ᠶᠡᠭᠡ ᠰᠢᠭᠡᠲᠡᠢ ᠪᠠᠯᠭᠠᠰᠣᠨ ᠤ ᠠᠷᠠᠳ ᠤᠨ ᠡᠶᠡᠳᠡᠭᠦᠯᠦᠭᠴᠢ ᠶᠣᠣ ᠵᠢᠶᠣᠣ ᠴᠢ
ᠨᠡᠶᠢᠲᠡᠯᠡᠭᠰᠡᠨ ᠴᠠᠭ᠄
2023/12/5
     ᠣᠶᠢᠷ᠎ᠠ ᠳᠤ ᠰᠣᠷᠪᠣᠯᠵᠢᠯᠠᠭᠴᠢ ᠤᠷᠠᠳ ᠤᠨ ᠡᠮᠦᠨᠡᠲᠦ ᠬᠤᠰᠢᠭᠤᠨ ᠤ ᠶᠡᠭᠡ ᠰᠢᠭᠡᠲᠡᠢ ᠪᠠᠯᠭᠠᠰᠤᠨ ᠤ ᠵᠠᠰᠠᠭ ᠤᠨ ᠣᠷᠳᠣᠨ ᠤ ᠠᠬᠠᠮᠠᠳ ᠨᠠᠮ ᠤᠨ ᠡᠭᠦᠷ ᠤᠨ ᠱᠦᠵᠢ ᠶᠢᠨ ᠵᠠᠬᠢᠳᠠᠯ ᠰᠤᠷᠪᠤᠯᠵᠢᠯᠠᠭ᠎ᠠ ᠶᠢ ᠡᠶᠡᠳᠡᠭᠦᠯᠬᠦ ᠲᠥᠪ ᠲᠤ ᠬᠦᠷᠬᠦ ᠳᠤ᠂ ᠡᠨᠡ ᠵᠢᠯ 74 ᠨᠠᠰᠤᠲᠠᠢ ᠡᠶᠡᠳᠡᠭᠦᠯᠦᠭᠴᠢ ᠶᠣᠣ ᠵᠢᠶᠣᠣ ᠴᠢ ᠡᠶᠡᠳᠡᠭᠦᠯᠬᠦ ᠠᠵᠢᠯ ᠳᠤ ᠪᠠᠨ ᠶᠠᠭᠠᠷᠠᠵᠤ ᠪᠠᠶᠢᠬᠤ ᠶᠢ ᠣᠯᠵᠣ ᠬᠠᠷᠠᠯ᠎ᠠ᠃    2021 ᠣᠨ ᠤ 7 ᠰᠠᠷ᠎ᠠ ᠳᠤ᠂ ᠶᠡᠭᠡ ᠰᠢᠭᠡᠲᠡᠢ ᠪᠠᠯᠭᠠᠰᠤᠨ ᠤ ᠠᠬᠠᠮᠠᠳ ᠨᠠᠮ ᠤᠨ ᠡᠭᠦᠷ ᠤᠨ ᠱᠦᠵᠢ ᠶᠢᠨ ᠵᠠᠬᠢᠳᠠᠯ ᠰᠣᠷᠪᠤᠯᠵᠢᠯᠠᠭ᠎ᠠ ᠶᠢᠨ ᠡᠶᠡᠳᠡᠭᠦᠯᠬᠦ ᠲᠥᠪ ᠪᠠᠶᠢᠭᠤᠯᠤᠭᠳᠠᠭᠰᠠᠨ ᠤ ᠳᠠᠷᠠᠭ᠎ᠠ᠂ ᠠᠵᠢᠯ ᠠᠴᠠ ᠪᠠᠨ ᠠᠮᠠᠷᠠᠭᠰᠠᠨ ᠨᠠᠮ ᠤᠨ ᠡᠭᠦᠷ ᠤᠨ ᠱᠦᠵᠢ ᠶᠣᠣ ᠵᠢᠶᠣᠣ ᠴᠢ  ᠲᠣᠰ ᠪᠠᠯᠭᠠᠰᠤᠨ ᠤ ᠠᠷᠠᠳ ᠤᠨ ᠡᠶᠡᠳᠡᠭᠦᠯᠬᠦ ᠺᠣᠮᠢᠰ ᠤᠨ ᠭᠡᠰᠢᠭᠦᠨ ᠢᠶᠠᠷ ᠤᠷᠢᠭᠳᠠᠪᠠ᠃ 26 ᠵᠢᠯ ᠤᠨ ᠨᠠᠮ ᠤᠨ ᠡᠭᠦᠷ ᠤᠨ ᠱᠦᠵᠢ ᠶᠢᠨ ᠠᠵᠢᠯ ᠤᠨ ᠬᠤᠷᠠᠮᠳᠣᠭᠤᠯᠭ᠎ᠠ ᠲᠣᠷᠰᠢᠯᠭ᠎ᠠ ᠨᠢ ᠲᠡᠭᠦᠨ ᠤ ᠪᠣᠰᠣᠳ ᠲᠠᠢ ᠬᠠᠷᠢᠯᠴᠠᠬᠤ ᠴᠢᠳᠠᠪᠤᠷᠢ ᠶᠢ ᠨᠢ ᠳᠠᠪᠲᠠᠨ ᠪᠣᠯᠪᠠᠰᠤᠷᠠᠭᠤᠯᠤᠭᠰᠠᠨ ᠪᠥᠭᠡᠳ ᠡᠷᠡᠰ ᠰᠢᠭᠤᠷᠬᠠᠶ ᠵᠠᠩ ᠴᠢᠨᠠᠷ ᠢ ᠪᠤᠶ ᠪᠣᠯᠭᠠᠭᠰᠠᠨ ᠠᠴᠠ ᠡᠨᠡ ᠬᠦ ᠠᠵᠢᠯ ᠢ ᠭᠠᠷᠳᠠᠵᠤ ᠬᠢᠬᠦ ᠳᠤ ᠶᠡᠭᠡᠭᠡᠨ ᠲᠡᠮᠵᠢᠯᠭᠡ ᠪᠣᠯᠵᠠᠢ᠃ ᠶᠣᠣ ᠵᠢᠶᠣᠣ ᠴᠢ 2021 ᠣᠨ ᠠᠴᠠ ᠨᠠᠰᠢ ᠪᠦᠬᠦ ᠪᠠᠯᠭᠠᠰᠤᠨ ᠤ ᠡᠯ᠎ᠡ ᠭᠠᠵᠠᠷ ᠢᠶᠠᠷ ᠲᠣᠭᠤᠷᠢᠨ᠂ ᠵᠥᠷᠢᠴᠡᠯ ᠵᠢᠭᠤᠷᠠᠯᠳᠤᠭᠠᠨ ᠢ 82 ᠤᠳᠠᠭ᠎ᠠ ᠬᠦᠯᠢᠶᠡᠨ ᠠᠪᠴᠤ ᠡᠶᠡᠳᠡᠭᠦᠯᠦᠭᠡᠳ᠂ ᠤᠯᠠᠨ ᠲᠦᠮᠡᠨ ᠤ ᠢᠲᠡᠭᠡᠯ ᠢ ᠣᠯᠤᠭᠰᠠᠨ ︽ᠳᠣᠲᠣᠨᠣ ᠬᠥᠮᠦᠨ︾ ᠪᠣᠯᠪᠠ᠃   ᠣᠶᠢᠷ᠎ᠠ ᠳᠤ᠂ ᠶᠡᠭᠡ ᠰᠢᠭᠡᠲᠡᠢ ᠪᠠᠯᠭᠠᠰᠤᠨ ᠤ ᠨᠠᠨ ᠴᠠᠩ ᠲᠣᠰᠬᠤᠨ ᠤ ᠵᠢᠶᠤᠤ ᠣᠪᠣᠭᠲᠤ ᠪᠣᠯᠤᠨ ᠲᠣᠰᠬᠤᠨ ᠤ ᠵᠡᠷᠭᠡᠯᠡᠳᠡᠭᠡ ᠠᠶᠢᠯ ᠤᠨ ᠬᠢᠨ ᠬᠠᠷᠢᠶᠠᠯᠠᠯ ᠤᠨ ᠠᠰᠠᠭᠤᠳᠠᠯ ᠠᠴᠠ ᠪᠣᠯᠵᠤ ᠬᠤᠷᠴᠠ ᠰᠢᠷᠣᠬᠦᠨ ᠮᠥᠷᠭᠦᠯᠳᠦᠭᠡᠨ ᠡᠭᠦᠰᠴᠡᠶ᠃  ᠲᠣᠰ ᠪᠠᠶᠢᠳᠠᠯ ᠢ ᠣᠯᠵᠣ ᠮᠡᠳᠡᠭᠰᠡᠨ ᠳᠠᠷᠣᠢ ᠳᠤ ᠨᠢ ᠲᠡᠷᠡ ᠠᠬᠤᠢ ᠲᠠᠯᠠᠪᠠᠢ ᠳᠤ ᠬᠦᠷᠴᠣ᠂ ᠬᠤᠶᠠᠭᠤᠯᠠ ᠶᠢ ᠰᠠᠯᠭᠠᠨ ᠶᠠᠷᠢᠯᠴᠠᠵᠤ᠂ ᠢᠳᠬᠠᠨ ᠰᠤᠷᠭᠠᠬᠤ ᠳᠠᠭᠠᠨ ᠪᠦᠬᠦ ᠲᠠᠯ᠎ᠠ ᠶᠢ ᠬᠠᠷᠠᠭᠠᠯᠵᠠᠬᠤ ᠶᠢᠨ ᠬᠠᠮᠲᠤ ᠬᠠᠤᠯᠢ ᠶᠢ ᠬᠡᠷᠡᠭᠯᠡᠨ ᠶᠣᠰᠣ ᠤᠴᠢᠷ ᠢ   ᠣᠶᠢᠯᠠᠭᠠᠭᠤᠯᠬᠤ ᠶᠢ ᠣᠷᠭᠠᠨᠢᠭ ᠢᠶᠠᠷ ᠣᠶᠠᠯᠳᠣᠭᠤᠯᠣᠨ᠂ ᠮᠥᠷᠭᠦᠯᠳᠦᠭᠡᠨ ᠠᠴᠠ ᠪᠤᠯᠵᠤ ᠵᠥᠷᠢᠴᠡᠯ ᠢ ᠬᠤᠷᠴᠠᠳᠬᠠᠬᠤ ᠠᠴᠠ ᠪᠦᠲᠦᠮᠵᠢᠲᠡᠢ ᠪᠠᠷ ᠵᠠᠶᠢᠯᠠᠰᠬᠢᠭᠰᠠᠨ ᠠᠴᠠ ᠲᠤᠰ ᠡᠳᠦᠷ ᠲᠤ᠂ ᠬᠤᠶᠠᠷ ᠲᠠᠯ᠎ᠠ ᠪᠠᠷ ᠢᠶᠠᠨ ᠬᠠᠷᠢᠯᠴᠠᠨ ᠬᠠᠷᠠᠭᠠᠯᠵᠠᠵᠤ ᠬᠠᠷᠢᠯᠴᠠᠨ ᠠᠭᠤᠴᠢᠯᠠᠵᠤ ᠬᠠᠷᠢᠯᠴᠠᠨ ᠨᠠᠶᠢᠷ ᠲᠠᠯᠪᠢᠬᠤ ᠵᠠᠷᠴᠢᠮ ᠢ ᠪᠠᠷᠢᠮᠲᠠᠯᠠᠨ᠂ ᠡᠶᠡᠳᠡᠭᠦᠯᠭᠡ ᠶᠢᠨ ᠪᠢᠴᠢᠭ ᠲᠤ ᠭᠠᠷ ᠤᠨ ᠦᠰᠦᠭ  ᠵᠢᠷᠣᠵᠦ ᠵᠦᠷᠢᠴᠡᠯ ᠮᠥᠷᠭᠦᠯᠳᠦᠭᠡᠨ ᠠᠴᠠ ᠰᠠᠯᠵᠠᠢ᠃    ︽ᠡᠶᠡᠳᠡᠭᠦᠯᠬᠦ ᠳᠤ ᠶᠠᠮᠠᠷ ᠴᠤ ᠤᠷ᠎ᠠ ᠮᠡᠷᠭᠡᠵᠢᠯ ᠪᠠᠶᠢᠬᠤ ᠦᠭᠡᠢ᠂ ᠰᠢᠷᠭᠠᠭᠤ ᠬᠠᠲᠠᠭᠤᠵᠢᠯᠲᠠᠢ ᠴᠢᠷᠮᠠᠶᠢᠳᠠᠭ ᠯᠠ ᠶᠤᠮ ᠪᠣᠯ ᠰᠢᠢᠳᠪᠦᠷᠢᠯᠡᠵᠦ ᠳᠡᠶᠢᠯᠬᠦ ᠦᠭᠡᠢ ᠵᠥᠷᠢᠴᠡᠯ ᠤᠨ ᠬᠡᠷᠡᠭ ᠭᠡᠵᠦ ᠪᠠᠶᠢᠬᠤ ᠦᠭᠡᠢ᠃ ᠵᠥᠷᠢᠴᠡᠯ ᠵᠠᠭᠤᠷᠠᠯᠳᠤᠭᠠᠨ ᠲᠣᠬᠢᠶᠠᠯᠳᠤᠬᠤ ᠦᠶ᠎ᠡ ᠳᠤ᠂ ᠡᠩ ᠲᠡᠷᠢᠭᠦᠨ ᠳᠤ ᠤᠴᠢᠷ ᠰᠢᠯᠲᠠᠭᠠᠨ ᠢ ᠨᠢ ᠣᠶᠢᠯᠠᠭᠠᠵᠤ᠂ ᠪᠠᠰᠠ ᠲᠤᠬᠠᠢ ᠶᠢᠨ ᠭᠠᠵᠠᠷ ᠲᠤᠨᠢ ᠬᠦᠷᠴᠦ ᠰᠤᠷᠪᠤᠯᠵᠢᠯᠠᠨ ᠪᠠᠶᠢᠴᠠᠭᠠᠨ᠎ᠠ᠂ ᠨᠢᠭᠡ ᠤᠳᠠᠭ᠎ᠠ ᠡᠶᠡᠳᠡᠭᠦᠯᠦᠭᠡᠳ ᠪᠣᠯᠬᠤ ᠦᠭᠡᠢ ᠪᠣᠯ ᠬᠤᠶᠠᠷ ᠤᠳᠠᠭ᠎ᠠ᠂ ᠬᠤᠶᠠᠷ ᠤᠳᠠᠭ᠎ᠠ ᠡᠶᠡᠳᠡᠭᠦᠯᠦᠭᠡᠳ ᠪᠣᠯᠬᠤ ᠦᠭᠡᠢ ᠪᠣᠯ ᠭᠤᠷᠪᠠ ᠤᠳᠠᠭ᠎ᠠ … ᠬᠦᠯᠢᠴᠡᠩᠭᠦᠢ ᠪᠠᠷ ᠲᠠᠶᠢᠳᠬᠤᠷᠠᠭᠤᠯᠳᠠᠭ ᠯᠠ ᠶᠤᠮ ᠪᠣᠯ ᠬᠡᠳᠦᠢ ᠶᠡᠭᠡ ᠮᠠᠷᠭᠤᠭᠠᠨ ᠢ ᠴᠤ ᠰᠢᠢᠳᠪᠦᠷᠢᠯᠡᠵᠦ ᠴᠢᠳᠠᠨ᠎ᠠ︾ ᠭᠡᠵᠦ ᠶᠣᠣ ᠵᠢᠶᠣᠣ ᠴᠢ ᠰᠣᠷᠪᠣᠯᠵᠢᠯᠠᠭᠴᠢ ᠳᠤ ᠶᠠᠷᠢᠪᠠ᠃ ᠲᠡᠷᠡ ᠪᠠᠰᠠ ᠢᠯᠡᠷᠬᠡᠶᠢᠯᠡᠬᠦ ᠳᠡᠭᠡᠨ᠂ ᠥᠪᠡᠷ ᠢᠶᠠᠨ ᠪᠠᠰᠠ ᠬᠢᠵᠦ ᠳᠡᠶᠢᠯᠳᠡᠭ ᠯᠡ ᠶᠤᠮ ᠪᠣᠯ ᠪᠥᠬᠦ ᠰᠡᠳᠬᠢᠯ ᠪᠥᠬᠦ ᠵᠣᠷᠢᠭ ᠢᠶᠠᠷ ᠢᠶᠠᠨ ᠠᠷᠠᠳ ᠤᠨ ᠡᠶᠡᠳᠡᠭᠦᠯᠬᠦ ᠠᠵᠢᠯ ᠳᠤ ᠣᠷᠣᠯᠴᠠᠵᠤ᠂ ᠥᠪᠡᠷ ᠤᠨ ᠴᠢᠷᠮᠠᠶᠢᠯᠭ᠎ᠠ ᠪᠠᠷ ᠢᠶᠠᠨ ᠳᠠᠮᠵᠢᠭᠤᠯᠤᠨ ᠡᠶᠡᠳᠡᠭᠦᠯᠬᠦ ᠲᠥᠪ ᠲᠤ ᠢᠷᠡᠭᠰᠡᠨ ᠲᠣᠰᠬᠤᠨ ᠤ ᠠᠷᠠᠳ ᠨᠢᠭᠡᠪᠦᠷᠢ ᠶᠢ ᠰᠡᠳᠬᠢᠯ ᠬᠠᠨᠤᠮᠵᠢᠲᠠᠶ ᠪᠠᠷ ᠪᠣᠴᠠᠭᠠᠬᠤ ᠪᠠᠷ ᠴᠢᠷᠮᠠᠶᠢᠨᠵᠣ᠂ ᠨᠢᠭᠡᠨ ᠠᠷᠠᠳ ᠤᠨ ᠡᠶᠡᠳᠡᠭᠦᠯᠦᠭᠴᠢ ᠪᠣᠯᠤᠭᠰᠠᠨ ᠤ ᠬᠤᠪᠢ ᠳᠤ ᠥᠪᠡᠷ ᠤᠨ ᠬᠠᠮᠤᠭ ᠤᠨ ᠶᠡᠭᠡ ᠦᠨ᠎ᠡ ᠥᠷᠲᠡᠭ ᠢᠶᠠᠨ ᠪᠡᠶᠡᠯᠡᠬᠦᠯᠦᠨ᠎ᠡ ᠭᠡᠵᠡᠶ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ