ᠪᠥᠬᠦ ᠤᠯᠤᠰ ᠤᠨ ᠢᠳᠡᠰᠢᠨ ᠨᠣᠭᠤᠭ᠎ᠠ ᠶᠢᠨ ᠦᠨ᠎ᠡ ᠤᠯᠠᠷᠢᠯ ᠤᠨ ᠴᠢᠨᠠᠷᠲᠠᠢ ᠪᠠᠷ ᠪᠠᠭᠤᠷᠠᠵᠠᠢ
ᠨᠡᠶᠢᠲᠡᠯᠡᠭᠰᠡᠨ ᠴᠠᠭ᠄
2023/12/5
   ᠬᠦᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ ᠤ ᠬᠠᠮᠤᠭ ᠤᠨ ᠰᠢᠨ᠎ᠡ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ 11 ᠰᠠᠷ᠎ᠠ ᠳᠤ ᠪᠥᠬᠦ ᠤᠯᠤᠰ ᠤᠨ ᠢᠳᠡᠰᠢᠨ ᠨᠣᠭᠤᠭ᠎ᠠ ᠶᠢᠨ ᠬᠡᠷᠡᠭᠯᠡᠭᠡᠨ ᠤ ᠵᠢᠭᠠᠯᠲᠠ ᠲᠤᠭ᠎ᠠ 116.43 ᠪᠠᠶᠢᠵᠤ᠂ ᠲᠦᠷᠦᠭᠦᠤ ᠰᠠᠷ᠎ᠠ ᠶᠢᠨ ᠬᠢ ᠠᠴᠠ 2.13 ᠴᠡᠭ ᠪᠠᠭᠤᠷᠠᠵᠤ᠂ ᠠᠳᠠᠯᠢ ᠬᠤᠭᠤᠴᠠᠭᠠᠨ ᠤ ᠬᠢ ᠠᠴᠠ 10.27 ᠴᠡᠭ ᠪᠠᠭᠤᠷᠠᠵᠠᠢ᠂ ᠡᠭᠦᠨ ᠳᠤ ᠢᠳᠡᠰᠢᠨ ᠨᠣᠭᠤᠭ᠎ᠠ ᠶᠢᠨ ᠦᠨ᠎ᠡ ᠤᠯᠠᠷᠢᠯ ᠤᠨ ᠴᠢᠨᠠᠷᠲᠠᠢ ᠪᠠᠷ ᠪᠠᠭᠤᠷᠠᠬᠤ ᠬᠠᠨᠳᠤᠰᠢ ᠢᠯᠡᠷᠡᠭᠰᠠᠨ ᠪᠠᠶᠢᠨ᠎ᠠ᠃   11 ᠰᠠᠷ᠎ᠠ ᠳᠤ᠂ ᠬᠦᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ ᠤ ᠬᠢᠨᠠᠨ ᠬᠡᠮᠵᠢᠭᠰᠡᠨ 28 ᠵᠦᠢᠯ ᠤᠨ ᠢᠳᠡᠰᠢᠨ ᠨᠣᠭᠤᠭ᠎ᠠ ᠶᠢᠨ ᠪᠥᠬᠦ ᠤᠯᠤᠰ ᠤᠨ ᠪᠥᠭᠡᠮ ᠢᠶᠠᠷ ᠬᠤᠳᠠᠯᠳᠤᠬᠤ ᠳᠤᠮᠳᠠᠴᠢ ᠦᠨ᠎ᠡ ᠨᠢ ᠺᠢᠯᠣᠭ᠍ᠷᠠᠮ ᠪᠦᠷᠢ ᠳᠡᠭᠡᠨ 4.58 ᠲᠥᠭᠦᠷᠢᠭ ᠪᠠᠶᠢᠵᠤ᠂ ᠲᠦᠷᠦᠭᠦᠤ ᠰᠠᠷ᠎ᠠ ᠶᠢᠨ ᠬᠢ ᠠᠴᠠ 5.8% ᠪᠠᠷ ᠪᠠᠭᠤᠷᠠᠵᠤ᠂ ᠠᠳᠠᠯᠢ ᠬᠤᠭᠤᠴᠠᠭᠠᠨ ᠤ ᠬᠢ ᠠᠴᠠ 6.5% ᠪᠠᠷ ᠥᠰᠴᠡᠢ᠃ ᠲᠥᠷᠥᠯ ᠵᠦᠢᠯ ᠢᠶᠠᠷ ᠨᠢ ᠬᠤᠪᠢᠶᠠᠪᠠᠯ᠂ 19 ᠵᠦᠢᠯ ᠤᠨ ᠢᠳᠡᠰᠢᠨ ᠨᠤᠭᠤᠭ᠎ᠠ ᠶᠢᠨ ᠦᠨ᠎ᠡ ᠲᠦᠷᠦᠭᠦᠤ ᠰᠠᠷ᠎ᠠ ᠶᠢᠨ ᠬᠢ ᠠᠴᠠ ᠪᠠᠨ ᠪᠠᠭᠤᠷᠠᠵᠤ᠂ 9 ᠵᠦᠢᠯ ᠤᠨ ᠢᠳᠡᠰᠢᠨ ᠨᠤᠭᠤᠭ᠎ᠠ ᠶᠢᠨ ᠦᠨ᠎ᠡ ᠲᠦᠷᠦᠭᠦᠤ ᠰᠠᠷ᠎ᠠ ᠶᠢᠨ ᠬᠢ ᠠᠴᠠ ᠪᠠᠨ ᠥᠰᠪᠡ᠃ ᠡᠭᠦᠨ ᠤ ᠳᠣᠲᠣᠷ᠎ᠠ ᠪᠠᠭᠤᠷᠠᠯᠲᠠ ᠶᠢᠨ ᠬᠡᠮᠵᠢᠶ᠎ᠡ ᠪᠠᠷ ᠨᠡᠯᠢᠶᠡᠳ ᠶᠡᠭᠡ ᠲᠥᠷᠥᠯ ᠭᠡᠪᠡᠯ ᠦᠷᠭᠡᠰᠦᠲᠦ ᠨᠤᠭᠤᠭ᠎ᠠ᠂ ᠴᠠᠭᠠᠨ ᠨᠣᠭᠤᠭ᠎ᠠ᠂ ᠭᠡᠷ ᠤᠨ ᠢᠳᠠᠷ᠎ᠠ ᠪᠣᠯᠣᠨ᠎ᠠ᠃   ᠬᠦᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ ᠤ ᠲᠠᠷᠢᠶᠠᠯᠠᠩ ᠤᠨ ᠪᠦᠲᠦᠭᠡᠭᠳᠡᠬᠦᠨ ᠤ ᠵᠠᠬ᠎ᠠ ᠳᠡᠯᠭᠡᠭᠦᠷ ᠤᠨ ᠵᠠᠳᠠᠯᠤᠨ ᠰᠡᠷᠡᠮᠵᠢᠯᠡᠭᠦᠯᠬᠦ ᠪᠦᠯᠬᠦᠮ ᠤᠨ ᠢᠳᠡᠰᠢᠨ ᠨᠣᠭᠤᠭ᠎ᠠ ᠶᠢᠨ ᠵᠠᠬ᠎ᠠ ᠶᠢᠨ ᠠᠬᠠᠯᠠᠬᠤ ᠵᠠᠳᠠᠯᠤᠭᠴᠢ ᠵᠠᠩ ᠵᠢᠩ᠄ ᠢᠳᠡᠰᠢᠨ ᠨᠣᠭᠤᠭ᠎ᠠ ᠶᠢᠨ ᠦᠨ᠎ᠡ ᠤᠯᠠᠷᠢᠯ ᠤᠨ ᠴᠢᠨᠠᠷᠲᠠᠢ ᠪᠠᠷ ᠪᠠᠭᠤᠷᠠᠭᠰᠠᠨ ᠤ ᠭᠤᠣᠯ ᠰᠢᠯᠲᠠᠭᠠᠨ ᠪᠣᠯ ᠨᠠᠮᠤᠷ ᠤᠨ ᠤᠯᠠᠷᠢᠯ ᠤᠨ ᠠᠭᠤᠷ ᠠᠮᠢᠰᠬᠤᠯ ᠨᠡᠯᠢᠶᠡᠳ ᠰᠠᠶᠢᠨ ᠪᠠᠶᠢᠵᠤ᠂ ᠪᠦᠬᠦᠯᠢ ᠴᠣᠭᠴᠠ ᠶᠢᠨ ᠠᠭᠤᠷ ᠠᠮᠢᠰᠬᠤᠯ ᠤᠨ ᠨᠥᠬᠦᠴᠡᠯ ᠨᠢ ᠢᠳᠡᠰᠢᠨ ᠨᠣᠭᠤᠭ᠎ᠠ ᠶᠢᠨ ᠥᠰᠦᠯᠲᠡ ᠳᠤ ᠲᠣᠬᠢᠷᠠᠵᠤ᠂ ᠢᠳᠡᠰᠢᠨ ᠨᠣᠭᠤᠭ᠎ᠠ ᠶᠢᠨ ᠲᠠᠯᠠᠪᠠᠶ ᠨᠢᠭᠡᠴᠢ ᠶᠢᠨ ᠤᠨᠠᠯᠲᠠ ᠶᠢᠨ ᠨᠡᠮᠡᠭᠳᠡᠯ ᠤᠨ ᠬᠡᠮᠵᠢᠶ᠎ᠡ ᠨᠡᠯᠢᠶᠡᠳ ᠶᠡᠭᠡ ᠠᠴᠠ ᠪᠤᠯᠤᠭᠰᠠᠨ ᠶᠤᠮ᠂ ᠢᠯᠠᠩᠭᠤᠶ᠎ᠠ ᠴᠠᠭᠠᠨ ᠨᠣᠭᠤᠭ᠎ᠠ ᠶᠢᠨ ᠲᠠᠯᠠᠪᠠᠶ ᠨᠢᠭᠡᠴᠢ ᠶᠢᠨ ᠤᠨᠠᠯᠲᠠ ᠶᠢᠨ ᠨᠡᠮᠡᠭᠳᠡᠯ ᠤᠨ ᠬᠡᠮᠵᠢᠶ᠎ᠡ ᠨᠢ 20% ᠣᠷᠴᠢᠮ ᠬᠦᠷᠦᠭᠰᠡᠨ ᠭᠡᠪᠡ᠃   ᠲᠠᠨᠢᠯᠴᠠᠭᠤᠯᠤᠭᠰᠠᠨ ᠢᠶᠠᠷ᠂ 11 ᠰᠠᠷ᠎ᠠ ᠳᠤ ᠪᠥᠬᠦ ᠤᠯᠤᠰ ᠤᠨ ᠢᠳᠡᠰᠢᠨ ᠨᠣᠭᠤᠭ᠎ᠠ ᠶᠢᠨ ᠲᠠᠷᠢᠶᠠᠨ ᠭᠠᠵᠠᠷ ᠤᠨ ᠲᠠᠯᠠᠪᠠᠶ ᠠᠳᠠᠯᠢ ᠬᠤᠭᠤᠴᠠᠭᠠᠨ ᠤ ᠬᠢ ᠠᠴᠠ 1% ᠠᠴᠠ ᠳᠡᠭᠡᠭᠰᠢ ᠨᠡᠮᠡᠭᠳᠡᠵᠦ᠂ ᠰᠣᠩᠭᠢᠨ᠎ᠠ᠂ ᠴᠠᠭᠠᠨ ᠯᠤᠤᠪᠠᠩ ᠵᠡᠷᠭᠡ ᠢᠳᠡᠰᠢᠨ ᠨᠣᠭᠤᠭ᠎ᠠ ᠶᠢᠨ ᠭᠠᠷᠤᠯᠲᠠ ᠨᠡᠯᠢᠶᠡᠳ ᠲᠦᠷᠭᠡᠨ ᠨᠡᠮᠡᠭᠳᠡᠭᠰᠡᠨ ᠤ ᠳᠡᠭᠡᠷ᠎ᠡ ᠣᠯᠠᠨ ᠭᠠᠷᠤᠯᠲᠠ ᠶᠢᠨ ᠣᠷᠣᠨ ᠤ ᠢᠳᠡᠰᠢᠨ ᠨᠣᠭᠤᠭ᠎ᠠ ᠶᠢ ᠵᠠᠬ᠎ᠠ ᠳᠡᠯᠭᠡᠭᠦᠷ ᠲᠤ ᠲᠥᠪᠯᠡᠷᠡᠭᠦᠯᠦᠨ ᠭᠠᠷᠭᠠᠭᠰᠠᠨ ᠠᠴᠠ ᠦᠨ᠎ᠡ ᠬᠠᠩᠰᠢ ᠪᠠᠭᠤᠷᠠᠭᠰᠠᠨ ᠪᠠᠶᠢᠨ᠎ᠠ᠃ ᠲᠤᠰᠬᠠᠢ ᠮᠡᠷᠭᠡᠵᠢᠯᠲᠡᠨ ᠤ ᠵᠢᠱᠢᠬᠦ ᠪᠠᠷ᠂ ᠠᠭᠠᠷ ᠤᠨ ᠳᠤᠯᠠᠭᠠᠨ ᠳᠣᠷᠣᠭᠰᠢᠯᠠᠬᠤ ᠶᠢ ᠳᠠᠭᠠᠯᠳᠤᠨ᠂ ᠢᠳᠡᠰᠢᠨ ᠨᠣᠭᠤᠭ᠎ᠠ ᠶᠢᠨ ᠦᠢᠯᠡᠳᠪᠦᠷᠢᠯᠡᠯ ᠡᠩ ᠤᠨ ᠲᠠᠷᠢᠶᠠᠨ ᠭᠠᠵᠠᠷ ᠠᠴᠠ ᠪᠠᠨ ᠲᠥᠬᠦᠭᠡᠷᠦᠮᠵᠢ ᠶᠢᠨ ᠬᠦᠯᠡᠮᠵᠢ ᠪᠣᠯᠵᠤ᠂ ᠳᠠᠷᠢᠬᠤ ᠥᠪᠡᠷ ᠤᠨ ᠥᠷᠲᠡᠭ ᠨᠢ ᠡᠳᠦᠢ ᠲᠡᠳᠦᠢ ᠨᠡᠮᠡᠭᠳᠡᠬᠦ ᠪᠣᠯᠣᠨ᠎ᠠ᠃ ᠡᠭᠦᠨ ᠠᠴᠠ ᠭᠠᠳᠠᠨ᠎ᠠ᠂ ᠰᠢᠨ᠎ᠡ ᠵᠢᠯ᠂ ᠴᠠᠭᠠᠨ ᠰᠠᠷ᠎ᠠ ᠵᠡᠷᠭᠡ ᠬᠡᠷᠡᠭᠯᠡᠭᠡᠨ ᠤ ᠬᠥᠭᠵᠢᠯᠲᠡᠢ ᠤᠯᠠᠷᠢᠯ ᠬᠦᠷᠴᠦ ᠢᠷᠡᠬᠦ ᠪᠣᠯᠬᠤᠷ ᠬᠡᠷᠡᠭᠴᠡᠭᠡ ᠨᠡᠮᠡᠭᠳᠡᠬᠦ ᠨᠢ ᠢᠳᠡᠰᠢᠨ ᠨᠣᠭᠤᠭ᠎ᠠ ᠢᠢᠨ ᠦᠨ᠎ᠡ ᠢᠢ ᠥᠰᠬᠡᠬᠦ ᠪᠣᠯᠣᠨ᠎ᠠ᠃   ᠬᠦᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ ᠤ ᠲᠠᠷᠢᠶᠠᠯᠠᠩ ᠤᠨ ᠪᠦᠲᠦᠭᠡᠭᠳᠡᠬᠦᠨ ᠤ ᠵᠠᠬ᠎ᠠ ᠳᠡᠯᠭᠡᠭᠦᠷ ᠤᠨ ᠵᠠᠳᠠᠯᠤᠨ ᠰᠡᠷᠡᠮᠵᠢᠯᠡᠭᠦᠯᠬᠦ ᠪᠦᠯᠬᠦᠮ ᠤᠨ ᠢᠳᠡᠰᠢᠨ ᠨᠣᠭᠤᠭ᠎ᠠ ᠶᠢᠨ ᠵᠠᠬ᠎ᠠ ᠶᠢᠨ ᠠᠬᠠᠯᠠᠬᠤ ᠵᠠᠳᠠᠯᠤᠭᠴᠢ ᠵᠠᠩ ᠵᠢᠩ᠄ ᠰᠡᠭᠦᠯᠴᠢ ᠶᠢᠨ ᠬᠤᠭᠤᠴᠠᠭᠠᠨ ᠳᠤ᠂ ᠢᠳᠡᠰᠢᠨ ᠨᠣᠭᠤᠭ᠎ᠠ ᠶᠢᠨ ᠵᠠᠬ᠎ᠠ ᠳᠡᠯᠭᠡᠭᠦᠷ ᠤᠨ ᠬᠠᠩᠭᠠᠯᠭ᠎ᠠ ︽ᠡᠮᠦᠨᠡᠲᠦ ᠶᠢᠨ ᠢᠳᠡᠰᠢᠨ ᠨᠣᠭᠤᠭ᠎ᠠ ᠶᠢ ᠤᠮᠠᠷᠠᠰᠢ ᠵᠥᠭᠡᠭᠡᠪᠦᠷᠢᠯᠡᠬᠦ︾ ᠱᠠᠲᠤᠨ ᠳᠤ ᠣᠷᠣᠵᠤ᠂ ᠣᠷᠣᠨ ᠠᠯᠤᠰᠯᠠᠭᠰᠠᠨ ᠲᠡᠭᠡᠭᠡᠪᠦᠷᠢ ᠶᠢᠨ ᠵᠠᠷᠤᠳᠠᠯ ᠨᠡᠮᠡᠭᠳᠡᠨ᠂ ᠢᠳᠡᠰᠢᠨ ᠨᠣᠭᠤᠭ᠎ᠠ ᠶᠢᠨ ᠦᠢᠯᠡᠳᠪᠦᠷᠢᠯᠡᠯ ᠡᠪᠦᠯ ᠤᠨ ᠤᠯᠠᠷᠢᠯ ᠤᠨ ᠵᠠᠭᠪᠤᠷ ᠲᠤ ᠣᠷᠣᠵᠤ᠂ ᠬᠠᠲᠤᠨ ᠭᠤᠣᠯ ᠬᠤᠸᠠᠶᠢᠾᠧ ᠭᠤᠣᠯ ᠬᠠᠶᠢᠾᠧ ᠭᠤᠤᠯ ᠬᠢᠭᠡᠳ ᠪᠦᠧᠧᠬᠠᠢ ᠲᠠᠩᠭᠢᠰ ᠢ ᠲᠣᠭᠤᠷᠢᠭᠰᠠᠨ ᠲᠦᠬᠦᠭᠡᠷᠦᠮᠵᠢᠳᠤ ᠢᠳᠡᠰᠢᠨ ᠨᠣᠭᠤᠭ᠎ᠠ ᠶᠢᠨ ᠦᠢᠯᠡᠳᠪᠦᠷᠢᠯᠡᠯ ᠤᠨ ᠥᠷᠲᠡᠭ ᠤᠯᠠᠮ ᠢᠶᠠᠷ ᠨᠡᠮᠡᠭᠳᠡᠵᠦ᠂ ᠲᠦᠬᠦᠭᠡᠷᠦᠮᠵᠢᠳᠤ ᠦᠢᠯᠡᠳᠪᠦᠷᠢᠯᠡᠯ ᠤᠨ ᠥᠪᠡᠷ ᠤᠨ ᠥᠷᠲᠡᠭ ᠳᠡᠭᠡᠭᠰᠢᠯᠡᠨ᠂ ᠵᠢᠱᠢᠯᠲᠡ ᠪᠠᠷ ᠰᠡᠭᠦᠯᠴᠢ ᠶᠢᠨ ᠬᠤᠭᠤᠴᠠᠭᠠᠨ ᠤ ᠢᠳᠡᠰᠢᠨ ᠨᠣᠭᠤᠭ᠎ᠠ ᠶᠢᠨ ᠦᠨ᠎ᠡ ᠤᠯᠠᠷᠢᠯ ᠤᠨ ᠴᠢᠨᠠᠷᠲᠠᠢ ᠦᠰᠦᠯᠲᠡ ᠳᠤ ᠢᠳᠡᠭ ᠢᠳᠡᠭ ᠢᠶᠠᠷ ᠰᠢᠯᠵᠢᠬᠦ ᠪᠣᠯᠣᠨ᠎ᠠ᠃   ᠢᠷᠡᠯᠲᠡ᠄ ᠲᠦᠪ ᠲᠧᠯᠸᠢᠰ ᠤᠨ ᠰᠦᠯᠵᠢᠶ᠎ᠡ
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ