ᠤᠯᠠᠭᠠᠨᠴᠠᠪ ᠤᠨ ᠲᠥᠮᠥᠰᠥ ᠠᠩᠬ᠎ᠠ ᠤᠳᠠᠭ᠎ᠠ ᠭᠠᠳᠠᠭᠠᠲᠤ ᠳᠤ ᠭᠠᠷᠪᠠ
ᠨᠡᠶᠢᠲᠡᠯᠡᠭᠰᠡᠨ ᠴᠠᠭ᠄
2023/12/5
   ᠣᠶᠢᠷ᠎ᠠ ᠳᠤ ᠬᠥᠬᠡᠬᠤᠲᠠ ᠪᠣᠭᠤᠮᠲᠠ ᠶᠢᠨ ᠬᠠᠷᠢᠶᠠᠨ ᠳᠠᠬᠢ ᠵᠢᠨᠢᠩ ᠪᠣᠭᠤᠮᠲᠠ ᠶᠢᠨ ᠬᠢᠨᠠᠯᠲᠠ ᠬᠠᠮᠢᠶᠠᠷᠤᠯᠲᠠ ᠲᠤᠤᠷ᠎ᠠ ᠨᠢᠭᠡ ᠪᠦᠯᠦᠭ 22 ᠲᠣᠨ ᠲᠥᠮᠥᠰᠥ ᠶᠢ ᠭᠠᠳᠠᠭᠠᠳᠤ ᠳᠤ ᠭᠠᠷᠭᠠᠵᠠᠢ᠃ ᠡᠨᠡ ᠨᠢ ᠤᠯᠠᠭᠠᠨᠴᠠᠪ ᠤᠨ ᠪᠠᠰᠠ ᠨᠢᠭᠡᠨ ᠤᠨᠴᠠᠯᠢᠬᠳᠤ ᠲᠠᠷᠢᠶᠠᠯᠠᠩ ᠤᠨ ᠪᠦᠲᠦᠭᠡᠭᠳᠡᠬᠦᠨ ᠲᠥᠮᠥᠰᠥ ᠶᠢ ᠠᠩᠬ᠎ᠠ ᠤᠳᠠᠭ᠎ᠠ ᠭᠠᠳᠠᠭᠠᠳᠤ ᠳᠤ ᠭᠠᠷᠭᠠᠭᠰᠠᠨ ᠢ ᠬᠠᠷᠠᠭᠤᠯᠵᠤ ᠪᠤᠢ᠃   ᠤᠯᠠᠭᠠᠨᠴᠠᠪ ᠬᠤᠲᠠ ᠥᠪᠥᠷ ᠮᠣᠩᠭᠤᠯ ᠤᠨ ᠳᠤᠮᠳᠠ ᠪᠠᠷᠠᠭᠤᠨ ᠬᠡᠰᠡᠭ ᠲᠤ ᠪᠠᠶᠢᠷᠢᠯᠠᠵᠤ᠂ ᠠᠭᠤᠷ ᠠᠮᠢᠰᠬᠤᠯ ᠭᠠᠩ ᠬᠠᠭᠤᠷᠠᠶ᠂ ᠨᠡᠷᠡᠨ ᠤ ᠲᠤᠰᠤᠯᠲᠠ ᠭᠦᠢᠴᠡᠳ᠂ ᠲᠥᠮᠥᠰᠥ ᠶᠢᠨ ᠤᠷᠭᠤᠯᠲᠠ ᠳᠤ ᠮᠠᠰᠢ ᠲᠣᠬᠢᠷᠠᠮᠵᠢᠲᠠᠶ ᠪᠠᠶᠢᠵᠤ᠂ ᠳᠤᠮᠳᠠᠳᠤ ᠤᠯᠤᠰ ᠤᠨ ᠬᠠᠮᠤᠭ ᠤᠨ ᠶᠡᠭᠡ ᠲᠥᠮᠥᠰᠥᠨ ᠤ ᠭᠤᠤᠯ ᠭᠠᠷᠤᠯᠲᠠ ᠶᠢᠨ ᠣᠷᠣᠨ ᠪᠤᠯᠵᠤ᠂ ︽ᠳᠤᠮᠳᠠᠳᠤ ᠤᠯᠤᠰ ᠤᠨ ᠲᠥᠮᠥᠰᠥ ᠶᠢᠨ ᠲᠥᠪ︾ ᠬᠡᠵᠤ ᠠᠯᠳᠠᠷᠰᠢᠵᠠᠢ᠃ ᠣᠶᠢᠷ᠎ᠠ ᠶᠢᠨ ᠵᠢᠯ ᠠᠴᠠ ᠨᠠᠭᠠᠰᠢ ᠂ ᠤᠯᠠᠭᠠᠨᠴᠠᠪ ᠬᠤᠲᠠ ᠲᠥᠷᠥᠯ ᠲᠡᠮᠳᠡᠭ ᠢ ᠡᠭᠦᠳᠬᠦ᠂ ᠶᠠᠰᠤ ᠴᠢᠨᠠᠷ ᠢ ᠳᠡᠭᠡᠭᠰᠢᠯᠡᠭᠦᠯᠬᠦ᠂ ᠦᠷ᠎ᠡ ᠠᠰᠢᠭ ᠢ ᠨᠡᠮᠡᠭᠳᠡᠭᠦᠯᠬᠦ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠲᠥᠮᠥᠰᠥ ᠶᠢᠨ ᠦᠢᠯᠡᠳᠪᠦᠷᠢᠯᠡᠯ ᠤᠨ ᠣᠷᠣᠨ ᠪᠠᠶᠢᠷᠢ ᠶᠢᠨ ᠳᠠᠪᠠᠭᠤᠯᠢᠭ ᠪᠠ ᠠᠵᠤ ᠦᠢᠯᠡᠰ ᠤᠨ ᠰᠠᠭᠤᠷᠢ ᠳᠤ ᠰᠠᠭᠤᠷᠢᠯᠠᠨ᠂ ᠲᠥᠮᠥᠰᠥ ᠳᠠᠷᠢᠬᠤ ᠶᠢ ᠶᠡᠭᠡ ᠬᠡᠪᠴᠢᠶ᠎ᠡ ᠪᠠᠷ ᠳᠡᠯᠭᠡᠷᠡᠭᠦᠯᠦᠭᠰᠡᠨ ᠢᠶᠠᠷ ᠲᠥᠮᠥᠰᠥ ᠶᠢᠨ ᠠᠵᠤ ᠦᠢᠯᠡᠰ ᠲᠠᠰᠤᠷᠠᠯᠲᠠ ᠥᠬᠡᠶ ᠬᠥᠭᠵᠢᠨ ᠪᠤᠵᠠᠭᠠᠶᠢᠷᠠᠪᠠ᠃   ᠲᠤᠰ ᠤᠳᠠᠭ᠎ᠠ ᠶᠢᠨ ᠭᠠᠳᠠᠭᠠᠳᠤ ᠳᠤ ᠭᠠᠷᠭᠠᠭᠰᠠᠨ ᠲᠥᠮᠥᠰᠥ ᠶᠢ ᠥᠪᠥᠷ ᠮᠣᠩᠭᠤᠯ ᠤᠨ ᠮᠢᠨ ᠹᠤᠩ ᠦᠷ᠎ᠡ ᠶᠢᠨ ᠦᠢᠯᠡᠰ ᠤᠨ ᠬᠢᠵᠠᠭᠠᠷᠲᠤ ᠺᠣᠮᠫᠠᠨᠢ ᠦᠢᠯᠡᠳᠪᠦᠷᠢᠯᠡᠵᠠᠢ᠃ ︽ᠮᠠᠨ ᠤ ᠦᠢᠯᠡᠳᠬᠦᠨ ᠤ ᠴᠢᠨᠠᠷ ᠰᠢᠯᠢᠳᠡᠭ᠂ ᠠᠮᠲᠠ ᠨᠢ ᠰᠠᠶᠢᠨ᠂ ᠤᠯᠤᠰ ᠤᠨ ᠳᠣᠲᠣᠭᠠᠳᠤ ᠶᠢᠨ ᠵᠠᠬ᠎ᠠ ᠳᠡᠯᠭᠡᠭᠦᠷ ᠳᠡᠭᠡᠷ᠎ᠡ ᠪᠣᠷᠣᠯᠠᠭᠤᠯᠭ᠎ᠠ ᠰᠠᠶᠢᠨ ᠢᠶᠠᠷ ᠦᠯᠦ ᠪᠠᠷᠠᠨ ᠵᠠᠷᠢᠮ ᠭᠠᠳᠠᠭᠠᠳᠤ ᠶᠢᠨ ᠬᠡᠷᠡᠭᠯᠡᠭᠴᠢᠳ ᠴᠦ ᠰᠠᠨᠠᠭᠠᠴᠢᠯᠠᠭ᠎ᠠ ᠠᠴᠠ ᠪᠠᠨ ᠪᠢᠳᠡᠨ ᠲᠠᠢ ᠬᠠᠷᠢᠯᠴᠠᠵᠤ ᠪᠠᠷᠠᠭ᠎ᠠ ᠠᠪᠬᠤ ᠰᠠᠨᠠᠭ᠎ᠠ ᠪᠠᠨ ᠢᠯᠡᠳᠭᠡᠳᠡᠭ᠂ ᠭᠡᠪᠡᠴᠦ ᠪᠢᠳᠡ ᠭᠠᠳᠠᠭᠠᠳᠤ ᠳᠤ ᠭᠠᠷᠭᠠᠬᠤ ᠲᠠᠯ᠎ᠠ ᠪᠠᠷ ᠠᠷᠭ᠎ᠠ ᠵᠠᠮ ᠢᠶᠠᠨ ᠤᠯᠬᠤ ᠦᠭᠡᠢ ᠭᠠᠴᠢᠭᠳᠠᠵᠤ ᠪᠠᠶᠢᠵᠠᠢ᠃ ᠪᠣᠭᠤᠮᠲᠠ ᠶᠢᠨ ᠬᠠᠮᠢᠶ᠎ᠠ ᠪᠦᠬᠦᠢ ᠠᠵᠢᠯᠳᠠᠳ ᠤᠨ ᠲᠤᠬᠠᠶ ᠶᠢᠨ ᠲᠠᠯᠠᠪᠠᠶ ᠶᠢᠨ ᠵᠢᠯᠣᠭᠤᠳᠣᠯᠭ᠎ᠠ ᠲᠤᠤᠷ᠎ᠠ᠂ ᠪᠢᠳᠡ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠰᠢᠰᠲ᠋ᠧᠮ ᠢᠶᠠᠨ ᠤᠯᠠᠮ ᠲᠡᠭᠦᠯᠳᠡᠷᠵᠢᠭᠦᠯᠦᠭᠰᠡᠨ ᠪᠠᠶᠢᠨ᠎ᠠ᠃ ᠵᠠᠯᠭᠠᠭᠠᠳ ᠭᠠᠳᠠᠭᠠᠳᠤ ᠳᠤ ᠭᠠᠷᠭᠠᠬᠤ ᠬᠡᠪᠴᠢᠶ᠎ᠡ ᠪᠠᠨ ᠥᠷᠭᠡᠳᠭᠡᠵᠦ᠂ ᠤᠯᠠᠭᠠᠨᠴᠠᠪ ᠤᠨ ᠨᠠᠩ ᠣᠯᠠᠨ ᠴᠢᠨᠠᠷ ᠰᠠᠶᠢᠲᠠᠶ ᠲᠥᠮᠥᠰᠥ ᠶᠢᠨ ᠦᠢᠯᠡᠳᠬᠦᠨ ᠢ ᠭᠠᠳᠠᠭᠠᠳᠤ ᠳᠤ ᠭᠠᠷᠭᠠᠬᠤ ᠳᠤ ᠢᠲᠡᠭᠡᠯ ᠲᠡᠭᠦᠯᠳᠡᠷ ᠪᠠᠶᠢᠨ᠎ᠠ︾ ᠭᠡᠵᠤ ᠲᠤᠰ ᠺᠣᠮᠫᠠᠨᠢ ᠶᠢᠨ ᠪᠣᠷᠣᠯᠠᠭᠤᠯᠭ᠎ᠠ ᠶᠢᠨ ᠶᠡᠷᠦᠩᠬᠡᠶ ᠬᠢᠨᠠᠭᠴᠢ ᠰᠢᠶᠤ ᠰᠢᠨ ᠶᠠᠷᠢᠵᠤ ᠪᠠᠶᠢᠯ᠎ᠠ᠃   ︽ᠪᠢᠳᠡ ᠬᠠᠷᠢᠶ᠎ᠠ ᠭᠠᠵᠠᠷ ᠤᠷᠤᠨ ᠤ ᠠᠵᠤ ᠠᠬᠤᠶᠢᠯᠠᠯ ᠤᠨ ᠭᠠᠳᠠᠭᠠᠳᠤ ᠭᠠᠷᠭᠠᠯᠲᠠ ᠶᠢᠨ ᠡᠬᠢ ᠪᠠᠶᠠᠯᠢᠭ ᠢ ᠭᠦᠢᠴᠡᠳ ᠠᠭᠤᠳᠠᠯᠵᠤ᠂ ᠲᠥᠷᠥ ᠶᠢᠨ ᠪᠣᠳᠣᠯᠭ᠎ᠠ ᠶᠢᠨ ᠤᠬᠠᠭᠤᠯᠤᠨ ᠲᠠᠶᠢᠯᠪᠤᠷᠢᠯᠠᠯᠲᠠ᠂ ︿ᠰᠠᠭᠠᠳ ᠥᠬᠡᠶ ᠨᠡᠪᠲᠡᠷᠡᠬᠦ ᠵᠠᠮ﹀ ᠵᠡᠷᠭᠡ ᠠᠵᠤ ᠠᠬᠤᠶᠢᠯᠠᠯ ᠳᠤ ᠠᠰᠢᠭ ᠬᠦᠷᠲᠡᠭᠡᠬᠦ ᠠᠷᠭ᠎ᠠ ᠬᠡᠮᠵᠢᠶ᠎ᠡ ᠶᠢ ᠦᠷᠭᠦᠯᠵᠢᠯᠡᠨ ᠬᠡᠷᠡᠭᠵᠢᠭᠦᠯᠵᠦ᠂ ᠨᠠᠩ ᠣᠯᠠᠨ ᠤᠨᠴᠠᠯᠢᠬᠳᠤ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠲᠦᠭᠡᠭᠳᠡᠬᠦᠨ ᠢ ᠭᠠᠳᠠᠭᠠᠳᠤ ᠳᠤ ᠭᠠᠷᠭᠠᠬᠤ ᠳᠤ ᠬᠦᠴᠦᠨ ᠨᠡᠮᠡᠷᠢᠯᠡᠵᠦ᠂ ᠤᠯᠠᠭᠠᠨᠴᠠᠪ ᠤᠨ ᠭᠠᠳᠠᠭᠠᠳᠤ ᠬᠠᠨᠳᠤᠯᠭᠠᠲᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠦᠢᠯᠡᠴᠢᠯᠡᠨ᠎ᠡ︾ ᠭᠡᠵᠦ ᠵᠢᠨᠢᠩ ᠪᠣᠭᠤᠮᠲᠠ ᠶᠢᠨ ᠳᠠᠷᠤᠭ᠎ᠠ ᠪᠦᠦ ᠬᠤᠢ ᠴᠢᠤᠸᠠᠨ ᠶᠠᠷᠢᠨ᠎ᠠ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ