ᠰᠠᠭᠠᠳᠠᠭ ᠰᠣᠮᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ᠄ ᠲᠦᠯᠦᠭᠡᠯᠡᠭᠴᠢ ᠶᠢᠨ ᠦᠢᠯᠡᠳᠦᠯ ᠢ ᠬᠦᠢᠴᠡᠳ ᠪᠠᠷᠠᠳᠠᠭᠤᠯᠣᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2023/12/5
   ᠰᠠᠭᠠᠳᠠᠭ ᠰᠤᠮᠤ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢᠳ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ  ᠪᠠᠷᠢᠮᠲᠠᠯᠠᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ  ᠪᠠᠷ  ᠲᠣᠭᠤᠰᠢᠠᠯᠭᠤᠯᠤᠨ ᠨᠠᠶᠢᠳᠠᠪᠤᠷᠢᠵᠢᠭᠤᠯᠵᠤ᠂ ᠲᠣᠰᠬᠤᠨ ᠳᠤ ᠰᠠᠭᠤᠬᠤ ᠠᠵᠢᠯᠯᠠᠬᠤ ᠠᠩᠭᠢ ᠪᠠ ᠭᠠᠴᠠᠭᠠᠨ ᠤ ︽ᠬᠤᠶᠠᠷ ᠵᠥᠪᠯᠡᠯ︾ ᠤᠨ ᠪᠠᠭ ᠢ ᠢᠳᠡᠪᠬᠢᠲᠡᠢ ᠪᠠᠷ ᠬᠠᠪᠰᠤᠷᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠠᠵᠢᠯ ᠢ ᠰᠠᠶᠢᠲᠤᠷ ᠬᠢᠵᠦ᠂ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ᠂ ᠴᠢᠳᠠᠪᠤᠷᠢᠲᠠᠨ ᠢ ᠬᠥᠭᠵᠢᠭᠦᠯᠦᠨ ᠮᠠᠨᠳᠤᠭᠤᠯᠬᠤ᠂ ᠰᠣᠶᠣᠯ ᠢ ᠬᠥᠭᠵᠢᠭᠦᠯᠦᠨ ᠮᠠᠨᠳᠤᠭᠤᠯᠬᠤ᠂ ᠠᠮᠢ ᠠᠬᠤᠢ ᠶᠢ ᠬᠥᠭᠵᠢᠭᠦᠯᠦᠨ ᠮᠠᠨᠳᠤᠭᠤᠯᠬᠤ᠂ ᠵᠣᠬᠢᠶᠠᠨ ᠪᠠᠶᠢᠭᠤᠯᠤᠯᠲᠠ ᠶᠢ ᠬᠥᠭᠵᠢᠭᠦᠯᠦᠨ ᠮᠠᠨᠳᠤᠭᠤᠯᠬᠤ ᠵᠡᠷᠭᠡ ᠲᠠᠯ᠎ᠠ ᠶᠢᠨ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠡᠯ᠎ᠡ ᠵᠦᠢᠯ ᠤᠨ ᠡᠷᠬᠡ ᠲᠤᠰᠢᠶᠠᠯ ᠢᠶᠠᠨ ᠬᠠᠤᠯᠢ ᠶᠣᠰᠣᠭᠠᠷ  ᠬᠡᠷᠡᠭᠵᠢᠬᠦᠯᠦᠨ᠂ ᠲᠥᠯᠥᠭᠡᠯᠡᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠲᠣᠰ ᠪᠡᠶ᠎ᠡ ᠶᠢᠨ ᠪᠠᠶᠢᠭᠤᠯᠤᠯᠲᠠ ᠪᠠᠨ ᠦᠨᠡᠨᠬᠦ ᠴᠢᠩᠭᠠᠳᠬᠠᠵᠤ᠂ ᠰᠤᠮᠤ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠳᠤ ᠲᠠᠰᠤᠷᠠᠯᠲᠠ ᠦᠭᠡᠢ ᠰᠢᠨ᠎ᠡ ᠠᠬᠢᠴᠠ ᠲᠠᠢ ᠪᠣᠯᠭᠠᠨ᠂ ᠰᠢᠨ᠎ᠡ ᠠᠮᠵᠢᠯᠲᠠ ᠪᠦᠲᠦᠮᠵᠢ ᠭᠠᠷᠭᠠᠬᠤ ᠶᠢ  ᠠᠬᠢᠭᠤᠯᠪᠠ᠃     ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢ ᠤᠯᠠᠮ ᠨᠢᠭᠡ ᠠᠯᠬᠤᠮ ᠴᠢᠩᠭᠠᠳᠬᠠᠵᠤ᠂ ᠲᠥᠯᠥᠭᠡᠯᠡᠭᠴᠢᠳ ᠤᠨ ᠠᠷᠠᠳ ᠲᠦᠮᠡᠨ ᠤ ᠳᠤᠮᠳᠠ ᠠᠴᠠ ᠢᠷᠡᠬᠦ᠂ ᠠᠷᠠᠳ ᠲᠦᠮᠡᠨ ᠤ ᠳᠤᠮᠳᠠ ᠦᠨᠳᠦᠰᠦᠯᠡᠬᠦ ᠣᠨᠴᠠᠯᠢᠭ ᠪᠠ ᠳᠠᠪᠠᠭᠤᠯᠢᠭ ᠢ ᠪᠠᠳᠠᠷᠠᠭᠤᠯᠬᠤ ᠶᠢᠨ ᠲᠥᠯᠥᠭᠡ᠂ 2023 ᠣᠨ ᠠᠴᠠ ᠨᠠᠰᠢ᠂ ᠲᠣᠰ ᠰᠣᠮᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠢ ᠢᠳᠡᠪᠬᠢᠲᠡᠢ ᠪᠠᠷ ᠵᠣᠬᠢᠶᠠᠨ ᠪᠠᠶᠢᠭᠤᠯᠵᠤ᠂ 4 ᠭᠠᠴᠠᠭᠠᠨ ᠤ ᠮᠠᠯᠴᠢᠳ ᠤᠨ ᠭᠡᠷ ᠲᠤ ᠭᠦᠨᠵᠡᠭᠡᠶᠢᠷᠡᠨ ᠲᠡᠳᠡᠨ ᠤ ᠡᠳᠦᠷ ᠲᠣᠲᠣᠮ ᠤᠨ ᠠᠮᠢᠳᠣᠷᠠᠯ ᠠᠬᠤᠢ ᠶᠢᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠣ ᠬᠦᠴᠢᠷᠳᠡᠯ᠂ ᠬᠦᠰᠡᠯ ᠡᠷᠡᠮᠡᠯᠵᠡᠯ ᠢ ᠳᠡᠭᠡᠳᠦ ᠱᠠᠲᠤᠨ ᠤ  ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠴᠠᠭ ᠲᠤᠬᠠᠢ ᠳᠤᠨᠢ ᠬᠠᠷᠢᠭᠤ ᠲᠤᠰᠬᠠᠪᠠ᠃ ᠡᠭᠦᠨ ᠤ ᠬᠠᠮᠲᠤ᠂ ᠲᠥᠯᠥᠭᠡᠯᠡᠭᠴᠢᠳ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠵᠤ ᠦᠢᠯᠡᠰ ᠢ ᠬᠥᠭᠵᠢᠭᠦᠯᠬᠦ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ ᠣᠯᠠᠨ ᠲᠦᠮᠡᠨ ᠤ ᠰᠠᠨᠠᠯ ᠰᠠᠨᠠᠭᠤᠯᠭ᠎ᠠ ᠶᠢ ᠭᠦᠢᠴᠡᠳ ᠬᠤᠷᠢᠶᠠᠵᠤ᠂ ᠠᠷᠠᠳ ᠣᠯᠠᠨ ᠤ ᠰᠢᠨ᠎ᠡ ᠱᠠᠭᠠᠷᠳᠠᠯᠭ᠎ᠠ ᠪᠠ ᠰᠢᠨ᠎ᠡ ᠬᠦᠰᠡᠯ ᠡᠷᠡᠮᠡᠯᠵᠡᠯ ᠢ ᠡᠵᠡᠮᠳᠡᠨ᠂ ᠰᠤᠮᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠦᠨᠳᠦᠰᠦᠯᠡᠯ ᠬᠠᠩᠭᠠᠪᠠ᠃      ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠶᠢᠨ ᠪᠣᠳᠠᠲᠤ ᠦᠷ᠎ᠡ ᠪᠦᠲᠦᠮᠵᠢ ᠶᠢ ᠴᠢᠩᠭᠠᠳᠬᠠᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠴᠢᠨᠠᠷ ᠰᠠᠶᠢᠲᠠᠶ ᠠᠬᠢᠭᠤᠯᠬᠤ ᠶᠢ ᠪᠠᠲᠤᠯᠠᠬᠤ ᠶᠢᠨ ᠲᠥᠯᠥᠭᠡ ᠂  ᠲᠣᠰ ᠰᠤᠮᠤᠨ ᠤ ᠠᠷᠠᠳ ᠤᠨ ᠲᠥᠯᠥᠭᠡᠯᠡᠭᠴᠢᠳ ᠲᠥᠷᠥᠯ  ᠵᠦᠢᠯ ᠤᠨ ᠠᠬᠢᠴᠠ ᠶᠢ ᠮᠥᠷᠳᠡᠨ ᠡᠵᠡᠮᠰᠢᠵᠦ᠂ ᠬᠦᠴᠢᠷ ᠪᠡᠷᠬᠡᠰᠢᠶᠡᠯ ᠲᠠᠢ᠂ ᠠᠬᠢᠯᠲᠠ ᠪᠠᠷ ᠤᠳᠠᠭᠠᠨ ᠲᠥᠷᠥᠯ ᠵᠦᠢᠯ ᠢ ᠴᠡᠭᠴᠡᠯᠡᠨ ᠰᠠᠶᠢᠵᠢᠷᠠᠭᠤᠯᠬᠤ ᠰᠠᠨᠠᠭᠤᠯᠭ᠎ᠠ ᠶᠢ ᠢᠳᠡᠪᠬᠢᠲᠡᠶ ᠳᠤᠷᠠᠳᠴᠤ᠂ ᠡᠯ᠎ᠡ ᠭᠤᠭᠴᠤᠭ᠎ᠠ ᠶᠢ ᠬᠤᠯᠪᠣᠯᠳᠤᠭᠤᠯᠬᠤ ᠶᠢ ᠪᠠᠲᠣᠯᠠᠨ᠂ ᠰᠤᠮᠤᠨ ᠤ ᠡᠯ᠎ᠡ ᠲᠦᠷᠦᠯ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠲᠠᠰᠤᠷᠠᠯᠲᠠ ᠥᠬᠡᠶ ᠨᠠᠶᠢᠳᠠᠪᠤᠷᠢᠵᠢᠭᠤᠯᠵᠤ᠂ ᠮᠠᠯᠴᠢᠨ ᠲᠦᠮᠡᠨ ᠤ ᠠᠮᠢᠳᠤᠷᠠᠯ ᠤᠨ ᠬᠢᠷᠢ ᠲᠦᠪᠰᠢᠨ ᠪᠠ ᠵᠣᠯ ᠵᠢᠷᠭᠠᠯ ᠤᠨ ᠵᠢᠭᠠᠯᠲᠠ ᠲᠤᠭ᠎ᠠ ᠶᠢ ᠲᠠᠰᠤᠷᠠᠯᠲᠠ ᠥᠬᠡᠶ ᠳᠡᠭᠡᠭᠰᠢᠯᠡᠭᠦᠯᠪᠡ᠃      ᠲᠣᠰ ᠰᠣᠮᠣ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠶ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠦᠷᠭᠦᠯᠵᠢᠯᠡᠨ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠨ᠂ ᠲᠥᠯᠥᠭᠡᠯᠡᠭᠴᠢᠳ ᠤᠨ ᠨᠠᠮ ᠪᠠ ᠵᠠᠰᠠᠭ ᠤᠨ ᠣᠷᠳᠣᠨ ᠤ ᠠᠷᠠᠳ ᠣᠯᠠᠨ ᠲᠠᠢ ᠬᠠᠷᠢᠯᠴᠠᠬᠤ ᠬᠥᠭᠦᠷᠭᠡ ᠪᠠ ᠬᠤᠯᠪᠣᠭᠠᠰᠤ ᠶᠢᠨ  ᠦᠢᠯᠡᠳᠦᠯ ᠢ ᠬᠦᠢᠴᠡᠳ ᠪᠠᠳᠠᠷᠠᠭᠤᠯᠬᠤ ᠶᠢᠨ ᠲᠥᠯᠥᠭᠡ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠢ ᠵᠣᠬᠢᠶᠠᠨ ᠪᠠᠶᠢᠭᠤᠯᠤᠨ ᠡᠭᠦᠷᠭᠡ ᠲᠤᠰᠢᠶᠠᠯ ᠢᠶᠠᠨ ᠬᠦᠢᠴᠡᠳᠭᠡᠭᠦ  ᠪᠣᠯᠪᠠᠰᠣᠷᠠᠯ ᠤᠨ ᠠᠵᠢᠯᠯᠠᠭ᠎ᠠ ᠥᠷᠨᠢᠭᠦᠯᠪᠡ᠃  ᠡᠬᠦᠨ ᠠᠴᠠ ᠬᠤᠶᠢᠰᠢ  ᠰᠠᠭᠠᠳᠠᠭ ᠰᠤᠮᠤ ᠠᠴᠠ ᠦᠷᠭᠦᠯᠵᠢᠯᠡᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠵᠢᠱᠢᠶᠡᠴᠢ ᠳᠠᠭᠠᠭᠤᠯᠬᠤ ᠦᠢᠯᠡᠳᠦᠯ ᠢᠶᠠᠨ ᠦᠷᠭᠦᠯᠵᠢᠯᠡᠨ ᠢᠳᠡᠪᠬᠢᠲᠡᠢ ᠪᠠᠳᠠᠷᠠᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠠᠭᠤᠨ ᠢ ᠰᠠᠶᠢᠲᠤᠷ ᠳᠠᠮᠵᠢᠭᠤᠯᠵᠤ᠂ ᠡᠯ᠎ᠡ ᠲᠠᠯ᠎ᠠ ᠶᠢᠨ ᠣᠶᠤᠨ ᠤᠬᠠᠭᠠᠨ ᠪᠠ ᠬᠦᠴᠦᠨ ᠴᠢᠳᠠᠯ ᠢ ᠨᠠᠮ ᠪᠠ ᠠᠷᠠᠳ ᠲᠦᠮᠡᠨ ᠤ ᠦᠢᠯᠡᠰ ᠲᠤ ᠨᠢᠭᠲᠠᠷᠠᠭᠤᠯᠵᠤ᠂ ᠣᠷᠭᠢᠯᠤᠮ᠎ᠠ ᠬᠠᠯᠠᠭᠤᠨ ᠰᠡᠳᠬᠢᠯᠭᠡ ᠪᠠᠷ ᠲᠥᠯᠥᠭᠡᠯᠡᠭᠴᠢᠳ ᠤᠨ ᠠᠵᠢᠯ ᠢ ᠰᠠᠶᠢᠲᠤᠷ ᠬᠢᠵᠦ᠂ ᠰᠤᠮᠤᠨ ᠤ ᠴᠢᠨᠠᠷ ᠰᠠᠶᠢᠲᠠᠢ ᠬᠥᠭᠵᠢᠯᠲᠡ ᠳᠤ ᠨᠠᠩ ᠶᠡᠭᠡ ᠬᠤᠪᠢ ᠨᠡᠮᠡᠷᠢ ᠦᠵᠡᠭᠦᠯᠦᠨ᠎ᠡ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ