ᠪᠠᠭ᠎ᠠ ᠰᠢᠭᠡᠲᠡᠢ ᠪᠠᠯᠭᠠᠰᠣ 12345 ᠲᠠᠪᠴᠠᠩ ᠤᠨ ᠦᠢᠯᠡᠴᠢᠡᠯᠬᠡ ᠶᠢ ᠥᠨᠳᠥᠷ ᠪᠦᠲᠦᠮᠵᠢᠲᠡᠶ ᠰᠢᠢᠳᠪᠦᠷᠢᠯᠡᠵᠦ ᠠᠷᠠᠳ ᠤᠨ ᠰᠡᠳᠬᠢᠯ ᠢ  ᠲᠣᠯᠠᠭᠠᠴᠠᠭᠤᠯᠪᠠ
ᠨᠡᠶᠢᠲᠡᠯᠡᠭᠰᠡᠨ ᠴᠠᠭ᠄
2023/12/6
    ᠪᠠᠭ᠎ᠠ ᠰᠢᠭᠡᠲᠡᠢ ᠪᠠᠯᠭᠠᠰᠤᠨ ᠤ 12345ᠲᠠᠪᠴᠠᠩ ᠤᠨ ᠬᠠᠯᠠᠮᠰᠢᠯ ᠤᠲᠠᠰᠤ ᠨᠢ ︽ᠶᠠᠪᠤᠳᠠᠯ ᠪᠣᠯᠭᠠᠨ ᠢ ᠨᠠᠶᠢᠳᠠᠪᠤᠷᠢᠵᠢᠭᠤᠯᠵᠤ᠂ ᠶᠠᠪᠤᠳᠠᠯ ᠪᠣᠯᠭᠠᠨ ᠢ ᠬᠠᠷᠢᠭᠤᠯᠲᠠ ᠲᠠᠢ ᠪᠠᠶᠢᠯᠭᠠᠬᠤ︾ ᠠᠵᠢᠯ ᠤᠨ ᠱᠠᠭᠠᠷᠳᠠᠯᠭ᠎ᠠ ᠶᠣᠰᠣᠭᠠᠷ᠂ ᠬᠥᠮᠦᠨ ᠤ ᠬᠦᠴᠦ ᠪᠠᠷ ᠭᠥᠯᠢᠶᠡᠨ ᠠᠪᠴᠤ ᠰᠢᠢᠳᠪᠦᠷᠢᠯᠡᠬᠦ ᠪᠦᠬᠦᠯᠢ ᠡᠳᠦᠷ ᠤᠨ ᠦᠢᠯᠡᠴᠢᠯᠡᠭᠡ ᠬᠠᠩᠭᠠᠵᠤ᠂ ︽ᠲᠥᠪᠯᠡᠷᠡᠭᠦᠯᠦᠨ ᠭᠥᠯᠢᠶᠡᠨ ᠠᠪᠴᠤ ᠰᠢᠢᠳᠪᠦᠷᠢᠯᠡᠬᠦ᠂ ᠲᠥᠷᠥᠯ ᠬᠤᠪᠢᠶᠠᠨ ᠰᠢᠢᠳᠪᠦᠷᠢᠯᠡᠬᠦ᠂ ᠨᠢᠭᠡᠳᠦᠯᠲᠡᠢ ᠵᠣᠬᠢᠴᠠᠭᠤᠯᠬᠤ᠂ ᠡᠯ᠎ᠡ ᠲᠠᠯ᠎ᠠ ᠶᠢᠨ ᠬᠢᠨ ᠢ ᠬᠤᠯᠪᠤᠭᠠᠯᠠᠨ ᠬᠥᠳᠡᠯᠦᠯᠴᠡᠬᠦ᠂ ᠴᠠᠭ ᠬᠢᠵᠠᠭᠠᠷᠯᠠᠨ ᠭᠦᠢᠴᠡᠳᠬᠡᠬᠦ︾ ᠠᠵᠢᠯ ᠤᠨ ᠠᠷᠭ᠎ᠠ ᠮᠠᠶ᠋ᠢᠭ ᠢᠶᠠᠷ ᠪᠠᠯᠭᠠᠰᠣᠨ ᠤ ᠠᠷᠠᠳ ᠤᠨ ᠡᠯ᠎ᠡ ᠲᠥᠷᠥᠯ ᠤᠨ ᠵᠥᠪᠯᠡᠯᠭᠡ᠂ ᠲᠤᠰᠠᠯᠠᠮᠵᠢ ᠭᠤᠶᠤᠴᠢᠯᠠᠬᠤ᠂ ᠵᠠᠭᠠᠯᠳᠤᠬᠤ᠂ ᠰᠠᠨᠠᠯ ᠪᠠ ᠰᠠᠨᠠᠭᠤᠯᠭ᠎ᠠ ᠶᠢ ᠪᠥᠬᠦ ᠲᠠᠯ᠎ᠠ ᠪᠠᠷ ᠭᠥᠯᠢᠶᠡᠨ ᠠᠪᠴᠤ ᠰᠢᠢᠳᠪᠦᠷᠢᠯᠡᠪᠡ᠃ ᠲᠣᠰ ᠪᠠᠯᠭᠠᠰᠤᠨ ᠤ 12345 ᠲᠠᠪᠴᠠᠩ ᠤᠨ ᠬᠠᠯᠠᠮᠰᠢᠯ ᠤᠲᠠᠰᠤ ᠨᠢ ᠢᠮᠠᠭᠲᠠ ᠤᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠶᠢ ᠲᠡᠷᠢᠭᠦᠨ ᠴᠢᠬᠤᠯᠠ ᠡᠭᠦᠷᠭᠡ ᠪᠠᠨ ᠪᠣᠯᠭᠠᠨ᠂ ᠲᠡᠳᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠴᠠᠭ ᠲᠤᠬᠠᠢ  ᠳᠤᠨᠢ ᠬᠠᠷᠢᠭᠤᠯᠲᠠ ᠦᠭᠭᠦᠨ᠂ ᠬᠦᠴᠢᠷ ᠵᠣᠪᠠᠭᠤᠷᠢ ᠶᠢ ᠨᠢ ᠢᠳᠡᠪᠬᠢᠲᠡᠢ ᠰᠢᠢᠳᠪᠦᠷᠢᠯᠡᠵᠦ᠂ ᠥᠷᠭᠡᠨ ᠤᠯᠠᠨ ᠲᠦᠮᠡᠨ ᠤ ᠢᠲᠡᠭᠡᠯ ᠪᠠ ᠨᠤᠲᠠᠯᠠᠯᠲᠠ ᠶᠢ ᠣᠯᠤᠭᠰᠠᠨ ᠪᠠᠶᠢᠨ᠎ᠠ᠃   ᠵᠠᠰᠠᠭ ᠠᠷᠠᠳ ᠤᠨ ᠬᠠᠷᠢᠯᠴᠠᠨ ᠬᠥᠳᠡᠯᠦᠯᠴᠡᠬᠦ ᠶᠢ ᠦᠨᠡᠨᠬᠦ ᠠᠬᠢᠭᠤᠯᠵᠤ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠵᠦᠢ ᠵᠣᠬᠢᠰᠲᠠᠶ  ᠰᠢᠢᠳᠪᠦᠷᠢᠯᠡᠬᠦ ᠶᠢᠨ ᠲᠤᠰᠠᠳᠠ᠂ ︽ᠵᠠᠭᠠᠯᠳᠤᠯᠭ᠎ᠠ ᠶᠢ ᠬᠦᠯᠢᠶᠡᠨ ᠠᠪᠤᠪᠠᠯ ᠳᠠᠷᠦ᠋ᠢᠬᠠᠨ ᠰᠢᠢᠳᠪᠦᠷᠢᠯᠡᠬᠦ︾ ᠠᠵᠢᠯ ᠢ ᠥᠷᠨᠢᠭᠦᠯᠦᠭᠰᠡᠨ ᠠᠴᠠ ᠨᠠᠰᠢ ᠂  ᠪᠠᠭ᠎ᠠ ᠰᠢᠭᠡᠲᠡᠢ ᠪᠠᠯᠭᠠᠰᠤᠨ ᠤ ᠬᠡᠷᠡᠭ ᠡᠷᠬᠢᠯᠡᠬᠦ ᠭᠠᠵᠠᠷ ᠤᠨ ᠬᠢᠨ ︽ᠣᠯᠠᠨ ᠲᠦᠮᠡᠨ ᠤ ᠠᠰᠢᠭ ᠲᠤᠰᠠ ᠳᠤ ᠪᠠᠭ᠎ᠠ ᠶᠠᠪᠤᠳᠠᠯ ᠭᠡᠵᠦ ᠦᠭᠡᠢ︾ ᠪᠠᠷ ᠦᠢᠯᠡᠴᠢᠯᠡᠭᠡᠨ ᠤ ᠵᠣᠷᠢᠯᠲᠠ ᠪᠠᠨ ᠪᠣᠯᠭᠠᠵᠤ᠂ ︽ᠲᠥᠬᠦᠮ ᠠᠰᠠᠭᠤᠳᠠᠯ ᠢ ᠳᠠᠷᠤᠶᠢᠬᠠᠨ ᠰᠢᠢᠳᠪᠦᠷᠢᠯᠡᠬᠦ᠂ ᠪᠤᠳᠤᠯᠢᠶᠠᠨᠲᠠᠢ ᠠᠰᠠᠭᠤᠳᠠᠯ ᠢ ᠴᠠᠭ ᠬᠢᠵᠠᠭᠠᠷᠯᠠᠨ ᠰᠢᠢᠳᠪᠦᠷᠢᠯᠡᠬᠦ᠂ ᠣᠷᠳᠣ ᠬᠤᠭᠤᠴᠠᠭᠠᠨ ᠤ ᠠᠰᠠᠭᠤᠳᠠᠯ ᠢ ᠰᠤᠳᠤᠯᠬᠤ ᠠᠯᠪᠠᠨ ᠭᠡᠷ᠂ ᠬᠦᠴᠢᠷ ᠲᠦᠪᠡᠭᠲᠡᠢ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠬᠦ︾ ᠪᠠᠷᠢᠮᠵᠢᠶ᠎ᠠ ᠪᠠᠷ  ᠠᠷᠠᠳ ᠤᠨ ᠲᠠᠭᠤᠨ ᠢ ᠰᠣᠨᠣᠰᠴᠤ ᠠᠷᠠᠳ ᠤᠨ ᠬᠦᠴᠢᠷᠳᠡᠯ ᠢ ᠰᠢᠢᠳᠪᠦᠷᠢᠯᠡᠬᠦ ︽ᠠᠩᠬᠠᠳᠠᠭᠴᠢ ᠳ᠋ᠢᠶᠠᠩᠬᠤᠸᠠ︾ ᠶᠢ ᠰᠠᠭᠠᠳ ᠦᠭᠡᠢ  ᠨᠡᠪᠲᠡᠷᠡᠭᠦᠯᠪᠡ᠃     ᠲᠠᠷᠠᠭᠠᠴᠢ ᠶᠢᠨ ᠠᠯᠬᠤᠮ ᠳᠤ ᠪᠠᠭ᠎ᠠ ᠰᠢᠭᠡᠲᠡᠢ ᠪᠠᠯᠭᠠᠰᠤᠨ ᠤ 12345 ᠲᠠᠪᠴᠠᠩ ᠨᠢ ︽ᠠᠷᠠᠳ ᠲᠦᠮᠡᠨ ᠢᠶᠠᠷ ᠭᠤᠤᠯ ᠪᠣᠯᠭᠠᠬᠤ︾ ᠣᠶᠢᠯᠠᠭᠠᠭᠳᠠᠬᠤᠨ ᠢ ᠪᠠᠲᠤ ᠪᠣᠶ ᠪᠣᠯᠭᠠᠵᠤ᠂ ︽ᠵᠠᠭᠠᠯᠳᠤᠯᠭ᠎ᠠ ᠶᠢ ᠭᠥᠯᠢᠶᠡᠨ ᠠᠪᠤᠪᠠᠯ ᠳᠠᠷᠤᠶ ᠬᠦᠢᠴᠡᠳᠭᠡᠭᠦ︾ ᠱᠠᠭᠠᠷᠳᠠᠯᠭ᠎ᠠ ᠶᠣᠰᠣᠭᠠᠷ᠂ ᠣᠯᠠᠨ ᠲᠦᠮᠡᠨ ᠤ ᠬᠠᠷᠢᠭᠤ ᠲᠤᠰᠬᠠᠭᠰᠠᠨ ᠠᠰᠠᠭᠤᠳᠠᠯ ᠢ ᠴᠠᠭ ᠲᠤᠬᠠᠶ ᠳᠤᠨᠢ ᠰᠢᠢᠳᠪᠦᠷᠢᠯᠡᠨ᠂ ᠦᠨᠳᠦᠰᠦᠨ ᠱᠠᠲᠤᠨ ᠤ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠨ᠎ᠡ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ