ᠴᠡᠭᠡ ᠶᠢᠨ ᠤᠷᠤᠯᠭ᠎ᠠ 45 ᠲᠦᠮᠡᠨ ᠲᠥᠭᠦᠷᠢᠭ ᠲᠤ ᠬᠦᠷᠤᠯ᠎ᠡ
ᠨᠡᠶᠢᠲᠡᠯᠡᠭᠰᠡᠨ ᠴᠠᠭ᠄
2023/12/5
   ᠪᠠᠷᠠᠭᠤᠨ ᠦᠵᠦᠮᠦᠴᠢᠨ ᠬᠤᠰᠢᠭᠤᠨ ᠤ ᠬᠤᠭᠤᠯᠠᠲᠤ ᠶᠢᠨ ᠭᠤᠣᠯ ᠪᠠᠯᠭᠠᠰᠤᠨ ᠤ ᠤᠷᠲᠤᠩᠭᠤᠤᠯ ᠭᠠᠴᠠᠭ᠎ᠠ ᠪᠠᠷ ᠨᠤᠲᠤᠭᠲᠠᠢ ᠰᠣᠳᠣᠡᠷᠳᠡᠨᠢ ᠶᠢᠨ ᠬᠢᠨ ᠪᠣᠯ ᠳᠡᠭᠡᠳᠦ ᠶᠢᠨ ᠦᠶ᠎ᠡ ᠠᠴᠠ ᠪᠠᠨ ᠠᠳᠤᠭᠤ ᠮᠠᠯᠵᠢᠵᠤ ᠪᠠᠶᠢᠭᠰᠠᠨ ᠠᠶᠢᠯ᠃ ᠣᠷᠴᠢᠮ ᠤᠨ ᠬᠤᠶᠠᠷ ᠵᠢᠯ ᠠᠴᠠ ᠴᠡᠭᠡ ᠤᠤᠭᠤᠵᠤ ᠪᠡᠶ᠎ᠡ ᠰᠤᠪᠢᠯᠠᠬᠤ ᠪᠣᠯᠣᠨ ᠴᠡᠭᠡ ᠶᠢᠨ ᠵᠠᠰᠠᠯ ᠦᠷᠭᠡᠨ ᠢᠶᠠᠷ ᠲᠡᠯᠭᠡᠷᠡᠵᠤ ᠡᠬᠢᠯᠡᠭᠦ ᠪᠠᠷ᠂ ᠴᠡᠭᠡ ᠶᠢᠨ ᠬᠡᠷᠡᠭᠴᠡᠭᠡ ᠱᠠᠭᠠᠷᠳᠠᠯᠭ᠎ᠠ ᠶᠠᠪᠤᠬᠤ ᠳᠤᠲᠤᠮ ᠣᠯᠠᠰᠢᠷᠠᠵᠤ᠂ ᠡᠳᠡᠨ ᠤ ᠬᠢᠨ ᠤ ᠤᠯᠠᠮᠵᠢᠯᠠᠯᠲᠤ ᠠᠷᠭ᠎ᠠ ᠪᠠᠷ ᠢᠰᠭᠡᠭᠰᠡᠨ ᠴᠡᠭᠡ ᠶᠢᠨ ᠪᠤᠷᠤᠯᠠᠭᠤᠯᠭ᠎ᠠ ᠴᠤ ᠰᠠᠶᠢᠵᠢᠷᠠᠵᠤ᠂ ᠠᠰᠢᠭ ᠤᠷᠤᠯᠭ᠎ᠠ ᠨᠡᠮᠡᠭᠳᠡᠵᠤ ᠡᠬᠢᠯᠡᠯ᠎ᠡ᠃

6383702679959239498860623.png

   ᠶᠡᠭᠡ ᠰᠤᠷᠭᠠᠭᠤᠯᠢ ᠪᠠᠨ ᠲᠡᠭᠦᠰᠦᠭᠰᠡᠨ ᠤ ᠳᠠᠷᠠᠭ᠎ᠠ ᠬᠥᠳᠡᠭᠡ ᠨᠤᠲᠤᠭ ᠢᠶᠠᠨ ᠵᠣᠷᠢᠭᠰᠠᠨ ᠰᠣᠳᠣᠡᠷᠳᠡᠨᠢ ᠶᠠᠭᠤ ᠨᠢᠭᠡ ᠢᠢ ᠬᠢᠵᠦ ᠪᠦᠲᠦᠭᠡᠬᠦ ᠪᠠᠷ

ᠰᠡᠳᠬᠢᠵᠦ ᠪᠠᠶᠢᠭᠰᠠᠨ ᠢᠶᠠᠨ 2022 ᠣᠨ ᠠᠴᠠ ᠡᠬᠢᠯᠡᠵᠦ᠂ ᠭᠡᠭᠦᠦ ᠰᠠᠭᠠᠵᠤ ᠴᠡᠭᠡ ᠪᠤᠯᠪᠠᠰᠣᠷᠠᠭᠤᠯᠵᠦ᠂ ᠡᠯ᠎ᠡ ᠭᠠᠵᠠᠷ ᠢᠶᠠᠷ ᠪᠣᠷᠣᠯᠠᠭᠤᠯᠬᠤ ᠪᠣᠯᠤᠭᠰᠠᠨ

ᠶᠤᠮ᠃ ᠰᠣᠳᠣᠡᠷᠳᠡᠨᠢ ᠶᠢᠨ ᠠᠪᠤ ᠡᠵᠢ ᠨᠢ ᠬᠠᠰᠢᠷ ᠮᠠᠯᠴᠢᠨ ᠪᠣᠯᠬᠤᠷ ᠶᠠᠮᠠᠷ ᠴᠤ ᠮᠠᠰᠢᠨ ᠲᠥᠬᠦᠭᠡᠷᠦᠮᠵᠢ ᠬᠡᠷᠡᠭᠯᠡᠬᠦ ᠦᠭᠡᠢ ᠪᠠᠷ ᠤᠯᠠᠮᠵᠢᠯᠠᠯᠲᠤ

ᠠᠷᠭ᠎ᠠ ᠪᠠᠷ ᠢᠶᠠᠨ ᠭᠡᠭᠦᠦ ᠰᠠᠭᠠᠵᠤ ᠴᠡᠭᠡ ᠪᠠᠨ ᠢᠰᠬᠡᠳᠡᠭ᠃ ᠰᠣᠳᠣᠡᠷᠳᠡᠨᠢ ᠵᠠᠬᠢᠶᠠᠯᠠᠭ᠎ᠠ ᠲᠤᠰᠬᠤ᠂ ᠪᠠᠷᠠᠭ᠎ᠠ ᠬᠦᠷᠭᠡᠵᠦ ᠭᠤᠪᠢᠭᠤᠯᠬᠤ ᠵᠡᠷᠭᠡ ᠠᠵᠢᠯ ᠢ

ᠬᠠᠷᠢᠭᠤᠴᠠᠳᠠᠭ᠃

   ᠰᠣᠳᠣᠡᠷᠳᠡᠨᠢ ᠶᠢᠨ ᠬᠢᠨ ᠨᠢᠳᠤᠨᠤᠨ ᠵᠢᠷᠠᠭᠠᠳ ᠭᠡᠭᠦᠦ ᠪᠠᠨ ᠭᠤᠷᠪᠠᠨ ᠰᠠᠷ᠎ᠠ ᠶᠢᠨ ᠬᠤᠭᠤᠴᠠᠭ᠎ᠠ ᠲᠠᠢ ᠰᠠᠭᠠᠵᠤ᠂ ᠡᠳᠦᠷ ᠪᠦᠷᠢ 350 ᠵᠢᠩ ᠣᠷᠴᠢᠮ

ᠴᠡᠭᠡ ᠭᠠᠷᠭᠠᠵᠤ᠂ ᠭᠤᠷᠪᠠᠨ ᠰᠠᠷ᠎ᠠ ᠶᠢᠨ ᠤᠷᠤᠯᠭ᠎ᠠ ᠨᠢ 40 ᠲᠦᠮᠡᠨ ᠲᠥᠭᠦᠷᠢᠭ ᠲᠤ ᠭᠦᠷᠦᠭᠰᠡᠨ ᠪᠣᠯ ᠡᠨᠡ ᠵᠢᠯ 100 ᠡᠳᠦᠷ ᠭᠡᠭᠦᠦ ᠰᠠᠭᠠᠵᠤ᠂

ᠡᠳᠦᠷ ᠪᠦᠷᠢ 400 ᠵᠢᠩ ᠣᠷᠴᠢᠮ ᠴᠡᠭᠡ ᠭᠠᠷᠭᠠᠵᠤ᠂ ᠴᠡᠭᠡ ᠪᠠᠨ ᠪᠣᠷᠣᠯᠠᠭᠤᠯᠤᠭᠠᠳ 45 ᠲᠦᠮᠡᠨ ᠲᠥᠭᠦᠷᠢᠭ ᠤᠨ ᠤᠷᠤᠯᠭ᠎ᠠ ᠣᠯᠵᠠᠢ᠃

ᠤᠯᠠᠮᠵᠢᠯᠠᠯᠲᠤ ᠠᠷᠭ᠎ᠠ ᠪᠠᠷ ᠢᠰᠭᠡᠭᠰᠡᠨ ᠴᠡᠭᠡ ᠪᠣᠯᠬᠤᠷ ᠬᠡᠷᠡᠭᠯᠡᠭᠴᠢᠳ ᠤᠨ ᠲᠠᠭᠠᠰᠢᠶᠠᠯ ᠳᠤ ᠬᠦᠷᠴᠦ᠂ ᠣᠷᠣᠨ ᠤ ᠡᠯ᠎ᠡ ᠠᠶᠢᠮᠠᠭ ᠬᠤᠲᠠ ᠶᠢᠨ

ᠵᠠᠬᠢᠶᠠᠯᠠᠭ᠎ᠠ ᠶᠢ ᠲᠤᠰᠬᠤ ᠪᠠᠷ ᠪᠠᠷᠠᠬᠤ ᠦᠭᠡᠢ ᠠᠨᠾᠦ᠋ᠢ᠂ ᠱᠠᠨᠳᠦ᠋ᠩ᠂ ᠵᠧᠵᠢᠶᠠᠩ ᠵᠡᠷᠭᠡ ᠮᠤᠵᠢ ᠣᠷᠣᠨ ᠤ ᠵᠢᠭᠤᠯᠴᠢᠯᠠᠬᠤ ᠪᠠᠷ ᠢᠷᠡᠭᠰᠡᠨ ᠵᠣᠴᠢᠳ ᠤᠨ

ᠵᠠᠬᠢᠶᠠᠯᠠᠭ᠎ᠠ ᠶᠢ ᠴᠤ ᠲᠤᠰᠳᠠᠭ᠃ ᠡᠭᠦᠨ ᠠᠴᠠ ᠭᠠᠳᠠᠨ᠎ᠠ ᠪᠠᠰᠠ ᠨᠠᠰᠤᠨ ᠪᠠᠶᠠᠷ᠂ ᠤᠷᠤᠭ ᠬᠤᠷᠢᠮ ᠳ᠋ᠤ᠋ ᠪᠥᠭᠡᠮ ᠢᠶᠠᠷ ᠪᠤᠶᠤ ᠵᠢᠵᠢᠭᠯᠡᠨ ᠪᠣᠷᠣᠯᠠᠭᠤᠯᠵᠤ

ᠦᠭᠳᠡᠭ ᠪᠠᠶᠢᠯ᠎ᠠ᠃

   ︽ᠣᠳᠣᠬᠠᠨ ᠳᠤ ᠮᠠᠨ ᠤ ᠬᠢᠨ ᠴᠤᠯ ᠤᠯᠠᠮᠵᠢᠯᠠᠯᠲᠤ ᠠᠷᠭ᠎ᠠ ᠪᠠᠷ ᠭᠡᠭᠦᠦ ᠪᠠᠨ ᠰᠠᠭᠠᠵᠤ᠂ ᠴᠡᠭᠡ ᠪᠠᠨ ᠢᠰᠬᠡᠵᠦ ᠪᠠᠶᠢᠨ᠎ᠠ᠂ ᠭᠡᠪᠡᠴᠦ ᠮᠠᠰᠢᠨᠴᠢᠯᠠᠬᠤ ᠨᠢ

ᠬᠤᠵᠢᠮ ᠤᠨ ᠬᠥᠭᠵᠢᠯᠲᠡ ᠶᠢᠨ ᠬᠠᠨᠳᠤᠰᠢ ᠪᠣᠯᠵᠠᠢ᠂ ᠳᠠᠷᠠᠭᠠᠴᠢ ᠪᠠᠷ ᠪᠢ ᠭᠡᠭᠦᠦ ᠰᠠᠭᠠᠬᠤ ᠮᠠᠰᠢᠨ ᠲᠥᠬᠦᠭᠡᠷᠦᠮᠵᠢ᠂ ᠰᠡᠷᠢᠭᠦᠨ ᠢᠶᠠᠷ ᠬᠠᠳᠠᠭᠠᠯᠠᠬᠤ ᠰᠠᠪᠠ

᠂ ᠰᠡᠷᠢᠭᠦᠨ ᠢᠶᠠᠷ ᠬᠠᠳᠠᠭᠠᠯᠠᠬᠤ ᠭᠡᠷ ᠵᠡᠷᠭᠡ ᠢᠢ ᠪᠦᠷᠢᠳᠤᠭᠦᠯᠵᠦ ᠪᠠᠶᠢᠭᠤᠯᠤᠨ᠂ ᠴᠠᠭ ᠪᠣᠯᠣᠨ ᠭᠦᠳᠡᠯᠮᠦᠷᠢ ᠬᠦᠴᠦ ᠪᠠᠨ ᠠᠷᠪᠢᠯᠠᠬᠤ ᠪᠠᠷᠢᠮᠵᠢᠶᠠᠵᠢᠭᠰᠠᠨ

ᠦᠢᠯᠡᠳᠪᠦᠷᠢᠯᠡᠯ ᠢᠶᠠᠨ ᠡᠵᠡᠩᠨᠡᠵᠦ᠂ ᠴᠡᠭᠡ ᠶᠢᠨ ᠦᠨᠦᠷ ᠠᠮᠲᠠ ᠪᠣᠯᠣᠨ ᠴᠢᠨᠠᠷ ᠢ ᠪᠠᠲᠤᠯᠠᠬᠤ ᠲᠠᠯ᠎ᠠ ᠪᠠᠷ ᠨᠡᠩ ᠢᠯᠡᠭᠦᠦ ᠬᠦᠴᠦ ᠣᠷᠣᠭᠤᠯᠤᠨ᠎ᠠ᠃

ᠴᠡᠭᠡ ᠶᠢᠨ ᠠᠰᠢᠭ ᠲᠤᠰᠠ ᠢᠢ ᠰᠢᠨᠵᠢᠯᠡᠬᠦ ᠤᠬᠠᠭᠠᠨ ᠤ ᠲᠤᠭ᠎ᠠ ᠪᠠᠷᠢᠮᠲᠠ ᠪᠠᠷ ᠨᠢᠭᠡᠨᠲᠡ ᠭᠡᠷᠡᠴᠢᠯᠡᠭᠰᠡᠨ ᠶᠤᠮ᠃ ᠬᠤᠵᠢᠮ ᠰᠢᠨ᠎ᠡ ᠢᠢ ᠡᠭᠦᠳᠴᠦ

ᠮᠠᠰᠢᠨᠴᠢᠯᠠᠬᠤ ᠶᠢᠨ ᠬᠠᠮᠲᠤ ᠤᠯᠠᠮᠵᠢᠯᠠᠯᠲᠤ ᠴᠡᠭᠡ ᠪᠤᠯᠪᠠᠰᠤᠷᠠᠭᠤᠯᠬᠤ ᠠᠷᠭ᠎ᠠ ᠪᠠᠨ ᠴᠤ ᠲᠠᠶᠠᠭᠳᠠᠬᠤ ᠦᠭᠡᠢ ᠠᠪᠴᠤ ᠶᠠᠪᠤᠶ᠎ᠠ ᠭᠡᠵᠦ ᠪᠤᠳᠤᠵᠤ ᠪᠠᠶᠢᠨ᠎ᠠ᠂

ᠮᠥᠨᠴᠦ ᠴᠡᠭᠡ ᠪᠠᠨ ᠨᠡᠩ ᠤᠯᠠᠨ ᠬᠥᠮᠥᠨ ᠳ᠋ᠤ᠋ ᠠᠮᠲᠠᠯᠠᠭᠤᠯᠬᠤ ᠪᠠᠷ ᠴᠢᠷᠮᠠᠶᠢᠨ᠎ᠠ︾ ᠭᠡᠵᠦ ᠰᠣᠳᠣᠡᠷᠳᠡᠨᠢ ᠢᠷᠡᠭᠡᠳᠦᠢ ᠳᠡᠭᠡᠨ ᠢᠲᠡᠭᠡᠯ ᠳᠦᠭᠦᠷᠡᠩ ᠶᠠᠷᠢᠵᠤ

ᠪᠠᠶᠢᠯ᠎ᠠ᠃

ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ