1. ᠮᠤᠩᠭᠤᠯ ᠦᠨᠳᠦᠰᠦᠲᠡᠨ ᠤ ᠤᠷᠲᠦ ᠶᠢᠨ ᠳᠠᠭᠤᠤ᠄ ︵2005 ᠤᠨ ᠤ 11 ᠰᠠᠷ᠎ᠠ ᠶᠢᠨ 25 ᠤ ᠡᠳᠦᠷ ᠪᠦᠷᠢᠳᠭᠡᠭᠰᠡᠨ ᠬᠦᠮᠦᠨ | ᠲᠦᠷᠦᠯᠬᠢᠲᠠᠨ ᠤ ᠭᠤᠷᠪᠠᠳᠤᠭᠠᠷ ᠪᠦᠯᠦᠭ ᠪᠤᠳᠠᠰ ᠤᠨ ᠪᠤᠰᠤ ᠰᠤᠶᠤᠯ ᠤᠨ ᠦᠪ ᠤᠨ ᠲᠦᠷᠦᠯ ᠵᠦᠢᠯ︶ ᠮᠤᠩᠭᠤᠯ ᠦᠨᠳᠦᠰᠦᠲᠡᠨ ᠤ ᠤᠷᠲᠦ ᠶᠢᠨ | ᠳᠠᠭᠤᠤ ᠪᠤᠯ ᠢᠯᠡ ᠲᠤᠲᠦ ᠨᠡᠭᠦᠳᠡᠯ ᠠᠮᠢᠳᠦᠷᠠᠯ ᠤᠨ ᠤᠨᠴᠠᠯᠢᠭ ᠪᠠ ᠦᠪᠡᠷᠮᠢᠴᠡ ᠤᠨᠴᠠᠯᠢᠭ ᠲᠠᠢ ᠳᠠᠭᠤᠯᠠᠬᠤ ᠬᠡᠯᠪᠡᠷᠢ ᠪᠠᠷ ᠮᠤᠩᠭᠤᠯ ᠦᠨᠳᠦᠰᠦᠲᠡᠨ ᠤ | ᠲᠡᠤᠭᠡ ᠰᠤᠶᠤᠯ᠂ ᠬᠦᠮᠦᠨ ᠢᠷᠭᠡᠨᠰᠢᠯ᠂ ᠶᠤᠰᠤ ᠰᠤᠷᠲᠠᠬᠤᠨ᠂ ᠬᠦᠨ ᠤᠬᠠᠭᠠᠨ ᠪᠤᠯᠤᠨ ᠤᠳᠬ᠎ᠠ ᠤᠷᠠᠯᠢᠭ ᠢ ᠲᠤᠰᠬᠠᠬᠰᠠᠨ ᠪᠠᠶᠢᠳᠠᠬ᠃ | 2. ᠬᠦᠭᠡᠮᠠᠢ᠄ ︵2009 ᠤᠨ ᠤ 10 ᠰᠠᠷ᠎ᠠ ᠶᠢᠨ 1 ᠤ ᠡᠳᠦᠷ ᠪᠦᠷᠢᠳᠭᠡᠭᠰᠡᠨ ᠳᠡᠯᠡᠬᠡᠢ ᠶᠢᠨ ᠪᠤᠳᠠᠰ ᠤᠨ ᠪᠤᠰᠤ ᠰᠤᠶᠤᠯ ᠤᠨ ᠦᠪ ᠤᠨ | ᠲᠦᠷᠦᠯ ᠵᠦᠢᠯ︶ ᠬᠦᠭᠡᠮᠡᠢ ᠪᠤᠯ ᠮᠤᠩᠭᠤᠯ ᠬᠦᠮᠦᠨ ᠤ ᠡᠭᠦᠳᠦᠨ ᠪᠦᠲᠦᠭᠡᠭᠰᠡᠨ ᠨᠢᠭᠡ ᠵᠦᠢᠯ ᠤᠨ ᠭᠠᠶᠢᠬᠠᠮᠰᠢᠬᠲᠦ ᠳᠠᠭᠤᠯᠠᠬᠤᠢ ᠤᠷᠠᠯᠢᠭ ᠶᠤᠮ᠃ | ᠳᠠᠭᠤᠯᠠᠬᠴᠢ ᠠᠴᠠ ᠨᠢᠭᠡ ᠯᠡ ᠳᠡᠭᠡᠷ᠎ᠠ ᠬᠤᠶᠠᠷ ᠵᠦᠢᠯ ᠤᠨ ᠲᠠᠭᠤ ᠭᠠᠷᠭᠠᠳᠠᠬ᠃ ᠳᠤᠮᠳᠠᠲᠦ ᠶᠢᠨ ᠦᠨᠳᠦᠰᠦᠲᠡᠨ ᠤ ᠳᠤᠳᠤᠷ᠎ᠠ ᠴᠤᠷ ᠤᠨ ᠭᠠᠭᠴᠠ | ᠪᠠᠶᠢᠳᠠᠬ ᠤᠨᠴᠠᠭᠠᠢ ᠤᠷᠠᠯᠢᠭ ᠮᠦᠨ᠃ | 3. ᠮᠤᠩᠭᠤᠯ ᠦᠨᠳᠦᠰᠦᠲᠡᠨ ᠤ ᠮᠤᠷᠢᠨ ᠬᠤᠭᠤᠷ᠄ ︵2006 ᠤᠨ ᠤ 5 ᠰᠠᠷ᠎ᠠ ᠶᠢᠨ 20 ᠤ ᠡᠳᠦᠷ ᠪᠦᠷᠢᠳᠭᠡᠭᠰᠡᠨ ᠲᠦᠷᠦᠭᠦᠦ ᠪᠦᠯᠦᠭ | ᠤᠯᠤᠰ ᠤᠨ ᠳᠡᠰ ᠤᠨ ᠪᠤᠳᠠᠰ ᠤᠨ ᠪᠤᠰᠤ ᠰᠤᠶᠤᠯ ᠤᠨ ᠦᠪ ᠤᠨ ᠲᠦᠷᠦᠯ ᠵᠦᠢᠯ︶ ᠮᠤᠷᠢᠨ ᠬᠤᠭᠤᠷ ᠪᠤᠯ ᠨᠢᠭᠡ ᠵᠦᠢᠯ ᠤᠨ ᠬᠤᠶᠠᠷ ᠴᠢᠪᠬᠠᠳᠠᠰᠦ | ᠪᠦᠬᠦᠢ ᠴᠢᠪᠬᠠᠳᠠᠰᠦᠲᠦ ᠬᠦᠭᠵᠢᠮ᠂ ᠱᠠᠲᠦᠯᠵᠢᠨ ᠬᠡᠯᠪᠡᠷᠢ ᠶᠢᠨ ᠬᠤᠭᠤᠷ ᠤᠨ ᠪᠡᠶ᠎ᠠ ᠵᠢᠴᠢ ᠮᠤᠷᠢᠨ ᠲᠤᠯᠤᠭᠠᠢ ᠶᠢᠨ ᠬᠡᠯᠪᠡᠷᠢ ᠲᠠᠢ ᠰᠠᠶᠢᠯᠵᠦ ᠪᠦᠲᠦᠭᠡᠭᠰᠡᠨ | ᠬᠤᠭᠤᠷ ᠤᠨ ᠪᠠᠷᠢᠭᠤᠯ ᠲᠠᠢ᠂ ᠮᠤᠩᠭᠤᠯ ᠬᠦᠮᠦᠨ ᠤ ᠬᠠᠮᠤᠭ ᠠᠴᠠ ᠪᠠᠭ᠋ᠠᠷᠳᠠᠭ ᠬᠦᠭᠵᠢᠮ ᠪᠤᠯᠬᠤ ᠶᠤᠮ᠃ | 4. ᠮᠤᠩᠭᠤᠯ ᠦᠨᠳᠦᠰᠦᠲᠡᠨ ᠤ ᠠᠨᠳᠠᠢ ᠪᠦᠵᠢᠭ᠄ ︵2006 ᠤᠨ ᠤ 5 ᠰᠠᠷ᠎ᠠ ᠶᠢᠨ 20 ᠤ ᠡᠳᠦᠷ ᠪᠦᠷᠢᠳᠭᠡᠭᠰᠡᠨ ᠲᠦᠷᠦᠭᠦᠦ ᠪᠦᠯᠦᠭ | ᠤᠯᠤᠰ ᠤᠨ ᠳᠡᠰ ᠤᠨ ᠪᠤᠳᠠᠰ ᠤᠨ ᠪᠤᠰᠤ ᠰᠤᠶᠤᠯ ᠤᠨ ᠦᠪ ᠤᠨ ᠲᠦᠷᠦᠯ ᠵᠦᠢᠯ︶ ᠠᠨᠳᠠᠢ ᠪᠦᠵᠢᠭ ᠨᠢ ᠮᠢᠩ ᠤᠨ ᠰᠡᠭᠦᠯᠴᠢ ᠴᠢᠩ ᠤᠨ ᠡᠬᠢᠨ ᠳᠤ | ᠬᠤᠷᠴᠢᠨ ᠤ ᠲᠠᠯ᠎ᠠ ᠨᠤᠲᠤᠭ ᠤᠨ ᠡᠮᠤᠨ᠎ᠠ ᠬᠡᠰᠡᠭ ᠤᠨ ᠬᠦᠷᠢᠶ᠎ᠠ ᠬᠤᠰᠢᠭᠤ ᠠᠴᠠ ᠡᠭᠦᠰᠦᠯᠳᠠᠢ᠃ ᠬᠠᠮᠤᠭ ᠡᠭᠢᠨ ᠳᠤ ᠪᠠᠨ ᠡᠪᠡᠳᠴᠢᠨ ᠵᠠᠰᠠᠬᠤ | ᠪᠦᠭᠡ ᠶᠢᠨ ᠱᠠᠰᠢᠨ ᠤ ᠨᠢᠭᠡ ᠵᠦᠢᠯ ᠤᠨ ᠪᠦᠵᠢᠭ ᠪᠠᠶᠢᠵᠠᠢ᠂ ᠬᠤᠵᠢᠮ ᠨᠢ ᠠᠯᠭᠤᠷ ᠠᠭᠠᠵᠢᠮ ᠢᠶᠠᠷ ᠪᠠᠶᠠᠷ ᠪᠠᠭ᠋ᠠᠲᠦᠯᠲᠦ ᠰᠡᠳᠬᠢᠯᠭᠡ ᠶᠢ ᠢᠯᠡᠷᠡᠭᠦᠯᠦᠭᠰᠡᠨ | ᠦᠨᠳᠦᠰᠦᠲᠡᠨ ᠤ ᠠᠷᠡᠳ ᠤᠨ ᠪᠦᠵᠢᠭ ᠪᠤᠯᠪᠠ᠃ | 5. ᠮᠤᠩᠭᠤᠯ ᠦᠨᠳᠦᠰᠦᠲᠡᠨ ᠤ ᠠᠷᠡᠳ ᠤᠨ ᠳᠠᠭᠤᠤ᠄ ︵2008 ᠤᠨ ᠤ 6 ᠰᠠᠷ᠎ᠠ ᠶᠢᠨ 7 ᠤ ᠡᠳᠦᠷ ᠪᠦᠷᠢᠳᠭᠡᠭᠰᠡᠨ ᠬᠤᠶᠠᠳᠤᠭᠠᠷ ᠪᠦᠯᠦᠭ | ᠤᠯᠤᠰ ᠤᠨ ᠳᠡᠰ ᠤᠨ ᠪᠤᠳᠠᠰ ᠤᠨ ᠪᠤᠰᠤ ᠰᠤᠶᠤᠯ ᠤᠨ ᠦᠪ ᠤᠨ ᠲᠦᠷᠦᠯ ᠵᠦᠢᠯ︶ ᠮᠤᠩᠭᠤᠯ ᠦᠨᠳᠦᠰᠦᠲᠡᠨ ᠤ ᠠᠷᠡᠳ ᠤᠨ ᠳᠠᠭᠤᠤ ᠶᠢ ᠭᠤᠤᠯᠳᠠᠭᠤ | ᠨᠠᠶᠢᠷ ᠤᠨ ᠳᠠᠭᠤᠤ ᠪᠤᠯᠤᠨ ᠬᠦᠳᠡᠭᠡ ᠶᠢᠨ ᠳᠠᠭᠤᠤ ᠭᠡᠵᠤ ᠬᠤᠶᠠᠷ ᠲᠦᠷᠦᠯ ᠬᠤᠪᠢᠶᠠᠨ᠎ᠠ᠃ ᠠᠭᠤᠯᠭ᠎ᠠ ᠨᠢ ᠲᠤᠩ ᠪᠠᠶᠠᠯᠢᠭ᠃ ᠢᠨᠠᠬ ᠬᠠᠶᠢᠷ᠎ᠠ ᠶᠢ | ᠳᠠᠭᠤᠯᠠᠬᠰᠠᠨ᠂ ᠠᠬᠳᠠ ᠬᠦᠯᠦᠭ ᠢ ᠮᠠᠭᠳᠠᠭᠰᠠᠨ᠂ ᠲᠠᠯ᠎ᠠ ᠨᠤᠲᠤᠭ ᠠᠭᠤᠯᠠ ᠬᠠᠶᠢᠷᠬᠠᠨ ᠵᠢᠴᠢ ᠤᠰᠤ ᠮᠦᠷᠡᠨ ᠢᠶᠠᠨ ᠬᠠᠶᠢᠷᠠᠯᠠᠨ ᠮᠠᠬᠳᠠᠬᠰᠠᠨ ᠵᠡᠷᠭᠡ ᠪᠤᠢ | ᠂ ᠡᠳᠡᠭᠡᠷ ᠠᠷᠡᠳ ᠤᠨ ᠳᠠᠭᠤᠤ ᠨᠢ ᠮᠤᠩᠭᠤᠯ ᠦᠨᠳᠦᠰᠦᠲᠡᠨ ᠤ ᠵᠠᠩ ᠤᠢᠢᠯᠡ ᠶᠢ ᠠᠮᠢᠳᠦᠯᠢᠬ ᠲᠤᠰᠬᠠᠬᠰᠠᠨ ᠪᠠᠶᠢᠳᠠᠬ᠃ | 6. ᠨᠠᠭᠠᠳᠦᠮ᠄ ︵2006 ᠤᠨ ᠤ 5 ᠰᠠᠷ᠎ᠠ ᠶᠢᠨ 20 ᠤ ᠡᠳᠦᠷ ᠪᠦᠷᠢᠳᠭᠡᠭᠰᠡᠨ ᠲᠦᠷᠦᠭᠦᠦ ᠪᠦᠯᠦᠭ ᠤᠯᠤᠰ ᠤᠨ ᠳᠡᠰ ᠤᠨ ᠪᠤᠳᠠᠰ ᠤᠨ | ᠪᠤᠰᠤ ᠰᠤᠶᠤᠯ ᠤᠨ ᠦᠪ ᠤᠨ ᠲᠦᠷᠦᠯ ᠵᠦᠢᠯ︶ ᠨᠠᠭᠠᠳᠦᠮ ᠪᠤᠯ ᠮᠤᠩᠭᠤᠯ ᠦᠨᠳᠦᠰᠦᠲᠡᠨ ᠤ ᠤᠷᠳᠤ ᠤᠳᠠᠭᠠᠨ ᠲᠡᠤᠭᠡ ᠲᠠᠢ ᠤᠯᠠᠮᠵᠢᠯᠠᠯᠲᠦ ᠪᠠᠶᠠᠷ | ᠨᠠᠶᠢᠷ ᠤᠨ ᠠᠵᠢᠯᠯᠠᠭ᠎ᠠ᠂ ᠮᠤᠩᠭᠤᠯ ᠦᠨᠳᠦᠰᠦᠲᠡᠨ ᠤ ᠠᠮᠢᠳᠦᠷᠠᠯ ᠳᠤ ᠲᠤᠩ ᠶᠡᠭᠡ ᠪᠠᠶᠢᠷᠢ ᠰᠠᠭᠤᠷᠢ ᠲᠠᠢ ᠪᠠᠶᠢᠳᠠᠬ᠃ | 7. ᠴᠢᠩᠬᠢᠰ ᠤᠨ ᠳᠠᠬᠢᠯᠭ᠎ᠠ᠄ ︵2006 ᠤᠨ ᠤ 5 ᠰᠠᠷ᠎ᠠ ᠶᠢᠨ 20 ᠤ ᠡᠳᠦᠷ ᠪᠦᠷᠢᠳᠭᠡᠭᠰᠡᠨ ᠲᠦᠷᠦᠭᠦᠦ ᠪᠦᠯᠦᠭ ᠤᠯᠤᠰ ᠤᠨ ᠳᠡᠰ ᠤᠨ | ᠪᠤᠳᠠᠰ ᠤᠨ ᠪᠤᠰᠤ ᠰᠤᠶᠤᠯ ᠤᠨ ᠦᠪ ᠤᠨ ᠲᠦᠷᠦᠯ ᠵᠦᠢᠯ︶ ᠴᠢᠩᠬᠢᠰ ᠤᠨ ᠲᠠᠬᠢᠯᠭ᠎ᠠ ᠪᠤᠯ ᠮᠤᠩᠭᠤᠯ ᠦᠨᠳᠦᠰᠦᠲᠡᠨ ᠤ ᠴᠢᠩᠬᠢᠰ ᠢ ᠲᠠᠬᠢᠬᠤ ᠶᠤᠰᠤᠨ | ᠪᠤᠯᠤᠨ᠎ᠠ᠃ ᠨᠢᠭᠡ ᠵᠢᠯ ᠵᠢᠷᠠᠭᠠᠳ ᠤᠳᠠᠭ᠎ᠠ ᠲᠤᠰᠬᠠᠢ ᠲᠦᠷᠦᠯ ᠤᠨ ᠲᠠᠬᠢᠯᠭ᠎ᠠ ᠬᠢᠵᠤ᠂ ᠵᠢᠯ ᠪᠦᠷᠢ ᠶᠢᠨ ᠪᠢᠯᠢᠭ ᠤᠨ ᠤᠯᠠᠷᠢᠯ ᠤᠨ 3 ᠰᠠᠷ᠎ᠠ ᠶᠢᠨ 20 ᠤ | ᠡᠳᠦᠷ ᠬᠠᠪᠤᠷ ᠤᠨ ᠳᠠᠬᠢᠯᠭ᠎ᠠ ᠭᠢᠳᠡᠭ᠂ ᠡᠨᠡ ᠨᠢ ᠬᠦᠷᠢᠶ᠎ᠠ ᠬᠡᠪᠴᠢᠶ᠎ᠠ ᠪᠠᠷ ᠬᠠᠮᠤᠭ ᠶᠡᠭᠡ᠂ ᠦᠪᠡᠳᠡᠭᠰᠢ ᠶᠡᠭᠡ ᠲᠠᠬᠢᠯᠭ᠎ᠠ ᠪᠤᠯᠤᠨ᠎ᠠ᠃ | 8. ᠮᠤᠩᠭᠤᠯ ᠦᠨᠳᠦᠰᠦᠲᠡᠨ ᠤ ᠳᠦᠷᠪᠡᠨ ᠤᠳᠠᠰᠦᠲᠦ ᠬᠤᠭᠤᠷ ᠤᠨ ᠬᠦᠭᠵᠢᠮ᠄ ︵2006 ᠤᠨ ᠳᠤ ᠪᠦᠷᠢᠳᠭᠡᠭᠰᠡᠨ ᠤᠯᠤᠰ ᠤᠨ ᠳᠡᠰ ᠤᠨ | ᠪᠤᠳᠠᠰ ᠤᠨ ᠪᠤᠰᠤ ᠰᠤᠶᠤᠯ ᠤᠨ ᠦᠪ ᠤᠨ ᠲᠦᠷᠦᠯ ᠵᠦᠢᠯ︶ ᠮᠤᠩᠭᠤᠯ ᠦᠨᠳᠦᠰᠦᠲᠡᠨ ᠤ ᠲᠦᠷᠪᠡᠨ ᠤᠳᠠᠰᠦᠲᠦ ᠬᠤᠭᠤᠷ ᠤᠨ ᠬᠦᠭᠵᠢᠮ ᠪᠤᠯ | ᠳᠤᠮᠳᠠᠲᠦ ᠤᠯᠤᠰ ᠤᠨ ᠪᠤᠳᠠᠰ ᠤᠨ ᠪᠤᠰᠤ ᠰᠤᠶᠤᠯ ᠤᠨ ᠦᠪ ᠤᠨ ᠨᠢᠭᠡ ᠪᠤᠯᠤᠨ᠎ᠠ᠃ ᠮᠤᠩᠭᠤᠯ ᠦᠨᠳᠦᠰᠦᠲᠡᠨ ᠤ ᠳᠦᠷᠪᠡᠨ ᠤᠳᠠᠰᠦᠲᠦ ᠬᠤᠭᠤᠷ ᠤᠨ | ᠬᠦᠭᠵᠢᠮ ᠨᠢ ᠮᠤᠩᠭᠤᠯ ᠦᠨᠳᠦᠰᠦᠲᠡᠨ ᠤ ᠤᠨᠴᠠᠯᠢᠭ ᠪᠦᠭᠦᠢ ᠬᠦᠭᠵᠢᠮᠳᠡᠭᠦᠷ ᠤᠨ ᠨᠢᠭᠡ᠃ ᠭᠤᠤᠯᠳᠠᠭᠤ ᠳᠤᠮᠳᠠᠲᠦ ᠤᠯᠤᠰ ᠤᠨ ᠬᠤᠶᠢᠲᠦ ᠬᠡᠰᠡᠭ ᠤᠨ | ᠮᠤᠩᠭᠤᠯ ᠦᠨᠳᠦᠰᠦᠲᠡᠨ᠂ ᠬᠢᠲᠡᠳ ᠦᠨᠳᠦᠰᠦᠲᠡᠨ ᠪᠤᠯᠤᠨ ᠮᠤᠩᠭᠤᠯ ᠤᠯᠤᠰ ᠤᠨ ᠬᠢᠯᠢ ᠳᠤᠳᠤᠷ᠎ᠠ ᠤᠯᠠᠮᠵᠢᠯᠠᠬᠳᠠᠵᠦ ᠪᠠᠶᠢᠨ᠎ᠠ᠃ | 9. ᠮᠤᠩᠭᠤᠯ ᠦᠨᠳᠦᠰᠦᠲᠡᠨ ᠤ ᠴᠤᠭᠤᠷ᠄ ︵2008 ᠤᠨ ᠤ 6 ᠰᠠᠷ᠎ᠠ ᠳᠤ ᠪᠦᠷᠢᠳᠭᠡᠭᠰᠡᠨ ᠬᠤᠶᠠᠳᠤᠭᠠᠷ ᠪᠦᠯᠦᠭ ᠤᠯᠤᠰ ᠤᠨ ᠳᠡᠰ ᠤᠨ | ᠪᠤᠳᠠᠰ ᠤᠨ ᠪᠤᠰᠤ ᠰᠤᠶᠤᠯ ᠤᠨ ᠦᠪ ᠤᠨ ᠲᠦᠷᠦᠯ ᠵᠦᠢᠯ︶ ᠴᠤᠭᠤᠷ ᠪᠤᠯ ᠰᠢᠨᠵᠢᠶᠠᠩ ᠤᠨ ᠮᠤᠩᠭᠤᠯ ᠦᠨᠳᠦᠰᠦᠲᠡᠨ ᠤ ᠲᠤᠸ᠋ᠨ ᠬᠦᠮᠦᠨ ᠤ | ᠦᠯᠢᠶᠡᠳᠡᠭ ᠨᠢᠭᠡ ᠵᠦᠢᠯ ᠤᠨ ᠡᠷᠳᠡᠨ ᠤ ᠬᠦᠭᠵᠢᠮ᠂ ᠲᠡᠷᠡ ᠨᠢ ᠲᠡᠤᠭᠡ᠂ ᠰᠤᠶᠤᠯ ᠵᠢᠴᠢ ᠰᠢᠨᠵᠢᠯᠡᠬᠦ ᠤᠬᠠᠭᠠᠨ ᠤ ᠦᠨ᠎ᠠ ᠦᠷᠳᠡᠭ ᠢ ᠳᠤᠪᠤᠶᠢᠯᠭᠠᠵᠦ | ᠪᠠᠶᠢᠳᠠᠭ᠃ | 10. ᠮᠤᠩᠭᠤᠯ ᠦᠨᠳᠦᠰᠦᠲᠡᠨ ᠤ ᠪᠦᠭᠡ᠄ ︵2006 ᠤᠨ ᠳᠤ ᠪᠦᠷᠢᠳᠭᠡᠭᠰᠡᠨ ᠲᠦᠷᠦᠭᠦᠦ ᠪᠦᠯᠦᠭ ᠤᠯᠤᠰ ᠤᠨ ᠳᠡᠰ ᠤᠨ ᠪᠤᠳᠠᠰ ᠤᠨ ᠪᠤᠰᠤ | ᠰᠤᠶᠤᠯ ᠤᠨ ᠦᠪ ᠤᠨ ᠲᠦᠷᠦᠯ ᠵᠦᠢᠯ︶ ᠪᠦᠭᠡ ᠪᠤᠯ ᠮᠤᠩᠭᠤᠯ ᠦᠨᠳᠦᠰᠦᠲᠡᠨ ᠤ ᠤᠯᠠᠮᠵᠢᠯᠠᠯᠲᠦ ᠪᠡᠶ᠎ᠠ ᠲᠠᠮᠢᠷ᠂ ᠵᠤᠭ᠎ᠠ ᠴᠡᠩᠭᠡᠯ ᠤᠨ ᠠᠵᠢᠯᠯᠠᠭ᠎ᠠ ᠶᠢᠨ | ᠨᠢᠭᠡ ᠪᠤᠯᠬᠤ ᠪᠦᠭᠡᠳ ᠮᠤᠩᠭᠤᠯ ᠦᠨᠳᠦᠰᠦᠲᠡᠨ ᠤ ᠡᠷ᠎ᠠ ᠶᠢᠨ ᠭᠤᠷᠪᠠᠨ ᠨᠠᠭᠠᠳᠦᠮ ᠤᠨ ᠳᠦᠷᠦᠭᠦᠨ ᠳᠤ ᠪᠤᠢ᠃ ᠤᠪᠤᠭ᠎ᠠ ᠲᠠᠬᠢᠬᠤ ᠪᠤᠶᠤ ᠨᠠᠶᠢᠷ | ᠨᠠᠭᠠᠳᠦᠮ ᠡᠷᠭᠢᠯᠡᠭᠦ ᠳᠤ ᠪᠦᠬᠡ ᠪᠠᠷᠢᠯᠳᠤᠬᠤ ᠨᠢ ᠬᠡᠵᠢᠶᠡᠳᠡ ᠳᠤᠲᠠᠬᠳᠠᠵᠦ ᠪᠤᠯᠤᠰᠢ ᠦᠭᠡᠢ ᠴᠢᠬᠤᠯᠠ ᠨᠢᠭᠡ ᠠᠭᠤᠯᠭ᠎ᠠ ᠪᠤᠯᠬᠤ ᠶᠤᠮ᠃ | 11. ᠮᠤᠩᠭᠤᠯ ᠦᠨᠳᠦᠰᠦᠲᠡᠨ ᠤ ᠬᠤᠷᠢᠮ ᠤᠨ ᠶᠤᠰᠤᠯᠠᠯ᠄ ︵2006 ᠤᠨ ᠤ 5 ᠰᠠᠷ᠎ᠠ ᠶᠢᠨ 20 ᠤ ᠡᠳᠦᠷ ᠪᠦᠷᠢᠳᠭᠡᠭᠰᠡᠨ ᠲᠦᠷᠦᠭᠦᠦ | ᠪᠦᠯᠦᠭ ᠤᠯᠤᠰ ᠤᠨ ᠳᠡᠰ ᠤᠨ ᠪᠤᠳᠠᠰ ᠤᠨ ᠪᠤᠰᠤ ᠰᠤᠶᠤᠯ ᠤᠨ ᠦᠪ ᠤᠨ ᠲᠦᠷᠦᠯ ᠵᠦᠢᠯ︶ ᠮᠤᠩᠭᠤᠯ ᠦᠨᠳᠦᠰᠦᠲᠡᠨ ᠬᠤᠷᠢᠮ ᠤᠨ ᠶᠤᠰᠤᠯᠠᠯ ᠢ ᠲᠤᠩ | ᠬᠦᠨᠳᠦᠳᠭᠡᠳᠡᠭ᠂ ᠬᠡᠲᠦ᠋ᠢᠪᠡᠷ ᠭᠠᠵᠠᠷ ᠤᠷᠤᠨ ᠠᠳᠠᠯᠢ ᠪᠤᠰᠤ᠂ ᠠᠭᠤᠯᠭ᠎ᠠ ᠬᠡᠯᠪᠡᠷᠢ ᠨᠢ ᠵᠦᠷᠢᠶ᠎ᠠ ᠲᠠᠢ ᠪᠤᠯᠪᠠᠴᠦ ᠴᠦᠮ ᠦᠪᠡᠳᠡᠭᠰᠢ ᠶᠡᠭᠡ᠂ ᠮᠦᠷᠳᠡᠭᠡᠨ | ᠬᠦᠷ ᠨᠠᠷᠬᠢᠶᠠᠨ ᠢᠶᠠᠷ ᠪᠢᠯᠬᠠᠮ᠎ᠠ ᠪᠠᠶᠢᠳᠠᠭ᠃ | 12. ᠮᠤᠩᠭᠤᠯ ᠭᠡᠷ ᠪᠤᠰᠬᠠᠬᠤ ᠤᠷ᠎ᠠ ᠮᠡᠷᠭᠡᠵᠢᠯ᠄ ︵2008 ᠤᠨ ᠳᠤ ᠪᠦᠷᠢᠳᠭᠡᠭᠰᠡᠨ ᠬᠤᠶᠠᠳᠤᠭᠠᠷ ᠪᠦᠯᠦᠭ ᠤᠯᠤᠰ ᠤᠨ ᠳᠡᠰ ᠤᠨ | ᠪᠤᠳᠠᠰ ᠤᠨ ᠪᠤᠰᠤ ᠰᠤᠶᠤᠯ ᠤᠨ ᠦᠪ ᠤᠨ ᠲᠦᠷᠦᠯ ᠵᠦᠢᠯ︶ ᠮᠤᠩᠭᠤᠯ ᠭᠡᠷ ᠪᠤᠯ ᠮᠤᠩᠭᠤᠯ ᠦᠨᠳᠦᠰᠦᠲᠡᠨ ᠤ ᠮᠠᠯᠴᠢᠳ ᠤᠨ ᠤᠷᠤᠰᠢᠨ ᠰᠠᠭᠤᠷᠢᠰᠢᠳᠠᠬ | ᠮᠠᠯᠵᠢᠬᠤ ᠤᠢᠢᠯᠡᠳᠪᠦᠷᠢᠯᠡᠯ ᠪᠤᠯᠤᠨ ᠨᠡᠭᠦᠳᠡᠯ ᠠᠮᠢᠳᠦᠷᠠᠯ ᠳᠤ ᠵᠤᠬᠢᠴᠠᠬᠤ ᠤᠷᠤᠨ ᠰᠠᠭᠤᠴᠠ ᠪᠤᠯᠤᠨ᠎ᠠ᠃ ᠮᠤᠩᠭᠤᠯ ᠭᠡᠷ ᠤᠨ ᠳᠤᠳᠤᠷ᠎ᠠ ᠠᠭᠤᠵᠢᠭᠤ | ᠲᠠᠭᠠᠲᠠᠢ᠂ ᠮᠤᠲᠤ ᠪᠠᠷ ᠬᠠᠨ᠎ᠠ ᠬᠢᠵᠦ᠂ ᠬᠤᠶᠠᠷ ᠠᠴᠠ ᠭᠤᠷᠪᠠᠨ ᠲᠠᠪᠬᠤᠷ ᠢᠰᠡᠬᠡᠢ ᠪᠦᠷᠢᠵᠦ᠂ ᠮᠤᠷᠢᠨ ᠳᠡᠯ ᠪᠤᠶᠤ ᠲᠡᠮᠡᠭᠡᠨ ᠨᠤᠯᠤᠤᠷ ᠢᠶᠠᠷ ᠳᠠᠮᠤᠵᠦ | ᠬᠢᠭᠰᠡᠨ ᠪᠦᠰᠡᠯᠡᠭᠦᠷ ᠢᠶᠠᠷ ᠤᠷᠢᠶᠠᠳᠠᠬ᠃ ᠳᠤᠭᠤᠨᠤ ᠪᠠᠷ ᠨᠢ ᠰᠠᠯᠬᠢ ᠨᠡᠪᠳᠡᠷᠡᠵᠦ ᠭᠡᠷᠡᠯ ᠤᠷᠤᠳᠠᠭ᠃ ᠮᠤᠩᠭᠤᠯ ᠭᠡᠷ ᠨᠢ ᠪᠤᠰᠬᠠᠵᠦ ᠪᠠᠭᠤᠯᠭᠠᠬᠤ ᠳᠤ | ᠲᠦᠬᠦᠮ ᠪᠤᠯᠬᠤᠷ ᠮᠠᠯᠴᠢᠳ ᠤᠨ ᠨᠡᠭᠦᠳᠡᠯᠯᠡᠨ ᠮᠠᠯᠵᠢᠬᠤ ᠳᠤ ᠲᠤᠬᠢᠷᠠᠳᠠᠭ᠃ | 13᠂ ᠮᠤᠩᠭᠤᠯ ᠦᠨᠳᠦᠰᠦᠳᠡᠨ ᠤ ᠬᠠᠰᠠᠬ ᠲᠡᠷᠭᠡ ᠵᠤᠬᠢᠶᠠᠬᠤ ᠮᠡᠷᠭᠡᠵᠢᠯ᠄ ︵2006 ᠤᠨ ᠳᠤ ᠪᠦᠷᠢᠳᠭᠡᠭᠰᠡᠨ ᠤᠯᠤᠰ ᠤᠨ ᠲᠡᠰ ᠤᠨ | ᠪᠤᠳᠠᠰ ᠤᠨ ᠪᠤᠰᠤ ᠰᠤᠶᠤᠯ ᠤᠨ ᠦᠪ ᠤᠨ ᠲᠦᠷᠦᠯ ᠵᠦᠢᠯ︶ ᠬᠠᠰᠠᠬ ᠲᠡᠷᠭᠡ ᠶᠢ ᠲᠤᠮᠤ ᠬᠦᠷᠳᠦᠳᠦ ᠲᠡᠷᠭᠡ ᠭᠡᠳᠡᠭ ᠪᠦᠭᠡᠳ ᠮᠤᠩᠭᠤᠯ | ᠦᠨᠳᠦᠰᠦᠳᠡᠨ ᠤ ᠮᠠᠯᠴᠢᠨ ᠲᠦᠮᠡᠨ ᠤ ᠤᠯᠠᠮᠵᠢᠯᠠᠯᠳᠤ ᠵᠠᠮ ᠬᠠᠷᠢᠯᠴᠠᠭᠠᠨ ᠤ ᠪᠠᠭᠠᠵᠢ ᠪᠠᠶᠢᠬᠰᠠᠨ ᠶᠤᠮ᠃ ᠬᠠᠰᠠᠬ ᠲᠡᠷᠭᠡ ᠵᠤᠬᠢᠶᠠᠬᠤ ᠨᠢ ᠮᠤᠩᠭᠤᠯ | ᠦᠨᠳᠦᠰᠦᠳᠡᠨ ᠤᠷᠳᠤ ᠤᠳᠠᠭᠠᠨ ᠲᠡᠤᠭᠡ ᠶᠢᠨ ᠬᠤᠭᠤᠴᠠᠭᠠᠨ ᠳᠠᠬᠢ ᠠᠮᠢᠳᠤᠷᠠᠯ ᠦᠢᠯᠡᠳᠪᠦᠷᠢᠯᠡᠯ᠂ ᠲᠠᠶᠢᠨ ᠪᠠᠶᠢᠯᠳᠤᠭᠠᠨ ᠤ ᠲᠤᠮᠳᠠ | ᠪᠤᠯᠪᠠᠰᠤᠷᠠᠭᠤᠯᠤᠭᠰᠠᠨ ᠨᠢᠭᠡ ᠵᠦᠢᠯ ᠤᠨ ᠮᠡᠷᠭᠡᠵᠢᠯ ᠪᠤᠯᠤᠨ᠎ᠠ᠃ | 14 . ᠮᠤᠩᠭᠤᠯ ᠦᠨᠳᠤᠰᠤᠳᠡᠨ ᠤ ᠮᠤᠷᠢᠨ ᠡᠳ᠋ᠯᠡᠯ ᠬᠡᠷᠡᠭᠰᠡᠯ ᠬᠢᠬᠦ ᠤᠷ᠎ᠠ ᠮᠡᠷᠭᠡᠵᠢᠯ᠄ ︵2008 ᠤᠨ ᠳᠤ ᠪᠦᠷᠢᠳᠭᠡᠭᠰᠡᠨ ᠬᠤᠶᠠᠳᠤᠭᠠᠷ | ᠪᠦᠯᠥᠭ ᠤᠯᠤᠰ ᠤᠨ ᠲᠡᠰ ᠤᠨ ᠪᠤᠳᠠᠰ ᠤᠨ ᠪᠤᠰᠤ ᠰᠤᠶᠤᠯ ᠤᠨ ᠦᠪ ᠤᠨ ᠲᠦᠷᠤᠯ ᠵᠦᠢᠯ︶ ᠮᠤᠩᠭᠤᠯ ᠦᠨᠳᠤᠰᠤᠳᠡᠨ ᠤ ᠮᠤᠷᠢᠨ ᠡᠳ᠋ᠯᠡᠯ ᠬᠡᠷᠡᠭᠰᠡᠯ | ᠬᠢᠬᠦ ᠤᠷ᠎ᠠ ᠮᠡᠷᠭᠡᠵᠢᠯ ᠪᠤᠯ ᠦᠪᠤᠷ ᠮᠤᠩᠭᠤᠯ ᠤᠨ ᠦᠪᠠᠷᠳᠡᠭᠡᠨ ᠵᠠᠰᠠᠬᠤ ᠤᠷᠤᠨ ᠤ ᠬᠤᠷᠴᠢᠨ ᠵᠡᠬᠦᠨ ᠭᠠᠷᠤᠨ ᠬᠤᠶᠢᠳᠤ ᠬᠤᠰᠢᠭᠤᠨ ᠤ ᠤᠷ᠎ᠠ ᠮᠡᠷᠭᠡᠵᠢᠯ | ᠪᠤᠯᠤᠨ᠎ᠠ᠃ ᠤᠷᠠᠴᠤᠳ ᠤᠨ ᠬᠢᠭᠰᠡᠨ ᠮᠤᠷᠢᠨ ᠡᠳ᠋ᠯᠡᠯ ᠭᠡᠷᠡᠭᠰᠡᠯ ᠨᠢ ᠤᠷ᠎ᠠ ᠮᠡᠷᠭᠡᠵᠢᠯ ᠢᠶᠠᠷ ᠤᠷᠠᠨ ᠨᠠᠷᠢᠯᠢᠭ᠂ ᠮᠠᠲᠧᠷᠢᠶᠠᠯ ᠰᠤᠩᠭᠤᠯᠳᠠ ᠨᠢ ᠤᠨᠴᠠᠭᠠᠢ | ᠪᠦᠭᠡᠳ ᠵᠠᠰᠠᠯ ᠴᠢᠮᠡᠭᠯᠡᠯ ᠨᠢ ᠭᠡᠭᠡᠨᠴᠢᠷ ᠰᠠᠶᠢᠬᠠᠨ᠂ ᠬᠡᠷᠡᠭᠯᠡᠯᠳᠠ ᠨᠢ ᠲᠠᠭᠠᠳᠠᠢ ᠪᠠᠶᠢᠳᠠᠭ ᠢᠶᠠᠷ ᠢᠶᠠᠨ ᠪᠤᠰᠤᠳ ᠦᠨᠳᠤᠰᠤᠳᠡᠨ ᠪᠠ ᠪᠤᠰᠤᠳ ᠭᠠᠵᠠᠷ | ᠤᠷᠤᠨ ᠤ ᠮᠤᠷᠢᠨ ᠡᠳ᠋ᠯᠡᠯ ᠬᠡᠷᠡᠭᠰᠡᠯ ᠠᠴᠠ ᠢᠯᠭᠠᠭᠳᠠᠬᠤ ᠦᠪᠠᠷᠮᠢᠴᠠ ᠤᠨᠴᠠᠯᠢᠭ ᠲᠠᠢ ᠪᠠᠶᠢᠳᠠᠭ᠃ | 15. ᠮᠤᠩᠭᠤᠯ ᠦᠨᠳᠤᠰᠤᠳᠡᠨ ᠤ ᠬᠤᠪᠴᠠᠰᠤ ᠵᠠᠰᠠᠯ᠄ ︵2008 ᠤᠨ ᠳᠤ ᠪᠦᠷᠢᠳᠭᠡᠭᠰᠡᠨ ᠤᠯᠤᠰ ᠤᠨ ᠲᠡᠰ ᠤᠨ ᠪᠤᠳᠠᠰ ᠤᠨ ᠪᠤᠰᠤ | ᠰᠤᠶᠤᠯ ᠤᠨ ᠦᠪ ᠤᠨ ᠲᠦᠷᠤᠯ ᠵᠦᠢᠯ︶ ᠮᠤᠩᠭᠤᠯ ᠦᠨᠳᠤᠰᠤᠳᠡᠨ ᠤ ᠬᠤᠪᠴᠠᠰᠤ ᠵᠠᠰᠠᠯ ᠨᠢ ᠭᠤᠥᠯᠳᠠᠭᠤ ᠲᠡᠷᠯᠢᠭ᠂ ᠪᠦᠰᠠ᠂ ᠭᠤᠳᠤᠯ᠂ ᠵᠢᠮᠰᠡᠭ | ᠵᠡᠷᠭᠡ ᠶᠢ ᠪᠠᠭᠳᠠᠭᠠᠵᠤ ᠪᠤᠢ᠃ ᠭᠡᠳᠡᠯ᠎ᠠ ᠭᠠᠵᠠᠷ ᠤᠷᠤᠨ ᠠᠳᠠᠯᠢ ᠦᠭᠡᠢ ᠠᠴᠠ ᠪᠤᠯᠵᠤ ᠬᠡᠯᠪᠡᠷᠢ ᠶᠠᠩᠵᠤ ᠨᠢ ᠴᠤ ᠠᠳᠠᠯᠢ ᠪᠤᠰᠤ ᠪᠠᠶᠢᠳᠠᠭ᠃ ᠮᠤᠩᠭᠤᠯ | ᠦᠨᠳᠤᠰᠤᠳᠡᠨ ᠤ ᠬᠤᠪᠴᠠᠰᠤ ᠵᠠᠰᠠᠯ ᠨᠢ ᠲᠠᠯ᠎ᠠ ᠨᠤᠳᠤᠭ ᠤᠨ ᠬᠡᠪ ᠨᠠᠮᠪᠠ ᠪᠠ ᠤᠨᠴᠠᠯᠢᠭ ᠢᠶᠠᠷ ᠲᠤᠪᠤᠶᠢᠮ᠎ᠠ ᠪᠠᠶᠢᠵᠤ᠂ ᠲᠡᠷᠯᠢᠭ ᠢᠶᠠᠷ ᠭᠤᠥᠯ ᠪᠤᠯᠭᠠᠵᠤ᠂ | ᠮᠤᠷᠢ ᠤᠨᠤᠬᠤ ᠳᠤ ᠲᠤᠬᠢᠷᠠᠮᠵᠢᠳᠠᠢ ᠪᠠᠶᠢᠳᠠᠭ᠃ ᠮᠠᠯᠵᠢᠬᠤ ᠤᠷᠤᠨ ᠤ ᠡᠪᠤᠯ ᠤᠨ ᠬᠤᠪᠴᠠᠰᠤ ᠨᠢ ᠭᠤᠥᠯᠳᠠᠭᠤ ᠠᠷᠠᠰᠤᠨ ᠲᠡᠷᠯᠢᠭ᠂ ᠬᠦᠪᠤᠩ ᠲᠡᠷᠯᠢᠭ᠃ | ᠵᠤᠨ ᠤ ᠬᠤᠪᠴᠠᠰᠤ ᠨᠢ ᠤᠯᠠᠩᠬᠢ ᠨᠢ ᠪᠦᠰ ᠲᠡᠷᠯᠢᠭ᠃ ᠲᠡᠷᠯᠢᠭ ᠨᠢ ᠦᠷᠭᠡᠨ ᠠᠭᠤᠵᠢᠭᠤ᠂ ᠬᠠᠨᠴᠤᠢ ᠨᠢ ᠤᠷᠳᠤ᠂ ᠤᠯᠠᠩᠬᠢ ᠨᠢ ᠤᠯᠠᠭᠠᠨ᠂ ᠰᠢᠷ᠎ᠠ᠂ | ᠬᠦᠨ ᠬᠦᠭᠡ ᠦᠩᠭᠡᠳᠠᠢ᠃ | 16. ᠮᠤᠩᠭᠤᠯ ᠦᠨᠳᠤᠰᠤᠳᠡᠨ ᠤ ᠬᠠᠳᠬᠤᠮᠠᠯ᠄ ︵2008 ᠤᠨ ᠳᠤ ᠪᠦᠷᠢᠳᠭᠡᠭᠰᠡᠨ ᠬᠤᠶᠠᠳᠤᠭᠠᠷ ᠪᠦᠯᠥᠭ ᠤᠯᠤᠰ ᠤᠨ ᠲᠡᠰ ᠤᠨ | ᠪᠤᠳᠠᠰ ᠤᠨ ᠪᠤᠰᠤ ᠰᠤᠶᠤᠯ ᠤᠨ ᠦᠪ ᠤᠨ ᠲᠦᠷᠤᠯ ᠵᠦᠢᠯ︶ ᠮᠤᠩᠭᠤᠯ ᠦᠨᠳᠤᠰᠤᠳᠡᠨ ᠤ ᠬᠠᠳᠬᠤᠮᠠᠯ ᠪᠤᠯ ᠮᠤᠩᠭᠤᠯ ᠦᠨᠳᠤᠰᠤᠳᠡᠨ ᠤ ᠠᠷᠠᠳ | ᠲᠦᠮᠡᠨ ᠤᠷᠳᠤ ᠬᠤᠭᠤᠴᠠᠭᠠᠨ ᠤ ᠲᠤᠷᠰᠢᠬᠢ ᠠᠮᠢᠳᠤᠷᠠᠯ ᠲᠤᠮᠳᠠ ᠪᠠᠨ ᠪᠦᠷᠢᠯᠳᠤᠬᠦᠯᠤᠨ ᠤᠯᠠᠮᠵᠢᠯᠠᠵᠤ ᠢᠷᠡᠭᠰᠡᠨ ᠨᠢᠭᠡ ᠵᠦᠢᠯ ᠤᠨ ᠭᠠᠷ ᠤᠷᠠᠯᠠᠯ ᠤᠨ | ᠮᠡᠷᠭᠡᠵᠢᠯ ᠪᠤᠯᠤᠨ᠎ᠠ᠃ ᠮᠤᠩᠭᠤᠯ ᠦᠨᠳᠤᠰᠤᠳᠡᠨ ᠤ ᠬᠠᠳᠬᠤᠮᠠᠯ ᠨᠢ ᠵᠦᠭᠡᠯᠡᠨ ᠪᠦᠰ ᠲᠡᠭᠡᠷ᠎ᠠ ᠬᠤᠸᠠᠷ ᠬᠠᠳᠬᠤᠵᠤ ᠤᠶᠤᠬᠤ ᠪᠠᠷ ᠪᠠᠷᠠᠬᠤ ᠦᠭᠡᠢ | ᠲᠡᠮᠡᠭᠡᠨ ᠨᠤᠯᠤᠤᠷ ᠤᠨ ᠤᠳᠠᠰᠤ᠂ ᠦᠬᠡᠷ ᠤᠨ ᠰᠢᠷᠪᠤᠰᠤ ᠵᠡᠷᠭᠡ ᠶᠢ ᠬᠡᠷᠡᠭᠯᠡᠵᠤ ᠢᠰᠡᠭᠡᠢ᠂ ᠠᠷᠠᠰᠤᠨ ᠲᠡᠭᠡᠷ᠎ᠠ ᠬᠠᠳᠬᠤᠵᠤ ᠤᠶᠤᠳᠠᠭ᠃ | 17. ᠦᠬᠡᠷ ᠬᠤᠨᠢᠨ ᠮᠢᠬ᠎ᠠ ᠴᠢᠨᠠᠬᠤ ᠤᠷ᠎ᠠ ᠮᠡᠷᠭᠡᠵᠢᠯ᠄ ︵2008 ᠤᠨ ᠳᠤ ᠪᠦᠷᠢᠳᠭᠡᠭᠰᠡᠨ ᠬᠤᠶᠠᠳᠤᠭᠠᠷ ᠪᠦᠯᠥᠭ ᠤᠯᠤᠰ ᠤᠨ ᠲᠡᠰ ᠤᠨ | ᠪᠤᠳᠠᠰ ᠤᠨ ᠪᠤᠰᠤ ᠰᠤᠶᠤᠯ ᠤᠨ ᠦᠪ ᠤᠨ ᠲᠦᠷᠤᠯ ᠵᠦᠢᠯ︶ ᠮᠤᠩᠭᠤᠯ ᠦᠨᠳᠤᠰᠤᠳᠡᠨ ᠤ ᠪᠦᠬᠦᠯᠢ ᠰᠢᠬᠦᠰᠤ ᠪᠤᠯ ᠶᠤᠸᠠᠨ ᠤᠯᠤᠰ ᠤᠨ ᠦᠶ᠎ᠠ ᠶᠢᠨ | ᠬᠠᠭᠠᠨ ᠤ ᠤᠷᠳᠤᠨ ᠤ ᠲᠠᠶᠢᠯᠠᠯᠭ᠎ᠠ ᠠᠴᠠ ᠤᠯᠠᠮᠵᠢᠯᠠᠵᠤ ᠢᠷᠡᠭᠰᠡᠨ ᠨᠢᠭᠡ ᠵᠦᠢᠯ ᠤᠨ ᠪᠦᠬᠦᠯᠢ ᠬᠤᠨᠢᠨ ᠤ ᠲᠠᠶᠢᠯᠠᠯᠭ᠎ᠠ ᠪᠤᠯᠤᠨ᠎ᠠ᠃ ᠴᠢᠩ ᠤᠨ | ᠲᠦᠷᠤ ᠶᠢᠨ ᠦᠶ᠎ᠠ ᠳᠠᠬᠢ ᠲᠠᠶᠢᠯᠠᠯᠭ᠎ᠠ ᠳᠤ ᠦᠷᠭᠦᠯᠵᠢ ᠬᠡᠷᠡᠭᠯᠡᠭᠳᠡᠵᠤ ︽ᠵᠤᠮ᠎ᠠ ᠶᠢᠨ ᠨᠠᠶᠢᠷ︾ ᠭᠡᠮᠡᠭᠳᠡᠵᠤ᠂ ᠦᠷᠬᠦᠯᠵᠢ ᠮᠤᠩᠭᠤᠯ ᠸᠠᠩ ᠬᠦᠩ ᠢ | ᠲᠠᠶᠢᠯᠠᠳᠠᠭ᠃ ︽ᠵᠤᠮ᠎ᠠ︾ ᠭᠡᠵᠤ ᠬᠤᠨᠢ ᠪᠠᠨ ᠮᠤᠩᠭᠤᠯ ᠦᠨᠳᠤᠰᠤᠳᠡᠨ ᠤ ᠤᠯᠠᠮᠵᠢᠯᠠᠯᠳᠤ ᠠᠷᠭ᠎ᠠ ᠪᠠᠷ ᠨᠢᠳᠤᠯᠤᠭᠰᠠᠨ ᠤ ᠲᠠᠷᠠᠭ᠎ᠠ᠂ ᠬᠠᠯᠠᠭᠤᠨ | ᠤᠰᠤ ᠪᠠᠷ ᠦᠰᠤ ᠶᠢ ᠨᠢ ᠵᠤᠮᠠᠯᠵᠤ᠂ ᠭᠡᠳᠡᠰᠤ ᠲᠤᠳᠤᠷ ᠢ ᠨᠢ ᠭᠠᠷᠭᠠᠵᠤ ᠴᠡᠪᠡᠷᠯᠡᠭᠰᠡᠨ ᠪᠦᠬᠦᠯᠢ ᠬᠤᠨᠢ ᠶᠢ ᠰᠢᠷᠠᠭᠰᠠᠨ ᠨᠢᠭᠡ ᠵᠦᠢᠯ ᠤᠨ ᠮᠢᠬᠠᠨ ᠢᠳᠡᠭᠡᠨ | ᠃ ᠲᠡᠷᠡ ᠨᠢ ᠦᠩᠭᠡ᠂ ᠦᠨᠤᠷ᠂ ᠠᠮᠳᠠ ᠪᠠᠷ ᠪᠦᠷᠢᠨ ᠰᠠᠶᠢᠨ ᠪᠠᠶᠢᠵᠤ᠂ ᠮᠤᠩᠭᠤᠯ ᠢᠳᠡᠭᠡᠨ ᠤᠮᠳᠠᠭᠠᠨ ᠤ ᠲᠤᠳᠤᠷ᠎ᠠ ᠮᠡᠷᠭᠡᠵᠢᠯ ᠤᠨ ᠲᠠᠯ᠎ᠠ ᠪᠠᠷ ᠬᠠᠮᠤᠭ | ᠦᠨᠳᠤᠷ ᠱᠠᠭᠠᠷᠳᠠᠯᠭ᠎ᠠ ᠲᠠᠢ ᠢᠳᠡᠭᠡᠨ ᠤ ᠵᠦᠢᠯ ᠪᠤᠯᠤᠨ᠎ᠠ᠃ | 18. ᠮᠤᠩᠭᠤᠯ ᠦᠨᠳᠤᠰᠤᠳᠡᠨ ᠤ ᠲᠡᠮᠡᠭᠡ ᠲᠡᠵᠢᠭᠡᠬᠦ ᠵᠠᠩ ᠦᠢᠯᠠ᠄ ︵2008 ᠤᠨ ᠳᠤ ᠪᠦᠷᠢᠳᠭᠡᠭᠰᠡᠨ ᠬᠤᠶᠠᠳᠤᠭᠠᠷ ᠪᠦᠯᠥᠭ ᠤᠯᠤᠰ ᠤᠨ | ᠲᠡᠰ ᠤᠨ ᠪᠤᠳᠠᠰ ᠤᠨ ᠪᠤᠰᠤ ᠰᠤᠶᠤᠯ ᠤᠨ ᠦᠪ ᠤᠨ ᠲᠦᠷᠤᠯ ᠵᠦᠢᠯ︶ ᠮᠤᠩᠭᠤᠯ ᠦᠨᠳᠤᠰᠤᠳᠡᠨ ᠤ ᠲᠡᠮᠡᠭᠡ ᠲᠡᠵᠢᠭᠡᠬᠦ ᠵᠠᠩ ᠦᠢᠯᠠ ᠨᠢ ᠤᠷᠳᠤ | ᠤᠳᠠᠭᠠᠨ ᠲᠡᠥᠬᠡ ᠲᠠᠢ ᠪᠠᠶᠢᠳᠠᠭ᠃ ᠤᠷᠳᠤ ᠤᠳᠠᠭᠠᠨ ᠵᠢᠯ ᠤᠨ ᠦᠢᠯᠡᠳᠪᠤᠷᠢᠯᠡᠯ ᠠᠮᠢᠳᠤᠷᠠᠯ ᠤᠨ ᠦᠢᠯᠡᠳᠤᠯᠭᠡ ᠲᠤᠮᠳᠠ᠂ ᠲᠡᠮᠡᠭᠡ ᠨᠢ ᠬᠦᠮᠤᠨ | ᠲᠦᠷᠤᠯᠬᠢᠳᠠᠨ ᠳᠤ ᠭᠠᠷᠮᠠᠭᠠᠢ ᠬᠤᠪᠢ ᠨᠡᠮᠡᠷᠢ ᠦᠵᠡᠬᠦᠯᠥᠭᠰᠡᠨ ᠮᠦᠷᠳᠡᠭᠡᠨ ᠬᠦᠮᠤᠨ ᠲᠦᠷᠤᠯᠬᠢᠳᠠᠨ ᠤ ᠬᠠᠮᠤᠭ ᠦᠨᠡᠨᠴᠢ ᠨᠠᠶᠢᠵᠠ ᠪᠤᠯᠤᠭᠰᠠᠨ ᠪᠠᠶᠢᠨ᠎ᠠ᠃ | ᠲᠡᠮᠡᠭᠡ ᠨᠢ ᠬᠦᠮᠤᠨ ᠲᠦᠷᠤᠯᠬᠢᠳᠡᠨ ᠳᠤ ᠭᠠᠪᠢᠶ᠎ᠠ ᠵᠢᠳᠭᠦᠯ ᠦᠵᠡᠬᠦᠯᠥᠭᠰᠡᠨ ᠪᠤᠯᠬᠤᠷ ᠮᠠᠯᠴᠢᠳ ᠲᠡᠮᠡᠭᠡ ᠪᠠᠨ ᠲᠡᠭᠡᠳᠤ ᠲᠡᠭᠷᠢ ᠠᠴᠠ ᠰᠤᠶᠤᠷᠬᠠᠭᠰᠠᠨ | ᠰᠠᠬᠢᠭᠤᠯᠰᠤᠨ ᠭᠡᠵᠤ ᠦᠵᠡᠳᠡᠭ᠃ ᠮᠦᠨ ᠴᠤ ᠠᠯᠠᠱᠠ ᠶᠢᠨ ᠵᠤᠷᠢᠭ ᠰᠠᠨᠠᠭ᠎ᠠ ᠶᠢ ᠲᠦᠯᠦᠭᠡᠯᠡᠵᠤ᠂ ᠮᠠᠨ ᠤ ᠤᠯᠤᠰ ᠤᠨ ᠰᠤᠶᠤᠯ ᠤᠨ ᠦᠪ ᠤᠨ ᠭᠤᠥᠯ | ᠪᠦᠷᠢᠯᠳᠤᠬᠦᠨ ᠬᠡᠰᠡᠭ ᠪᠤᠯᠪᠠ᠃ | 19. ᠮᠤᠩᠭᠤᠯ ᠰᠢᠳᠠᠷ᠎ᠠ᠄ ︵2011 ᠤᠨ ᠳᠤ ᠪᠦᠷᠢᠳᠭᠡᠭᠰᠡᠨ ᠤᠯᠤᠰ ᠤᠨ ᠲᠡᠰ ᠤᠨ ᠪᠤᠳᠠᠰ ᠤᠨ ᠪᠤᠰᠤ ᠰᠤᠶᠤᠯ ᠤᠨ ᠦᠪ ᠤᠨ ᠲᠦᠷᠤᠯ | ᠵᠦᠢᠯ︶ ᠮᠤᠩᠭᠤᠯ ᠰᠢᠳᠠᠷ᠎ᠠ ᠪᠤᠯ ᠮᠤᠩᠭᠤᠯ ᠦᠨᠳᠤᠰᠤᠳᠡᠨ ᠤ ᠠᠷᠠᠳ ᠤᠨ ᠲᠤᠮᠳᠠ ᠦᠷᠭᠡᠨ ᠢᠶᠠᠷ ᠲᠡᠯᠭᠡᠷᠡᠵᠤ ᠪᠠᠶᠢᠭ᠎ᠠ ᠨᠢᠭᠡ ᠵᠦᠢᠯ ᠤᠨ ᠪᠡᠶ᠎ᠠ ᠶᠢᠨ | ᠲᠠᠮᠢᠷ ᠤᠨ ᠲᠤᠭᠯᠠᠭᠠᠮ ᠪᠤᠯᠤᠨ᠎ᠠ᠃ ᠮᠤᠩᠭᠤᠯ ᠰᠢᠳᠠᠷ᠎ᠠ ᠶᠢᠨ ᠬᠡᠯᠪᠡᠷᠢ᠂ ᠨᠠᠭᠠᠳᠬᠤ ᠠᠷᠭ᠎ᠠ᠂ ᠨᠠᠭᠠᠳᠬᠤ ᠲᠦᠷᠢᠮ ᠨᠢ ᠤᠯᠠᠨ ᠤᠯᠤᠰ ᠤᠨ ᠰᠢᠳᠠᠷ᠎ᠠ ᠲᠠᠢ | ᠤᠢᠢᠷᠠᠯᠴᠠᠭ᠎ᠠ ᠪᠤᠯᠪᠠᠴᠤ ᠪᠠᠰᠠ ᠢᠯᠭᠠᠭ᠎ᠠ ᠲᠠᠢ ᠪᠠᠶᠢᠳᠠᠭ᠃ | 20. ᠬᠦᠬᠡᠨᠠᠭᠤᠷ ᠮᠤᠵᠢ ᠶᠢᠨ ᠬᠠᠶᠢᠰᠢ ᠮᠤᠩᠭᠤᠯ ᠦᠨᠳᠤᠰᠤᠳᠡᠨ ᠤ ᠪᠠᠭᠠᠳᠤᠷᠯᠢᠭ ᠲᠤᠤᠯᠢᠰ ︽ᠬᠠᠨ ᠴᠡᠩᠭᠡᠯ︾᠄ ︵2008 ᠤᠨ ᠳᠤ | ᠪᠦᠷᠢᠳᠭᠡᠭᠰᠡᠨ ᠬᠤᠶᠠᠳᠤᠭᠠᠷ ᠪᠦᠯᠥᠭ ᠤᠯᠤᠰ ᠤᠨ ᠲᠡᠰ ᠤᠨ ᠪᠤᠳᠠᠰ ᠤᠨ ᠪᠤᠰᠤ ᠰᠤᠶᠤᠯ ᠤᠨ ᠦᠪ ᠤᠨ ᠲᠦᠷᠤᠯ ᠵᠦᠢᠯ︶ ᠬᠠᠶᠢᠰᠢ ᠮᠤᠩᠭᠤᠯ | ᠦᠨᠳᠤᠰᠤᠳᠡᠨ ᠤ ᠪᠠᠭᠠᠳᠤᠷᠯᠢᠭ ᠲᠤᠥᠯᠢᠰ ︽ᠬᠠᠨ ᠴᠡᠩᠭᠡᠯ︾ ᠨᠢ ᠲᠠᠭᠤᠯᠠᠬᠤ ᠪᠠ ᠶᠠᠷᠢᠵᠤ ᠢᠯᠡᠳᠭᠡᠬᠦ ᠬᠡᠯᠪᠡᠷᠢ ᠪᠠᠷ ᠮᠤᠩᠭᠤᠯ ᠦᠨᠳᠤᠰᠤᠳᠡᠨ ᠤ | ᠪᠠᠭᠠᠳᠤᠷ ᠠᠳᠠ ᠴᠢᠳᠬᠦᠷ ᠢ ᠤᠰᠠᠳᠬᠠᠵᠤ᠂ ᠠᠷᠠᠳ ᠢ ᠠᠪᠤᠷᠠᠭᠰᠠᠨ ᠦᠯᠢᠭᠡᠷ ᠢ ᠶᠠᠷᠢᠳᠠᠭ᠃ ᠬᠠᠶᠢᠰᠢ ᠶᠢᠨ ᠪᠠᠶᠢᠭᠠᠯᠢ ᠶᠢᠨ ᠤᠷᠴᠢᠨ ᠲᠤᠭᠤᠷᠢᠨ ᠤ | ᠨᠦᠯᠤᠭᠡᠯᠡᠯ ᠲᠤᠥᠷ᠎ᠠ᠂ ᠤᠯᠠᠮᠵᠢᠯᠠᠬᠤ ᠶᠠᠪᠤᠴᠠ ᠲᠤᠮᠳᠠ ᠬᠤᠪᠢᠷᠠᠯᠳᠠ ᠡᠬᠦᠰᠴᠤ᠂ ᠬᠦᠨ ᠵᠤᠵᠠᠭᠠᠨ ᠬᠠᠶᠢᠰᠢ ᠭᠠᠵᠠᠷ ᠤᠷᠤᠨ ᠤ ᠤᠨᠴᠠᠯᠢᠭ ᠲᠠᠢ | ᠪᠤᠯᠤᠭᠰᠠᠨ ᠪᠠᠶᠢᠨ᠎ᠠ᠃ | 21. ᠮᠤᠩᠭᠤᠯ ᠦᠨᠳᠤᠰᠤᠳᠡᠨ ᠤ ᠪᠠᠭᠠᠳᠤᠷᠯᠢᠭ ᠦᠯᠢᠭᠡᠷ ᠲᠤᠭᠤᠵᠢ ᠭᠠᠳᠠ ᠮᠠᠶᠢᠷᠠᠨ᠄ ︵2008 ᠤᠨ ᠳᠤ ᠪᠦᠷᠢᠳᠭᠡᠭᠰᠡᠨ ᠬᠤᠶᠠᠳᠤᠭᠠᠷ | ᠪᠦᠯᠥᠭ ᠤᠯᠤᠰ ᠤᠨ ᠲᠡᠰ ᠤᠨ ᠪᠤᠳᠠᠰ ᠤᠨ ᠪᠤᠰᠤ ᠰᠤᠶᠤᠯ ᠤᠨ ᠦᠪ ᠤᠨ ᠲᠦᠷᠤᠯ ᠵᠦᠢᠯ︶ ᠭᠠᠳᠠ ᠮᠠᠶᠢᠷᠠᠨ ︵1892 — 1931 ᠤᠨ ᠤ 4 | ᠰᠠᠷ᠎ᠠ ᠶᠢᠨ 5 ᠤ ᠡᠳᠤᠷ︶ ᠮᠤᠩᠭᠤᠯ ᠦᠨᠳᠤᠰᠤᠳᠡᠨ ᠤ ᠪᠠᠭᠠᠳᠤᠷ᠂ ᠦᠪᠤᠷ ᠮᠤᠩᠭᠤᠯ ᠤᠨ ᠵᠢᠷᠢᠮ ᠠᠶᠢᠮᠠᠭ ︵ᠤᠳᠤ ᠶᠢᠨ ᠲᠦᠩᠯᠢᠶᠥᠥ ᠬᠤᠳᠠ︶ ᠤᠨ | ᠲᠠᠷᠬᠠᠨ ᠬᠤᠰᠢᠭᠤᠨ ︵ᠤᠳᠤᠬᠠᠨ ᠤ ᠬᠤᠷᠴᠢᠨ ᠵᠡᠬᠦᠨ ᠭᠠᠷᠤᠨ ᠲᠤᠮᠳᠠᠳᠤ ᠬᠤᠰᠢᠭᠤ︶ ᠳᠤ ᠲᠦᠷᠤᠵᠠᠢ᠃ | 22. ᠰᠢᠨᠵᠢᠶᠠᠩ ᠤᠨ ᠮᠤᠩᠭᠤᠯ ᠦᠨᠳᠤᠰᠤᠳᠡᠨ ᠤ ᠠᠷᠠᠳ ᠤᠨ ᠪᠦᠵᠢᠭ ︽ᠰᠠᠪᠠᠷᠳᠠᠩ︾᠄ ︵2008 ᠤᠨ ᠳᠤ ᠪᠦᠷᠢᠳᠭᠡᠭᠰᠡᠨ ᠬᠤᠶᠠᠳᠤᠭᠠᠷ | ᠪᠦᠯᠥᠭ ᠪᠤᠳᠠᠰ ᠤᠨ ᠪᠤᠰᠤ ᠰᠤᠶᠤᠯ ᠤᠨ ᠦᠪ ᠤᠨ ᠲᠦᠷᠤᠯ ᠵᠦᠢᠯ︶ ︽ᠰᠠᠪᠠᠷᠳᠠᠩ︾ ᠪᠤᠯ ᠰᠢᠨᠵᠢᠶᠠᠩ ᠤᠨ ᠮᠤᠩᠭᠤᠯ ᠦᠨᠳᠤᠰᠤᠳᠡᠨ ᠤ ᠬᠠᠮᠤᠭ | ᠴᠢᠬᠤᠯᠠ ᠠᠷᠠᠳ ᠤᠨ ᠪᠦᠵᠢᠭ ᠪᠤᠯᠤᠨ᠎ᠠ᠃ ᠡᠯ᠎ᠠ ᠭᠠᠵᠠᠷ ᠤᠨ ᠮᠤᠩᠭᠤᠯ ᠦᠨᠳᠤᠰᠤᠳᠡᠨ ᠤ ᠰᠠᠭᠤᠭᠠᠯᠢ ᠠᠷᠠᠳ ᠤᠨ ᠲᠤᠮᠳᠠ ᠦᠷᠭᠡᠨ ᠢᠶᠠᠷ | ᠤᠯᠠᠮᠵᠢᠯᠠᠭᠳᠠᠵᠤ᠂ ᠤᠯᠠᠨ ᠲᠦᠮᠡᠨ ᠤ ᠬᠠᠯᠠᠭᠤᠨ ᠬᠦᠷᠢᠶᠡᠯᠡᠯ ᠢ ᠤᠯᠵᠤ ᠪᠤᠢ᠃ ᠰᠢᠨᠵᠢᠶᠠᠩ ᠤᠨ ᠮᠤᠩᠭᠤᠯ ᠦᠨᠳᠤᠰᠤᠳᠡᠨ ᠤ ᠬᠦᠮᠤᠨ ᠪᠦᠷᠢ ︽ | ᠰᠠᠪᠠᠷᠳᠠᠩ︾ ᠪᠦᠵᠢᠭ ᠦᠰᠤᠷᠴᠤ ᠴᠢᠳᠠᠨ᠎ᠠ᠃ | 23. ᠭᠡᠰᠡᠷ᠄ ︵2009 ᠤᠨ ᠳᠤ ᠪᠦᠷᠢᠳᠭᠡᠭᠰᠡᠨ ᠤᠯᠤᠰ ᠤᠨ ᠲᠡᠰ ᠤᠨ ᠪᠤᠳᠠᠰ ᠤᠨ ᠪᠤᠰᠤ ᠰᠤᠶᠤᠯ ᠤᠨ ᠦᠪ︶ ︽ᠭᠡᠰᠡᠷ︾ | ᠲᠦᠪᠡᠳ ᠠᠴᠠ ᠡᠬᠦᠰᠤᠯᠳᠠᠢ᠂ ᠮᠤᠩᠭᠤᠯ ᠦᠨᠳᠤᠰᠤᠳᠡᠨ ᠤ ᠭᠠᠵᠠᠷ ᠤᠷᠤᠨ ᠳᠤ ᠤᠯᠠᠮᠵᠢᠯᠠᠵᠤ ᠢᠷᠡᠭᠰᠡᠨ ᠤ ᠲᠠᠷᠠᠭ᠎ᠠ ᠰᠢᠨ᠎ᠠ ᠬᠦᠭᠵᠢᠯᠳᠠ ᠪᠠ | ᠠᠭᠤᠯᠬᠤᠨ ᠲᠠᠢ ᠪᠤᠯᠵᠠᠢ᠃ ᠡᠶᠢᠮᠤ ᠠᠴᠠ᠂ ᠲᠦᠪᠠᠳ᠂ ᠮᠤᠩᠭᠤᠯ ᠦᠨᠳᠤᠰᠤᠳᠡᠨ ᠬᠠᠮᠳᠤᠪᠠᠷ ᠳᠤᠰ ᠰᠤᠶᠤᠯ ᠤᠨ ᠦᠪ ᠢ ᠭᠤᠶᠤᠴᠢᠯᠠᠨ ᠮᠡᠳᠡᠬᠦᠯᠵᠠᠢ᠃ | ᠪᠠᠭᠠᠷᠢᠨ ᠤ ᠲᠠᠯ᠎ᠠ ᠨᠤᠳᠤᠭ ᠪᠤᠯ ᠮᠤᠩᠭᠤᠯ ᠦᠨᠳᠤᠰᠤᠳᠡᠨ ᠤ ᠤᠷᠳᠤ ᠲᠤᠥᠯᠢᠰ ᠭᠡᠰᠡᠷ ᠰᠤᠶᠤᠯ ᠤᠨ ᠡᠬᠦᠰᠥᠭᠰᠡᠨ ᠭᠠᠵᠠᠷ ᠤᠨ ᠨᠢᠭᠡ᠂ ᠡᠶᠢᠮᠤ ᠠᠴᠠ | ᠤᠯᠠᠨ ᠤᠯᠤᠰ ᠤᠨ ᠭᠡᠰᠡᠷ ᠰᠤᠶᠤᠯ ᠤᠨ ᠰᠤᠳᠤᠯᠤᠨ ᠶᠠᠷᠢᠯᠴᠠᠬᠤ ᠬᠤᠷᠠᠯ ᠢ ᠬᠤᠶᠠᠷ ᠤᠳᠠᠭ᠎ᠠ ᠪᠠᠭᠠᠷᠢᠨ ᠤ ᠲᠠᠯ᠎ᠠ ᠨᠤᠳᠤᠭ ᠲᠤ ᠡᠷᠬᠢᠯᠡᠵᠤ ᠦᠩᠭᠡᠷᠡᠵᠠᠢ᠃ | | 24. ᠤᠪᠤᠭ᠎ᠠ ᠲᠠᠬᠢᠬᠤ᠄ ︵2006 ᠤᠨ ᠳᠤ ᠪᠦᠷᠢᠳᠭᠡᠭᠰᠡᠨ ᠪᠤᠳᠠᠰ ᠤᠨ ᠪᠤᠰᠤ ᠰᠤᠶᠤᠯ ᠤᠨ ᠦᠪ ᠤᠨ ᠲᠦᠷᠤᠯ ᠵᠦᠢᠯ︶ ᠤᠪᠤᠭ᠎ᠠ | ᠲᠠᠬᠢᠬᠤ ᠪᠤᠯ ᠮᠤᠩᠭᠤᠯ ᠦᠨᠳᠤᠰᠤᠳᠡᠨ ᠤ ᠤᠯᠠᠮᠵᠢᠯᠠᠯᠳᠤ ᠲᠠᠳᠬᠠᠯ᠂ ᠮᠤᠩᠭᠤᠯ ᠦᠨᠳᠤᠰᠤᠳᠡᠨ ᠤ ᠪᠠᠶᠢᠭᠠᠯᠢ ᠶᠢ ᠲᠡᠭᠡᠳᠤᠯᠡᠬᠦ ᠦᠵᠡᠯ ᠰᠠᠨᠠᠭᠠᠨ ᠤ | ᠢᠯᠡᠷᠡᠬᠦᠯᠤᠯ ᠤᠨ ᠨᠢᠭᠡ ᠵᠦᠢᠯ ᠪᠤᠯᠤᠨ᠎ᠠ᠃ ᠰᠢᠯᠢ ᠶᠢᠨ ᠭᠤᠥᠯ ᠠᠶᠢᠮᠠᠭ ᠪᠤᠯ ᠤᠪᠤᠭ᠎ᠠ ᠲᠠᠬᠢᠬᠤ ᠲᠡᠥᠬᠡ ᠶᠢᠨ ᠤᠯᠠᠮᠵᠢᠯᠠᠯ ᠢ ᠬᠠᠮᠤᠭ ᠪᠦᠷᠢᠨ | ᠬᠠᠳᠠᠭᠠᠯᠠᠵᠤ ᠪᠠᠶᠢᠭ᠎ᠠ ᠭᠠᠵᠠᠷ ᠤᠷᠤᠨ᠃ | 25 . ᠴᠠᠭᠠᠨ ᠨᠠᠭᠤᠷ ᠤᠨ ᠡᠪᠤᠯ ᠤᠨ ᠤᠯᠠᠷᠢᠯ ᠤᠨ ᠵᠢᠭᠠᠰᠤ ᠠᠩᠨᠠᠬᠤ ᠨᠠᠶᠢᠷ᠄ ︵2008 ᠤᠨ ᠳᠤ ᠪᠦᠷᠢᠳᠭᠡᠭᠰᠡᠨ ᠬᠤᠶᠠᠳᠤᠭᠠᠷ ᠪᠦᠯᠥᠭ | ᠤᠯᠤᠰ ᠤᠨ ᠲᠡᠰ ᠤᠨ ᠪᠤᠳᠠᠰ ᠤᠨ ᠪᠤᠰᠤ ᠰᠤᠶᠤᠯ ᠤᠨ ᠦᠪ ᠤᠨ ᠲᠦᠷᠤᠯ ᠵᠦᠢᠯ︶ ᠴᠠᠭᠠᠨ ᠨᠠᠭᠤᠷ ᠤᠨ ᠡᠪᠤᠯ ᠤᠨ ᠤᠯᠠᠷᠢᠯ ᠤᠨ ᠵᠢᠭᠠᠰᠤ ᠠᠩᠨᠠᠬᠤ | ᠨᠠᠶᠢᠷ ᠪᠤᠯ ᠡᠮᠤᠨ᠎ᠠ ᠭᠤᠷᠯᠤᠰ ᠤᠨ ᠮᠤᠩᠭᠤᠯ ᠦᠨᠳᠤᠰᠤᠳᠡᠨ ᠤ ᠦᠪᠠᠷᠳᠡᠭᠡᠨ ᠵᠠᠰᠠᠬᠤ ᠰᠢᠶᠠᠨ ᠤ ᠬᠢᠯᠢ ᠳᠤ ᠪᠠᠶᠢᠭ᠎ᠠ ᠴᠠᠭᠠᠨ ᠨᠠᠭᠤᠷ ᠤᠨ ᠡᠪᠤᠯ ᠤᠨ | ᠤᠯᠠᠷᠢᠯ ᠤᠨ ᠵᠢᠭᠠᠰᠤ ᠠᠩᠨᠠᠬᠤ ᠠᠵᠢᠯᠯᠠᠭ᠎ᠠ ᠶᠢ ᠵᠢᠭᠠᠵᠤ ᠪᠤᠢ᠃ | 26. ᠮᠤᠩᠭᠤᠯ ᠡᠮ ᠡᠮᠨᠡᠯᠭᠡ᠄ ︵2008 ᠤᠨ ᠳᠤ ᠪᠦᠷᠢᠳᠭᠡᠭᠰᠡᠨ ᠬᠤᠶᠠᠳᠤᠭᠠᠷ ᠪᠦᠯᠥᠭ ᠪᠤᠳᠠᠰ ᠤᠨ ᠪᠤᠰᠤ ᠰᠤᠶᠤᠯ ᠤᠨ ᠦᠪ ᠤᠨ ᠲᠦᠷᠤᠯ | ᠵᠦᠢᠯ︶ ᠮᠤᠩᠭᠤᠯ ᠡᠮ ᠡᠮᠨᠡᠯᠭᠡ ᠨᠢ ᠵᠡᠬᠦᠥ ᠲᠦᠭᠡᠨᠡᠯᠭᠡ ᠪᠠᠷ ᠭᠤᠥᠯ ᠪᠤᠯᠭᠠᠬᠤ ᠮᠦᠷᠳᠡᠬᠡᠨ ᠭᠠᠯ ᠵᠡᠬᠦᠥ ᠶᠢ ᠬᠡᠷᠡᠭᠯᠡᠬᠦ ᠳᠤ ᠪᠠᠨ ᠲᠠᠳᠮᠠᠭᠠᠢ ᠪᠠᠶᠢᠳᠠᠭ᠃ | ᠭᠠᠯ ᠵᠡᠬᠦᠥ ᠭᠡᠵᠤ ᠭᠠᠯ ᠢᠶᠠᠷ ᠰᠢᠷᠠᠵᠤ ᠤᠯᠠᠶᠢᠯᠭᠠᠭᠰᠠᠨ ᠵᠡᠬᠦᠥ ᠶᠢᠨ ᠦᠵᠤᠬᠦᠷ ᠢ ᠲᠦᠷᠭᠡᠨ ᠱᠠᠯᠠᠮᠠᠭᠠᠢ ᠪᠠᠷ ᠬᠦᠮᠤᠨ ᠤ ᠪᠡᠶ᠎ᠠ ᠶᠢᠨ ᠪᠠᠯᠴᠢᠷ ᠲᠤ | ᠬᠠᠳᠬᠤᠨ ᠤᠷᠤᠭᠤᠯᠵᠤ᠂ ᠡᠪᠡᠳᠴᠢᠨ ᠵᠠᠰᠠᠬᠤ ᠨᠢᠭᠡ ᠵᠦᠢᠯ ᠤᠨ ᠠᠷᠭ᠎ᠠ᠃ ᠮᠤᠩᠭᠤᠯ ᠡᠮ ᠨᠢ ᠡᠪᠡᠰᠤᠨ ᠡᠮ ᠢᠶᠠᠷ ᠭᠤᠤᠯ ᠪᠤᠯᠭᠠᠳᠠᠭ᠃ ᠡᠷᠳᠡᠨ ᠤ | ᠬᠦᠮᠤᠰ ᠮᠤᠩᠭᠤᠯ ᠡᠮ ᠤᠨ ᠴᠢᠨᠠᠷ ᠢ ᠬᠦᠨᠳᠤ᠂ ᠲᠤᠰᠤᠯᠢᠭ᠂ ᠬᠦᠢᠳᠡᠨ᠂ ᠮᠤᠬᠤᠳᠠᠭ᠂ ᠬᠦᠩᠬᠡᠨ᠂ ᠰᠢᠷᠤᠬᠦᠨ᠂ ᠬᠠᠯᠠᠭᠤᠨ᠂ ᠬᠤᠷᠴᠠ ᠵᠡᠷᠭᠡ ᠨᠠᠢᠮᠠᠨ | ᠲᠦᠷᠤᠯ ᠳᠤ ᠬᠤᠷᠢᠶᠠᠩᠭᠤᠢᠢᠯᠠᠳᠠᠭ᠃ ᠲᠦᠪᠡᠳ ᠦᠨᠳᠤᠰᠤᠳᠡᠨ ᠤ ︽ᠪᠠᠷᠠᠭᠤᠨ ᠬᠡᠰᠡᠭ ᠤᠨ ᠡᠮ ᠡᠮᠨᠡᠯᠭᠡ ᠶᠢᠨ ᠲᠤᠯᠢ︾ ᠮᠤᠩᠭᠤᠯ ᠭᠠᠵᠠᠷ ᠤᠷᠤᠨ ᠳᠤ | ᠤᠯᠠᠮᠵᠢᠯᠠᠭᠳᠠᠨ ᠤᠷᠤᠵᠤ ᠢᠷᠡᠬᠦ ᠶᠢ ᠲᠠᠭᠠᠯᠳᠤᠨ ᠲᠦᠪᠡᠳ ᠡᠮ ᠨᠢ ᠮᠤᠩᠭᠤᠯ ᠡᠮ ᠤᠨ ᠬᠦᠭᠵᠢᠯᠳᠠ ᠳᠤ ᠵᠤᠬᠢᠬᠤ ᠠᠬᠢᠭᠤᠯᠬᠤ ᠦᠢᠯᠡᠳᠤᠯ | ᠦᠵᠡᠬᠦᠯᠬᠦ ᠶᠢᠨ ᠬᠠᠮᠳᠤ ᠵᠠᠷᠢᠮ ᠲᠦᠪᠡᠳ ᠡᠮ ᠨᠢ ᠮᠤᠩᠭᠤᠯ ᠡᠮᠴᠢᠯᠡᠭᠡ ᠳᠤ ᠬᠡᠷᠡᠭᠯᠡᠭᠳᠡᠵᠠᠢ᠃ | 27. ᠬᠠᠷᠠᠴᠢᠨ ᠵᠡᠬᠦᠨ ᠭᠠᠷᠤᠨ ᠮᠤᠩᠭᠤᠯᠴᠤᠳ ᠤᠨ ᠠᠷᠠᠳ ᠤᠨ ᠠᠮᠠᠨ ᠦᠯᠢᠭᠡᠷ᠄ ︵2006 ᠤᠨ ᠳᠤ ᠪᠦᠷᠢᠳᠭᠡᠭᠰᠡᠨ 5 ᠰᠠᠷ᠎ᠠ ᠶᠢᠨ | 20 ᠤ ᠡᠳᠦᠷ ᠪᠦᠷᠢᠳᠭᠡᠭᠰᠡᠨ ᠲᠦᠷᠤᠬᠦᠤ ᠪᠦᠯᠦᠭ ᠤᠯᠤᠰ ᠤᠨ ᠲᠡᠰ ᠤᠨ ᠪᠤᠳᠠᠰ ᠤᠨ ᠪᠤᠰᠤ ᠰᠤᠶᠤᠯ ᠤᠨ ᠦᠪ ᠤᠨ ᠲᠦᠷᠦᠯ ᠵᠦᠢᠯ︶ ᠲᠤᠰ | ᠦᠯᠢᠭᠡᠷ ᠨᠢ ᠭᠤᠤᠯᠳᠠᠭᠤ ᠬᠠᠷᠠᠴᠢᠨ ᠵᠡᠬᠦᠨ ᠭᠠᠷᠤᠨ ᠮᠤᠩᠭᠤᠯ ᠦᠨᠳᠦᠰᠦᠳᠡᠨ ᠤ ᠦᠪᠡᠷᠳᠡᠭᠡᠨ ᠵᠠᠰᠠᠬᠤ ᠰᠢᠶᠠᠨ ᠤ ᠨᠢᠭᠡ ᠵᠦᠢᠯ ᠤᠨ ᠠᠮᠠᠨ ᠦᠯᠢᠭᠡᠷ | ᠪᠤᠯᠬᠤ ᠪᠦᠭᠡᠳ ᠲᠡᠷᠡ ᠨᠢ ᠠᠮᠠ ᠪᠠᠷ ᠤᠯᠠᠮᠵᠢᠯᠠᠬᠤ ᠪᠤᠶᠤ ᠲᠠᠭᠤᠯᠠᠬᠤ ᠬᠡᠯᠪᠡᠷᠢ ᠪᠠᠷ ᠲᠠᠷᠬᠠᠭᠳᠠᠭᠰᠠᠨ ᠦᠯᠢᠭᠡᠷ᠂ ᠠᠷᠠᠳ ᠤᠨ ᠲᠠᠭᠤᠤ᠂ ᠰᠡᠴᠡᠨ ᠦᠬᠡᠰ | ᠪᠤᠯᠬᠤ ᠶᠤᠮ᠃ | 28. ᠵᠢᠩᠭᠠᠷ᠄ ︵2006 ᠤᠨ ᠳᠤ ᠪᠦᠷᠢᠳᠭᠡᠭᠰᠡᠨ ᠲᠦᠷᠤᠬᠦᠤ ᠪᠦᠯᠦᠭ ᠤᠯᠤᠰ ᠤᠨ ᠲᠡᠰ ᠤᠨ ᠪᠤᠳᠠᠰ ᠤᠨ ᠪᠤᠰᠤ ᠰᠤᠶᠤᠯ ᠤᠨ ᠦᠪ ᠤᠨ | ᠲᠦᠷᠦᠯ ᠵᠦᠢᠯ︶ ︽ᠵᠢᠩᠭᠠᠷ︾ ᠪᠤᠯ ᠤᠢᠢᠷᠠᠳ ᠮᠤᠩᠭᠤᠯᠴᠤᠳ ᠤᠨ ᠪᠠᠭᠠᠳᠤᠷᠴᠤᠳ ᠤᠨ ᠲᠤᠤᠯᠢᠰ ᠮᠦᠷᠳᠡᠭᠡᠨ ᠲᠤᠮᠳᠠᠳᠤ ᠤᠯᠤᠰ ᠤᠨ ᠴᠦᠭᠡᠨ | ᠲᠤᠭᠠᠳᠤ ᠦᠨᠳᠦᠰᠦᠳᠡᠨ ᠤ ᠭᠤᠷᠪᠠᠨ ᠶᠡᠭᠡ ᠲᠤᠤᠯᠢᠰ ᠤᠨ ᠨᠢᠭᠡ ᠨᠢ ᠪᠤᠯᠬᠤ ᠶᠤᠮ᠃ ᠵᠢᠩᠭᠠᠷ ᠨᠢ ᠫᠠᠷᠢᠰ ᠬᠡᠯᠡᠨ ᠳᠤ ︽ᠲᠡᠯᠡᠬᠡᠢ ᠶᠢᠨ ᠡᠵᠡᠷᠭᠡᠭᠴᠢ︾ | ᠭᠡᠳᠡᠭ ᠪᠤᠯᠪᠠᠴᠤ ᠮᠤᠩᠭᠤᠯ ᠬᠡᠯᠡᠨ ᠳᠤ ︽ᠴᠢᠳᠠᠪᠤᠷᠢᠳᠠᠨ︾ ᠭᠡᠬᠦ ᠤᠳᠬ᠎ᠠ ᠪᠠᠷ ᠢᠯᠡᠷᠡᠵᠤ ᠪᠠᠶᠢᠳᠠᠬ᠃ | 29. ᠬᠤᠷᠴᠢᠨ ᠴᠤᠭᠤᠷ ᠲᠤᠤᠯᠢᠰ᠄ ︵2008 ᠤᠨ ᠤ 6 ᠰᠠᠷ᠎ᠠ ᠶᠢᠨ 7 ᠤ ᠡᠳᠦᠷ ᠪᠦᠷᠢᠳᠭᠡᠭᠰᠡᠨ ᠬᠤᠶᠠᠳᠤᠭᠠᠷ ᠪᠦᠯᠦᠭ ᠤᠯᠤᠰ ᠤᠨ | ᠲᠡᠰ ᠤᠨ ᠪᠤᠳᠠᠰ ᠤᠨ ᠪᠤᠰᠤ ᠰᠤᠶᠤᠯ ᠤᠨ ᠦᠪ ᠤᠨ ᠲᠦᠷᠦᠯ ᠵᠦᠢᠯ︶ ᠬᠤᠷᠴᠢᠨ ᠲᠤᠤᠯᠢᠰ ᠨᠢ ᠤᠷᠤᠨ ᠨᠤᠳᠤᠬ ᠤᠨ ᠴᠢᠨᠠᠷᠳᠠᠢ ᠤᠯᠠᠮᠵᠢᠯᠠᠯ ᠪᠤᠯᠬᠤ | ᠪᠦᠭᠡᠳ ᠤᠳᠤ ᠪᠤᠯᠳᠠᠯ᠎ᠠ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠬᠤᠷᠴᠢᠨ ᠨᠤᠳᠤᠬ ᠲᠤ ᠤᠯᠠᠮᠵᠢᠯᠠᠬᠳᠠᠨ ᠦᠯᠡᠳᠡᠭᠳᠡᠵᠤ ᠪᠠᠶᠢᠭ᠎ᠠ | ᠴᠤᠷᠢ ᠶᠢᠨ ᠭᠠᠭᠴᠠ ᠤᠷᠳᠤ ᠲᠤᠤᠯᠢᠰ ᠮᠦᠨ᠃ ᠡᠨᠡᠬᠦ ᠲᠤᠤᠯᠢᠰ ᠨᠢ ᠴᠤᠭᠤᠷ ᠢᠶᠠᠷ ᠲᠠᠮᠵᠢᠬᠳᠠᠨ ᠤᠯᠠᠮᠵᠢᠯᠠᠬᠳᠠᠵᠤ ᠪᠠᠶᠢᠭ᠎ᠠ ᠶᠤᠮ᠃ | 30. ᠪᠠᠯᠭᠠᠨᠰᠠᠩ ᠤᠨ ᠦᠯᠢᠭᠡᠷ᠄ ︵2008 ᠤᠨ ᠤ 6 ᠰᠠᠷ᠎ᠠ ᠶᠢᠨ 7 ᠤ ᠡᠳᠦᠷ ᠪᠦᠷᠢᠳᠭᠡᠭᠰᠡᠨ ᠬᠤᠶᠠᠳᠤᠭᠠᠷ ᠪᠦᠯᠦᠭ ᠤᠯᠤᠰ ᠤᠨ | ᠲᠡᠰ ᠤᠨ ᠪᠤᠳᠠᠰ ᠤᠨ ᠪᠤᠰᠤ ᠰᠤᠶᠤᠯ ᠤᠨ ᠦᠪ ᠤᠨ ᠲᠦᠷᠦᠯ ᠵᠦᠢᠯ︶ ᠪᠠᠯᠭᠠᠨᠰᠠᠩ ᠤᠨ ᠦᠯᠢᠭᠡᠷ ᠪᠤᠯ ᠦᠪᠦᠷ ᠮᠤᠩᠭᠤᠯ᠂ ᠰᠢᠨᠵᠢᠶᠠᠩ ᠵᠡᠷᠭᠡ ᠭᠠᠵᠠᠷ | ᠤᠷᠤᠨ ᠢᠶᠠᠷ ᠤᠯᠠᠮᠵᠢᠯᠠᠬᠳᠠᠨ ᠲᠠᠷᠬᠠᠭᠳᠠᠵᠤ ᠪᠠᠶᠢᠭ᠎ᠠ ᠦᠯᠢᠭᠡᠷ ᠶᠤᠮ᠃ ᠦᠯᠢᠭᠡᠷ ᠤᠨ ᠭᠤᠤᠯ ᠪᠠᠭᠠᠳᠤᠷ ᠪᠠᠯᠭᠠᠨᠰᠠᠩ ᠪᠤᠯ ᠦᠬᠡᠬᠦᠦ ᠶᠠᠳᠠᠭᠤ ᠠᠷᠠᠳ | ᠲᠦᠮᠡᠨ ᠤ ᠲᠦᠯᠦᠭᠡ ᠰᠡᠴᠡᠨ ᠰᠡᠷᠬᠦᠯᠡᠩ ᠠᠷᠭ᠎ᠠ ᠤᠬᠠᠭᠠᠨ ᠢᠶᠠᠷ ᠬᠠᠷᠬᠢᠰ ᠬᠡᠷᠴᠡᠭᠡᠢ ᠪᠠᠶᠠᠳ ᠨᠤᠶᠠᠳ ᠲᠠᠢ ᠲᠡᠮᠡᠴᠡᠯᠳᠦᠳᠡᠭ ᠬᠦᠮᠦᠨ ᠤ ᠲᠦᠷᠢ ᠪᠤᠯᠤᠨ᠎ᠠ | ᠃ | 31. ᠲᠤᠭᠳᠠᠬᠤ ᠶᠢᠨ ᠦᠯᠢᠭᠡᠷ᠄ ︵2011 ᠤᠨ ᠤ 5 ᠰᠠᠷ᠎ᠠ ᠶᠢᠨ 23 ᠤ ᠡᠳᠦᠷ ᠪᠦᠷᠢᠳᠭᠡᠭᠰᠡᠨ ᠭᠤᠷᠪᠠᠳᠤᠭᠠᠷ ᠪᠦᠯᠦᠭ ᠤᠯᠤᠰ ᠤᠨ | ᠲᠡᠰ ᠤᠨ ᠪᠤᠳᠠᠰ ᠤᠨ ᠪᠤᠰᠤ ᠰᠤᠶᠤᠯ ᠤᠨ ᠦᠪ ᠤᠨ ᠲᠦᠷᠦᠯ ᠵᠦᠢᠯ︶ ᠦᠯᠢᠭᠡᠷ ᠤᠨ ᠭᠤᠤᠯ ᠪᠠᠭᠠᠳᠤᠷ ᠲᠤᠬᠳᠠᠬᠤ ᠪᠤᠯ ᠠᠷᠢᠭᠤᠨ ᠠᠮᠢ ᠬᠠᠯᠠᠭᠤᠨ | ᠴᠢᠰᠤ ᠪᠠᠷ ᠢᠶᠠᠨ ᠭᠡᠷ ᠨᠤᠳᠤᠬ ᠢᠶᠠᠨ ᠬᠠᠮᠠᠭᠠᠯᠠᠬᠰᠠᠨ ᠪᠠᠭᠠᠳᠤᠷ ᠪᠤᠯᠬᠤ ᠪᠦᠭᠡᠳ ᠴᠤᠷᠢ ᠶᠢᠨ ᠭᠠᠭᠴᠠ ᠪᠤᠰᠤᠯᠭ᠎ᠠ ᠭᠠᠷᠭᠠᠵᠤ ᠬᠠᠮᠤᠬ ᠡᠴᠦᠰ ᠤᠨ | ᠢᠯᠠᠯᠳᠠ ᠶᠢ ᠤᠯᠤᠬᠰᠠᠨ ᠮᠤᠩᠭᠤᠯ ᠦᠨᠳᠦᠰᠦᠳᠡᠨ ᠤ ᠪᠠᠭᠠᠳᠤᠷ ᠪᠤᠯᠬᠤ ᠶᠤᠮ᠃ | 32. ᠢᠷᠦᠭᠡᠯ ᠮᠠᠭᠳᠠᠭᠠᠯ᠄ ︵2011 ᠤᠨ ᠳᠤ ᠪᠦᠷᠢᠳᠭᠡᠭᠰᠡᠨ ᠭᠤᠷᠪᠠᠳᠤᠭᠠᠷ ᠪᠦᠯᠦᠭ ᠤᠯᠤᠰ ᠤᠨ ᠲᠡᠰ ᠤᠨ ᠪᠤᠳᠠᠰ ᠤᠨ ᠪᠤᠰᠤ ᠰᠤᠶᠤᠯ ᠤᠨ | ᠦᠪ ᠤᠨ ᠲᠦᠷᠦᠯ ᠵᠦᠢᠯ︶ ᠢᠷᠦᠭᠡᠯ ᠮᠠᠭᠳᠠᠭᠠᠯ ᠪᠤᠯ ᠲᠤᠮᠳᠠᠳᠤ ᠤᠯᠤᠰ ᠤᠨ ᠤᠮᠠᠷᠠᠳᠤ ᠶᠢᠨ ᠨᠡᠬᠦᠳᠡᠯ ᠦᠨᠳᠦᠰᠦᠳᠡᠨ ᠤ ᠠᠷᠠᠳ ᠤᠨ ᠲᠤᠮᠳᠠ | ᠤᠯᠠᠮᠵᠢᠯᠠᠬᠳᠠᠵᠤ ᠪᠠᠶᠢᠳᠠᠬ ᠤᠷᠠᠨ ᠵᠤᠬᠢᠶᠠᠯ ᠤᠨ ᠬᠡᠯᠪᠡᠷᠢ ᠪᠤᠯᠬᠤ ᠪᠦᠭᠡᠳ ᠲᠤᠭᠳᠠᠬᠰᠠᠨ ᠤᠶᠠᠩᠭ᠎ᠠ ᠴᠤᠬᠢᠯᠭ᠎ᠠ᠂ ᠦᠭᠡ ᠬᠡᠯᠡ ᠤᠷᠤᠰᠤᠮ᠎ᠠ ᠲᠤᠳᠤ᠂ | ᠰᠡᠳᠬᠢᠯ ᠪᠢᠯᠬᠠᠮ᠎ᠠ ᠤᠶᠠᠩᠭᠠᠯᠠᠳᠠᠬ ᠢᠷᠦᠭᠡᠯ᠂ ᠮᠠᠬᠳᠠᠭᠠᠯ ᠢ ᠬᠡᠯᠡᠨ᠎ᠡ᠃ | 33. ᠮᠤᠩᠭᠤᠯ ᠦᠨᠳᠦᠰᠦᠳᠡᠨ ᠤ ᠬᠤᠭᠤᠷ ᠬᠢᠬᠦ ᠤᠷ᠎ᠠ ᠮᠡᠷᠭᠡᠵᠢᠯ᠄ ︵2011 ᠤᠨ ᠳᠤ ᠪᠦᠷᠢᠳᠭᠡᠭᠰᠡᠨ ᠤᠯᠤᠰ ᠤᠨ ᠲᠡᠰ ᠤᠨ ᠪᠤᠳᠠᠰ ᠤᠨ | ᠪᠤᠰᠤ ᠰᠤᠶᠤᠯ ᠤᠨ ᠦᠪ ᠤᠨ ᠲᠦᠷᠦᠯ ᠵᠦᠢᠯ︶ ᠮᠤᠩᠭᠤᠯ ᠦᠨᠳᠦᠰᠦᠳᠡᠨ ᠤ ᠬᠤᠭᠤᠷ ᠬᠢᠬᠦ ᠤᠷ᠎ᠠ ᠮᠡᠷᠭᠡᠵᠢᠯ ᠨᠢ ᠦᠨᠢ ᠤᠳᠠᠭᠠᠨ ᠲᠡᠤᠭᠡᠨ | ᠬᠤᠭᠤᠴᠠᠭᠠᠨ ᠳᠤ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠬᠤᠷᠴᠢᠨ ᠨᠤᠳᠤᠬ ᠤᠨ ᠬᠦᠮᠦᠰ ᠤᠨ ᠡᠳᠦᠷ ᠲᠤᠳᠤᠮ ᠤᠨ ᠠᠮᠢᠳᠤᠷᠠᠯ | ᠦᠢᠯᠡᠳᠪᠦᠷᠢᠯᠡᠯ ᠤᠨ ᠲᠤᠮᠳᠠ ᠪᠠᠨ ᠡᠬᠦᠳᠦᠭᠰᠡᠨ ᠤᠨᠴᠠ ᠤᠷ᠎ᠠ ᠮᠡᠷᠭᠡᠵᠢᠯ ᠪᠤᠯᠤᠨ᠎ᠠ᠃ | 34. ᠮᠤᠩᠭᠤᠯ ᠦᠨᠳᠦᠰᠦᠳᠡᠨ ᠤ ᠦᠭᠡᠷ ᠤᠨ ᠡᠪᠡᠷ ᠢᠶᠠᠷ ᠨᠤᠮᠤ ᠬᠢᠬᠦ ᠮᠡᠷᠭᠡᠵᠢᠯ᠄ ︵2008 ᠤᠨ ᠳᠤ ᠪᠦᠷᠢᠳᠭᠡᠭᠰᠡᠨ ᠤᠯᠤᠰ ᠤᠨ ᠲᠡᠰ ᠤᠨ | ᠪᠤᠳᠠᠰ ᠤᠨ ᠪᠤᠰᠤ ᠰᠤᠶᠤᠯ ᠤᠨ ᠦᠪ ᠤᠨ ᠲᠦᠷᠦᠯ ᠵᠦᠢᠯ︶ ᠦᠭᠡᠷ ᠤᠨ ᠡᠪᠡᠷ ᠤᠨ ᠨᠤᠮᠤ ᠪᠤᠯ ᠤᠰᠤᠨ ᠦᠭᠡᠷ ᠪᠤᠶᠤ ᠶᠠᠩᠭᠢᠷ ᠤᠨ ᠡᠪᠡᠷ ᠢ ᠰᠤᠩᠭᠤᠵᠤ | ᠂ ᠮᠠᠯ ᠤᠨ ᠨᠢᠷᠤᠭᠤᠨ ᠤ ᠰᠢᠷᠪᠤᠰᠤ ᠪᠤᠶᠤ ᠮᠠᠯ ᠤᠨ ᠲᠤᠭᠤᠷᠠᠢ ᠶᠢᠨ ᠰᠢᠷᠪᠤᠰᠤ ᠡᠰᠡᠭᠦᠯ᠎ᠠ ᠬᠠᠷᠢᠮᠠᠬᠠᠢ ᠴᠢᠨᠠᠷ ᠢᠶᠠᠷ ᠰᠠᠶᠢᠨ ᠬᠤᠯᠤᠰᠤ ᠶᠢ ᠰᠤᠩᠭᠤᠵᠤ᠂ | ᠠᠮᠢᠳᠡᠨ ᠤ ᠴᠠᠪᠠᠤ ᠵᠡᠷᠭᠡ ᠴᠤᠯ ᠪᠠᠶᠢᠭᠠᠯᠢᠯᠢᠭ ᠮᠠᠲ᠋ᠧᠷᠢᠶᠠᠯ ᠢᠶᠠᠷ ᠨᠠᠭᠠᠯᠳᠤᠭᠤᠯᠵᠤ ᠪᠦᠳᠦᠭᠡᠭᠰᠡᠨ ᠮᠤᠩᠭᠤᠯ ᠦᠨᠳᠦᠰᠦᠳᠡᠨ ᠤ ᠡᠷᠳᠡᠨ ᠤ ᠲᠠᠶᠢᠨ | ᠪᠠᠶᠢᠯᠳᠤᠭᠠᠨ᠂ ᠠᠪᠠ ᠬᠢᠬᠦ ᠵᠢᠴᠢ ᠨᠠᠭᠠᠳᠤᠮ ᠳᠤ ᠬᠡᠷᠡᠭᠯᠡᠳᠡᠭ ᠨᠤᠮᠤ ᠶᠢ ᠬᠡᠯᠡᠵᠤ ᠪᠤᠢ᠃ ᠡᠨᠡ ᠨᠢ ᠮᠤᠩᠭᠤᠯ ᠡᠷᠡᠴᠦᠳ ᠤᠨ ᠵᠠᠪᠡᠯ ᠡᠵᠡᠮᠰᠢᠭᠦ ᠨᠢᠬᠡ | ᠵᠦᠢᠯ ᠤᠨ ᠤᠷ᠎ᠠ ᠮᠡᠷᠭᠡᠵᠢᠯ ᠪᠤᠯᠬᠤ ᠪᠦᠭᠡᠳ ᠮᠤᠩᠭᠤᠯ ᠦᠨᠳᠦᠰᠦᠳᠡᠨ ᠤ ᠤᠨᠴᠠᠯᠢᠭ ᠢ ᠬᠦᠨ ᠬᠠᠳᠠᠭᠠᠯᠠᠵᠤ ᠪᠠᠶᠢᠳᠠᠭ᠃ | 35. ᠱᠠᠯᠪᠤᠷ ᠪᠦᠭᠡ᠄ ︵2008 ᠤᠨ ᠤ 6 ᠰᠠᠷ᠎ᠠ ᠶᠢᠨ 7 ᠤ ᠡᠳᠦᠷ ᠪᠦᠷᠢᠳᠭᠡᠭᠰᠡᠨ ᠬᠤᠶᠠᠳᠤᠭᠠᠷ ᠪᠦᠯᠦᠭ ᠤᠯᠤᠰ ᠤᠨ ᠲᠡᠰ ᠤᠨ | ᠪᠤᠳᠠᠰ ᠤᠨ ᠪᠤᠰᠤ ᠰᠤᠶᠤᠯ ᠤᠨ ᠦᠪ ᠤᠨ ᠲᠦᠷᠦᠯ ᠵᠦᠢᠯ︶ ᠱᠠᠯᠪᠤᠷ ᠪᠦᠭᠡ ᠪᠤᠯ ᠤᠢᠢᠷᠠᠳ ᠮᠤᠩᠭᠤᠯᠴᠤᠳ ᠤᠨ ᠤᠳᠤ ᠪᠤᠯᠳᠠᠯ᠎ᠠ | ᠬᠠᠳᠠᠭᠠᠯᠠᠬᠳᠠᠬᠰᠠᠭᠠᠷ ᠢᠷᠡᠭᠰᠡᠨ ᠦᠨᠳᠦᠰᠦᠳᠡᠨ ᠤ ᠤᠯᠠᠮᠵᠢᠯᠠᠯᠳᠤ ᠪᠡᠶ᠎ᠡ ᠲᠠᠮᠢᠷ ᠤᠨ ᠲᠦᠷᠦᠯ ᠵᠦᠢᠯ ᠪᠤᠯᠬᠤ ᠪᠦᠭᠡᠳ ᠲᠡᠷᠡ ᠨᠢ ᠦᠪᠦᠷ ᠮᠤᠩᠭᠤᠯ ᠤᠨ | ᠠᠯᠠᠱᠠ ᠠᠶᠢᠮᠠᠬ᠂ ᠰᠢᠨᠵᠢᠶᠠᠩ᠂ ᠬᠦᠭᠡᠨᠠᠭᠤᠷ᠂ ᠭᠠᠨᠰᠤ ᠵᠡᠷᠭᠡ ᠮᠤᠩᠭᠤᠯ ᠦᠨᠳᠦᠰᠦᠳᠡᠨ ᠰᠠᠭᠤᠷᠢᠰᠢᠵᠤ ᠪᠠᠶᠢᠬᠤ ᠭᠠᠵᠠᠷ ᠤᠷᠤᠨ ᠢᠶᠠᠷ ᠲᠠᠷᠬᠠᠵᠤ | ᠪᠠᠶᠢᠳᠠᠬ᠃ | 36. ᠬᠤᠯᠪᠤᠭ᠎ᠠ᠄ ︵2008 ᠤᠨ ᠤ 6 ᠰᠠᠷ᠎ᠠ ᠶᠢᠨ 7 ᠤ ᠡᠳᠦᠷ ᠪᠦᠷᠢᠳᠭᠡᠭᠰᠡᠨ ᠬᠤᠶᠠᠳᠤᠭᠠᠷ ᠪᠦᠯᠦᠭ ᠤᠯᠤᠰ ᠤᠨ ᠲᠡᠰ ᠤᠨ ᠪᠤᠳᠠᠰ ᠤᠨ | ᠪᠤᠰᠤ ᠰᠤᠶᠤᠯ ᠤᠨ ᠦᠪ ᠤᠨ ᠲᠦᠷᠦᠯ ᠵᠦᠢᠯ︶ ᠬᠤᠯᠪᠤᠭ᠎ᠠ ᠪᠤᠯ ᠮᠤᠩᠭᠤᠯ ᠦᠨᠳᠦᠰᠦᠳᠡᠨ ᠤ ᠲᠠᠭᠤᠯᠠᠳᠠᠬ ᠲᠠᠭᠤᠤ ᠤᠷᠠᠯᠢᠭ ᠤᠨ ᠨᠢᠭᠡ ᠪᠤᠯᠬᠤ | ᠪᠦᠭᠡᠳ ᠬᠤᠯᠪᠤᠭ᠎ᠠ ᠶᠢᠨ ᠦᠭᠡ ᠨᠢ ᠲᠤᠯᠤᠭᠠᠢ ᠬᠤᠯᠪᠤᠵᠤ ᠰᠡᠬᠦᠯ ᠲᠠᠷᠤᠬᠤ ᠶᠢ ᠤᠨᠴᠠ ᠠᠩᠬᠠᠷᠳᠠᠬ ᠲᠠᠭᠤᠤ ᠤᠷᠠᠯᠢᠬ ᠮᠦᠨ᠃ | 37. ᠦᠯᠢᠭᠡᠷ᠄ ︵2006 ᠤᠨ ᠤ 6 ᠰᠠᠷ᠎ᠠ ᠶᠢᠨ 7 ᠤ ᠡᠳᠦᠷ ᠪᠦᠷᠢᠳᠭᠡᠭᠰᠡᠨ ᠲᠦᠷᠤᠬᠦᠤ ᠪᠦᠯᠦᠭ ᠤᠨ ᠤᠯᠤᠰ ᠤᠨ ᠲᠡᠰ ᠤᠨ ᠪᠤᠳᠠᠰ ᠤᠨ | ᠪᠤᠰᠤ ᠰᠤᠶᠤᠯ ᠤᠨ ᠦᠪ ᠤᠨ ᠲᠦᠷᠦᠯ ᠵᠦᠢᠯ︶ ᠦᠯᠢᠭᠡᠷ ᠨᠢ ᠮᠤᠩᠭᠤᠯ ᠦᠨᠳᠦᠰᠦᠳᠡᠨ ᠤ ᠶᠠᠷᠢᠵᠤ ᠲᠠᠭᠤᠯᠠᠬᠤ ᠨᠢᠭᠡᠨ ᠵᠦᠢᠯ ᠤᠨ ᠤᠷᠠᠯᠢᠬ ᠤᠨ | ᠬᠡᠯᠪᠡᠷᠢ ᠪᠤᠯᠬᠤ ᠪᠦᠭᠡᠳ ᠲᠡᠷᠡ ᠨᠢ ᠭᠤᠤᠯᠳᠠᠭᠤ ᠦᠪᠦᠷ ᠮᠤᠩᠭᠤᠯ ᠤᠨ ᠭᠡᠰᠡᠭ ᠭᠠᠵᠠᠷ ᠤᠷᠤᠨ᠂ ᠬᠠᠷᠠᠮᠦ᠋ᠷᠡᠨ᠂ ᠬᠢᠷᠢᠨ ᠪᠤᠯᠤᠨ ᠯᠢᠶᠤᠤᠨᠢᠩ ᠵᠡᠷᠭᠡ | ᠭᠠᠵᠠᠷ ᠤᠷᠤᠨ ᠤ ᠮᠤᠩᠭᠤᠯᠴᠤᠳ ᠲᠦᠪᠯᠡᠷᠡᠨ ᠰᠠᠭᠤᠷᠢᠰᠢᠬᠰᠠᠨ ᠭᠠᠵᠠᠷ ᠤᠷᠤᠨ ᠢᠶᠠᠷ ᠲᠠᠷᠬᠠᠵᠤ ᠪᠠᠶᠢᠳᠠᠬ᠃ | 38. ᠤᠷᠠᠳ ᠠᠷᠠᠳ ᠤᠨ ᠲᠠᠭᠤᠤ᠄ ︵2008 ᠤᠨ ᠳᠤ ᠪᠦᠷᠢᠳᠭᠡᠭᠰᠡᠨ ᠤᠯᠤᠰ ᠤᠨ ᠲᠡᠰ ᠤᠨ ᠪᠤᠳᠠᠰ ᠤᠨ ᠪᠤᠰᠤ ᠰᠤᠶᠤᠯ ᠤᠨ ᠦᠪ ᠤᠨ | ᠲᠦᠷᠦᠯ ᠵᠦᠢᠯ︶ ᠤᠷᠠᠳ ᠠᠷᠠᠳ ᠤᠨ ᠲᠠᠭᠤᠤ ᠨᠢ ᠭᠤᠤᠯᠳᠠᠭᠤ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠷᠠᠳ ᠤᠨ ᠡᠮᠤᠨᠡᠳᠦ | ᠬᠤᠰᠢᠭᠤᠨ ᠤ ᠮᠤᠩᠭᠤᠯᠴᠤᠳ ᠲᠠᠭᠤᠯᠠᠳᠠᠬ ᠠᠷᠠᠳ ᠤᠨ ᠲᠠᠭᠤᠤ ᠪᠤᠯᠤᠨ᠎ᠠ᠃ | 39. ᠴᠤᠭᠤᠷ ᠬᠦᠭᠵᠢᠮ᠄ ︵2008 ᠤᠨ ᠳᠤ ᠪᠦᠷᠢᠳᠭᠡᠭᠰᠡᠨ ᠨᠢᠭᠡᠳᠦᠭᠡᠷ ᠪᠦᠯᠦᠭ ᠤᠯᠤᠰ ᠤᠨ ᠲᠡᠰ ᠤᠨ ᠪᠤᠳᠠᠰ ᠤᠨ ᠪᠤᠰᠤ ᠰᠤᠶᠤᠯ ᠤᠨ | ᠦᠪ ᠤᠨ ᠲᠦᠷᠦᠯ ᠵᠦᠢᠯ︶ ᠴᠤᠭᠤᠷ ᠬᠦᠭᠵᠢᠮ ᠨᠢ ᠮᠤᠩᠭᠤᠯ ᠦᠨᠳᠦᠰᠦᠳᠡᠨ ᠤ ᠠᠷᠠᠳ ᠲᠦᠮᠡᠨ ᠤᠷᠳᠤ ᠤᠳᠠᠭᠠᠨ ᠬᠤᠭᠤᠴᠠᠭᠠᠨ ᠤ ᠲᠡᠤᠭᠡᠨ | ᠬᠦᠭᠵᠢᠯᠳᠡ ᠶᠢᠨ ᠶᠠᠪᠤᠴᠠ ᠳᠤ ᠵᠤᠬᠢᠶᠠᠨ ᠪᠦᠳᠦᠭᠡᠭᠰᠡᠨ ᠬᠦᠨ ᠦᠳᠭᠡᠨ ᠦᠨᠳᠦᠰᠦᠳᠡᠨ ᠤ ᠤᠨᠴᠠᠯᠢᠬ ᠲᠠᠢ ᠬᠦᠭᠵᠢᠮᠳᠡᠨ ᠲᠠᠭᠤᠯᠠᠬᠤ ᠤᠷᠠᠯᠢᠬ ᠪᠤᠯᠤᠨ᠎ᠠ | ᠃ | 40. ᠴᠠᠮ ᠬᠠᠷᠠᠶᠢᠬᠤ᠄ ︵2008 ᠤᠨ ᠳᠤ ᠪᠦᠷᠢᠳᠭᠡᠭᠰᠡᠨ ᠤᠯᠤᠰ ᠤᠨ ᠲᠡᠰ ᠤᠨ ᠪᠤᠳᠠᠰ ᠤᠨ ᠪᠤᠰᠤ ᠰᠤᠶᠤᠯ ᠤᠨ ᠦᠪ ᠤᠨ ᠲᠦᠷᠦᠯ | ᠵᠦᠢᠯ︶ ᠴᠠᠮ ᠬᠠᠷᠠᠶᠢᠬᠤ ᠭᠡᠳᠡᠭ ᠨᠢ ᠮᠤᠩᠭᠤᠯ ᠲᠦᠪᠡᠳ ᠤᠨ ᠱᠠᠰᠢᠨ ᠰᠤᠷᠳᠠᠬᠤᠨ ᠰᠤᠶᠤᠯ ᠤᠨ ᠰᠤᠯᠢᠯᠴᠠᠭᠠᠨ ᠤ ᠦᠷ᠎ᠡ ᠪᠦᠳᠦᠭᠡᠯ ᠪᠤᠯᠬᠤ ᠪᠦᠭᠡᠳ | ᠤᠳᠤ ᠪᠤᠯᠳᠠᠯ᠎ᠠ 400 ᠵᠢᠯ ᠤᠨ ᠲᠡᠤᠭᠡ ᠲᠠᠢ ᠪᠠᠶᠢᠵᠤ᠂ ᠱᠠᠰᠢᠨ ᠰᠤᠷᠳᠠᠬᠤᠨ ᠤ ᠤᠯᠠᠮᠵᠢᠯᠠᠯ ᠢᠶᠠᠷ ᠭᠤᠤᠯ ᠠᠭᠤᠯᠭ᠎ᠠ ᠪᠤᠯᠭᠠᠵᠤ᠂ ︽ᠶᠡᠭᠡ ᠴᠠᠮ︾᠂ | ︽ᠪᠠᠭ᠎ᠠ ᠴᠠᠮ︾ ᠭᠡᠵᠤ ᠬᠤᠪᠢᠶᠠᠳᠠᠬ᠃ | |