2023 - 2024 ᠣᠨ ᠤ ᠬᠠᠳᠤᠨ ᠭᠤᠣᠯ ᠤᠨ ᠰᠦᠩ ᠬᠠᠯᠢᠶ᠎ᠠ ᠶᠢᠨ ᠬᠤᠭᠤᠴᠠᠭᠠᠨ ᠳᠤ ᠵᠢᠭᠠᠰᠤ ᠠᠩᠨᠠᠬᠤ ᠂ ᠭᠤᠣᠯ ᠭᠠᠲᠤᠯᠬᠤ ᠶᠢ ᠴᠠᠭᠠᠵᠠᠯᠠᠬᠤ ᠲᠤᠬᠠᠢ ᠵᠠᠷᠯᠠᠯ
ᠨᠡᠶᠢᠲᠡᠯᠡᠭᠰᠡᠨ ᠴᠠᠭ᠄
2023/12/5
ᠥᠷᠭᠡᠨ ᠤᠯᠠᠨ ᠰᠠᠭᠤᠭᠠᠯᠢ ᠠᠷᠠᠳ᠄     ᠬᠠᠲᠤᠨ ᠭᠤᠣᠯ ᠤᠨ ᠤᠷᠠᠳ ᠤᠨ ᠡᠮᠦᠨᠡᠲᠦ ᠬᠤᠰᠢᠭᠤᠨ ᠤ ᠬᠡᠰᠡᠭ ᠨᠢᠭᠡᠨᠲᠡ ᠰᠦᠩ ᠬᠠᠯᠢᠶ᠎ᠠ ᠶᠢᠨ ᠬᠤᠭᠤᠴᠠᠭᠠᠨ ᠳᠤ   ᠣᠷᠣᠪᠠ᠂ ᠬᠡᠰᠡᠭ ᠰᠠᠭᠤᠭᠠᠯᠢ ᠠᠷᠠᠳ ᠥᠪᠡᠷ ᠤᠨ ᠠᠮᠤᠷ ᠲᠦᠪᠰᠢᠨ ᠢᠶᠠᠨ ᠬᠠᠶᠢᠬᠤᠷᠤᠯ ᠦᠭᠡᠢ ᠪᠠᠷ ᠬᠠᠲᠤᠨ ᠭᠤᠣᠯ ᠤᠨ ᠬᠡᠰᠡᠭ ᠮᠥᠰᠥ ᠬᠥᠯᠳᠡᠭᠰᠡᠨ ᠣᠷᠣᠨ ᠳᠤ ᠮᠥᠰᠥ ᠴᠤᠭᠤᠯᠵᠤ ᠵᠢᠭᠠᠰᠤ ᠠᠩᠨᠠᠬᠤ ᠦᠵᠡᠭᠳᠡᠯ ᠣᠷᠣᠰᠢᠵᠣ ᠪᠠᠶᠢᠨ᠎ᠠ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠥᠯᠥᠭᠡ᠂ ᠬᠠᠲᠤᠨ ᠭᠤᠣᠯ ᠤᠨ ᠰᠦᠩ ᠬᠠᠯᠢᠶ᠎ᠠ  ᠶᠢᠨ ᠬᠤᠭᠤᠴᠠᠭᠠᠨ ᠳᠤ ᠵᠢᠭᠠᠰᠤ ᠠᠩᠨᠠᠬᠤ ᠂ ᠭᠤᠣᠯ ᠭᠠᠲᠤᠯᠬᠤ ᠶᠢ ᠴᠢᠩᠭ᠎ᠠ ᠴᠠᠭᠠᠵᠠᠯᠠᠨ᠎ᠠ᠃ ᠥᠷᠭᠡᠨ ᠤᠯᠠᠨ ᠠᠷᠠᠳ ᠲᠦᠮᠡᠨ ᠲᠤᠰ ᠪᠡᠶ᠎ᠡ ᠶᠢᠨ ᠠᠮᠤᠷ ᠲᠦᠪᠰᠢᠨ ᠤ ᠲᠥᠯᠥᠭᠡ᠂ ᠬᠠᠲᠤᠨ ᠭᠤᠣᠯ ᠤᠨ ᠰᠦᠩ ᠬᠠᠯᠢᠶ᠎ᠠ ᠶᠢᠨ ᠬᠤᠭᠤᠴᠠᠭᠠᠨ ᠳᠤ ᠵᠢᠭᠠᠰᠤ ᠠᠩᠨᠠᠬᠤ᠂ ᠭᠤᠣᠯ ᠭᠠᠲᠤᠯᠬᠤ ᠶᠢ ᠴᠠᠭᠠᠵᠠᠯᠠᠬᠤ ᠵᠠᠷᠯᠠᠯ ᠤᠨ ᠱᠠᠭᠠᠷᠳᠠᠯᠭ᠎ᠠ ᠶᠢ ᠤᠬᠠᠮᠰᠠᠷ ᠠᠴᠠ ᠪᠠᠨ ᠴᠢᠩᠭ᠎ᠠ ᠵᠢᠷᠤᠮᠯᠠᠵᠤ᠂ ᠬᠠᠲᠤᠨ ᠭᠤᠣᠯ ᠤᠨ ᠰᠦᠩ ᠬᠠᠯᠢᠶ᠎ᠠ ᠶᠢᠨ ᠬᠤᠭᠤᠴᠠᠭᠠᠨ ᠳᠤ ᠵᠢᠭᠠᠰᠤ ᠠᠩᠨᠠᠬᠤ᠂ ᠭᠤᠣᠯ ᠭᠠᠲᠣᠯᠬᠤ ᠵᠡᠷᠭᠡ ᠲᠤᠰ ᠪᠡᠶ᠎ᠡ ᠶᠢᠨ ᠠᠮᠤᠷ ᠲᠦᠪᠰᠢᠨ ᠢ ᠨᠥᠯᠥᠭᠡᠯᠡᠬᠦ ᠠᠵᠢᠯᠯᠠᠭ᠎ᠠ ᠶᠢ ᠬᠢᠵᠦ ᠪᠣᠯᠬᠤ ᠦᠭᠡᠢ᠂ ᠤᠬᠠᠮᠰᠠᠷ ᠠᠴᠠ ᠪᠠᠨ ᠭᠤᠣᠯ ᠳᠠᠭᠠᠤ ᠶᠢᠨ ᠰᠣᠮᠣ ᠪᠠᠯᠭᠠᠰᠤ᠂ ᠤᠰᠤᠨ ᠠᠰᠢᠭᠯᠠᠯᠲᠠ ᠶᠢᠨ ᠲᠣᠪᠴᠢᠶ᠎ᠠ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠵᠡᠷᠭᠡ ᠰᠠᠯᠠᠭ᠎ᠠ ᠮᠥᠴᠢᠷ ᠲᠠᠢ ᠬᠠᠮᠵᠢᠯᠴᠠᠨ ᠬᠠᠲᠤᠨ ᠭᠤᠣᠯ ᠤᠨ ᠰᠦᠩ ᠬᠠᠯᠢᠶ᠎ᠠ  ᠶᠢᠨ ᠬᠤᠭᠤᠴᠠᠭᠠᠨ ᠤ ᠡᠯ᠎ᠡ ᠵᠦᠢᠯ ᠤᠨ ᠠᠵᠢᠯ ᠢ ᠰᠠᠶᠢᠲᠤᠷ ᠬᠢᠵᠦ᠂ ᠲᠤᠰ ᠪᠡᠶ᠎ᠡ ᠶᠢᠨ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠢ᠃         ᠡᠭᠦᠨ ᠤ ᠲᠤᠯᠠ ᠣᠨᠴᠠᠭᠠᠶᠢᠯᠠᠨ ᠵᠠᠷᠯᠠᠪᠠ                                                    ᠤᠷᠠᠳ ᠤᠨ ᠡᠮᠦᠨᠡᠲᠦ ᠬᠤᠰᠢᠭᠤᠨ ᠤ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠠᠵᠢᠯ ᠤᠨ ᠵᠢᠯᠤᠭᠤᠳᠬᠤ ᠭᠠᠵᠠᠷ ᠤᠨ ᠠᠯᠪᠠᠨ ᠭᠡᠷ                                2023 ᠣᠨ ᠤ 12 ᠰᠠᠷ᠎ᠠ ᠶᠢᠨ 4 ᠤ ᠡᠳᠦᠷ
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ