ᠲᠡᠷᠡ᠂ ᠠᠷᠠᠳ ᠤᠨ ᠰᠡᠳᠬᠢᠯ ᠤᠨ ᠬᠠᠨᠳᠤᠰᠢ ᠲᠡᠦᠬᠡ ᠶᠢᠨ | ᠰᠣᠩᠭᠤᠯᠲᠠ ᠶᠢ ᠲᠣᠭᠲᠠᠭᠠᠵᠤ ᠪᠠᠶᠢᠳᠠᠭ᠂ ᠲᠦᠷᠦ ᠭᠦᠷᠦᠨ ᠪᠣᠯ ᠠᠷᠠᠳ ᠲᠦᠮᠡᠨ ᠮᠥᠨ᠂ ᠠᠷᠠᠳ ᠲᠦᠮᠡᠨ ᠪᠣᠯ ᠲᠦᠷᠦ ᠭᠦᠷᠦᠨ ᠮᠥᠨ ᠭᠡᠳᠡᠭ ᠢ | ᠰᠢᠨ᠎ᠡ ᠳᠥᠷᠪᠡᠳᠦᠭᠡᠷ ᠠᠷᠮᠢ ᠶᠢᠨ ᠲᠡᠦᠬᠡ ᠭᠦᠢᠴᠡᠳ ᠲᠣᠳᠣᠷᠬᠠᠶᠢᠯᠠᠵᠠᠢ᠃ ᠡᠨᠡ ᠪᠣᠯ ᠬᠤᠪᠢᠰᠬᠠᠯᠲᠤ ᠤᠯᠠᠮᠵᠢᠯᠠᠯ ᠤᠨ ᠬᠥᠮᠦᠵᠢᠯ ᠢ ᠥᠷᠨᠢᠭᠦᠯᠬᠦ᠂ | ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠢ ᠥᠷᠨᠢᠭᠦᠯᠬᠦ ᠠᠮᠢᠳᠤᠯᠢᠭ ᠵᠢᠭᠠᠬᠤ ᠮᠠᠲ᠋ᠧᠷᠢᠶᠠᠯ ᠮᠥᠨ᠂ ᠡᠨᠡ ᠬᠦ ᠵᠢᠭᠠᠬᠤ ᠮᠠᠲ᠋ᠧᠷᠢᠶᠠᠯ ᠢ ᠰᠠᠶᠢᠲᠤᠷ | ᠬᠡᠷᠡᠭᠯᠡᠵᠦ᠂ ᠨᠠᠮ ᠤᠨ ᠭᠡᠰᠢᠭᠦᠨ ᠺᠠᠳ᠋ᠷ ᠢ ᠬᠥᠮᠥᠵᠢᠭᠦᠯᠦᠨ ᠵᠢᠯᠤᠭᠤᠳᠴᠤ ᠪᠠᠶᠢᠭᠠᠳ ᠬᠦᠴᠢᠷ ᠪᠡᠷᠬᠡᠰᠢᠶᠡᠯ ᠠᠴᠠ ᠠᠶᠤᠬᠤ ᠦᠭᠡᠢ᠂ ᠠᠶᠤᠯ | ᠲᠦᠭᠰᠢᠭᠦᠷᠢ ᠠᠴᠠ ᠠᠶᠤᠬᠤ ᠦᠭᠡᠢ᠂ ᠵᠣᠷᠢᠭᠲᠠᠢ ᠪᠠᠷ ᠲᠡᠮᠡᠴᠡᠯ ᠬᠢᠵᠦ ᠵᠣᠷᠢᠭᠲᠠᠢ ᠪᠠᠷ ᠢᠯᠠᠯᠲᠠ ᠣᠯᠬᠤ ᠵᠣᠷᠢᠭ ᠰᠠᠨᠠᠭ᠎ᠠ ᠶᠢ ᠤᠯᠠᠮᠵᠢᠯᠠᠨ ᠪᠠᠳᠠᠷᠠᠭᠤᠯᠵᠤ | ᠂ ᠠᠷᠠᠳ ᠲᠦᠮᠡᠨ ᠳᠤ ᠨᠢᠭᠲᠠ ᠲᠦᠰᠢᠭᠯᠡᠨ᠂ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ | ᠮᠠᠨᠳᠤᠯᠳᠠ ᠶᠢᠨ ᠠᠭᠤᠤ ᠦᠢᠯᠡᠰ ᠢ ᠲᠠᠰᠤᠷᠠᠯᠳᠠ ᠦᠭᠡᠢ ᠤᠷᠤᠭᠰᠢᠯᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠥᠪ ᠤᠨ ᠠᠯᠪᠠᠨ ᠲᠢᠩᠬᠢᠮ ᠤᠨ ᠡᠷᠭᠢᠯᠡᠭᠴᠢ | ᠼᠠᠢ ᠴᠢ ᠪᠠᠷ᠎ᠠ ᠪᠣᠯᠵᠤ ᠰᠢᠨᠵᠢᠯᠡᠨ ᠪᠠᠶᠢᠴᠠᠭᠠᠪᠠ᠃ | ᠯᠢ ᠭᠠᠨ ᠵᠢᠶᠧ᠂ ᠾᠧ ᠯᠢ ᠹᠧᠩ ᠵᠢᠴᠢ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠨᠥᠬᠦᠳ ᠪᠠᠷ᠎ᠠ ᠪᠣᠯᠵᠤ ᠳᠡᠭᠡᠷ᠎ᠡ ᠳᠤᠷᠠᠳᠤᠭᠰᠠᠨ ᠬᠤᠯᠪᠣᠭᠳᠠᠯ ᠪᠦᠬᠦᠢ ᠠᠵᠢᠯᠯᠠᠭ᠎ᠠ ᠳᠤ ᠲᠤᠰ ᠲᠤᠰ ᠣᠷᠣᠯᠴᠠᠵᠤ᠂ ᠭᠤᠣᠯ | ᠰᠡᠳᠦᠪᠲᠦ ᠬᠥᠮᠦᠵᠢᠯ ᠤᠨ ᠲᠥᠪ ᠤᠨ ᠲᠠᠪᠤᠳᠤᠭᠠᠷ ᠲᠣᠭᠤᠷᠢᠨ ᠵᠢᠯᠤᠭᠤᠳᠬᠤ ᠳᠤᠭᠤᠶᠢᠯᠠᠩ ᠤᠨ ᠬᠠᠷᠢᠭᠤᠴᠠᠯᠭᠠᠲᠠᠨ ᠬᠠᠷᠢᠭᠤ ᠮᠡᠳᠡᠭᠦᠯᠦᠯᠲᠡ ᠶᠢᠨ | ᠬᠤᠷᠠᠯ ᠳᠤ ᠣᠷᠣᠯᠴᠠᠵᠠᠢ᠃ | |