ᠣᠷᠠᠳ ᠤᠨ ᠡᠮᠦᠨᠡᠲᠦ ᠬᠤᠰᠢᠭᠤ ᠵᠠᠬᠢᠳᠠᠯ ᠰᠤᠷᠪᠤᠯᠵᠢᠯᠠᠭ᠎ᠠ ᠶᠢᠨ ᠣᠷᠣᠯᠠᠨ ᠬᠦᠢᠴᠡᠳᠭᠡᠭᠦ ᠦᠷ᠎ᠡ ᠪᠦᠲᠦᠮᠵᠢ ᠶᠢ  ᠳᠡᠭᠡᠭᠰᠢᠯᠡᠬᠦᠯᠪᠡ
ᠨᠡᠶᠢᠲᠡᠯᠡᠭᠰᠡᠨ ᠴᠠᠭ᠄
2023/12/6
   ᠡᠨᠡ ᠵᠢᠯ ᠠᠴᠠ ᠨᠠᠭᠠᠰᠢ᠂ ᠤᠷᠠᠳ ᠤᠨ ᠡᠮᠦᠨᠡᠲᠦ ᠬᠤᠰᠢᠭᠤ ᠵᠠᠬᠢᠳᠠᠯ ᠰᠤᠷᠪᠤᠯᠵᠢᠯᠠᠭ᠎ᠠ ᠶᠢᠨ ᠣᠷᠣᠯᠠᠨ ᠬᠦᠢᠴᠡᠳᠭᠡᠭᠦ ᠠᠵᠢᠯ ᠤᠨ ︽ᠨᠠᠢᠮᠠᠨ ᠠᠯᠬᠤᠮ ᠤᠨ ᠠᠷᠭ᠎ᠠ︾ ᠶᠢ ᠢᠳᠡᠪᠬᠢᠲᠡᠶ ᠪᠠᠷ ᠰᠢᠨ᠎ᠡ ᠶᠢ ᠡᠭᠦᠳᠬᠦ ᠴᠢᠨᠠᠷᠲᠠᠶ ᠪᠠᠷ ᠳᠤᠷᠠᠳᠤᠨ ᠭᠠᠷᠭᠠᠭᠰᠠᠨ ᠪᠥᠭᠡᠳ ᠪᠥᠬᠦ ᠬᠤᠰᠢᠭᠤᠨ ᠤ ᠬᠡᠪᠴᠢᠶᠡᠨ ᠳᠤ ᠳᠡᠯᠭᠡᠷᠡᠭᠦᠯᠵᠦ᠂ ᠠᠵᠢᠯ ᠤᠨ ᠶᠠᠪᠤᠴᠠ ᠶᠢ ᠨᠠᠷᠢᠯᠢᠭᠵᠢᠭᠤᠯᠬᠤ᠂ ᠠᠵᠢᠯ ᠤᠨ ᠠᠷᠭ᠎ᠠ ᠬᠡᠮᠵᠢᠶ᠎ᠡ ᠶᠢ ᠴᠢᠩᠭᠠᠷᠠᠭᠤᠯᠬᠤ ᠪᠠᠷ ᠳᠠᠮᠵᠢᠭᠤᠯᠤᠨ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠣᠷᠣᠯᠠᠨ ᠭᠦᠢᠴᠡᠳᠬᠡᠬᠦ ᠪᠣᠳᠠᠲᠤ ᠦᠷ᠎ᠡ ᠪᠦᠲᠦᠮᠵᠢ ᠶᠢ ᠦᠨᠡᠨ ᠬᠦ ᠳᠡᠭᠡᠭᠰᠢᠯᠡᠭᠦᠯᠵᠦ᠂ ᠵᠠᠬᠢᠳᠠᠯ ᠰᠣᠷᠪᠤᠯᠵᠢᠯᠠᠭ᠎ᠠ ᠶᠢᠨ ᠵᠥᠷᠢᠴᠡᠯ ᠢ ᠦᠨᠡᠨ ᠬᠦ ᠲᠤᠬᠠᠢ ᠶᠢᠨ ᠭᠠᠵᠠᠷ ᠲᠤᠨᠢ ᠰᠢᠢᠳᠪᠦᠷᠢᠯᠡᠵᠦ᠂ ᠦᠨᠳᠦᠰᠦᠨ ᠱᠠᠲᠤᠨ ᠳᠤ ᠰᠢᠢᠳᠪᠦᠷᠢᠯᠡᠵᠡᠢ᠃    ᠲᠣᠰ ᠬᠤᠰᠢᠭᠤ ᠵᠠᠬᠢᠳᠠᠯ ᠰᠣᠷᠪᠤᠯᠵᠢᠯᠠᠭ᠎ᠠ ᠶᠢ ᠣᠷᠣᠯᠠᠨ ᠬᠦᠢᠴᠡᠳᠭᠡᠭᠦ ᠳᠤ ︽ᠦᠨᠳᠦᠰᠦᠨ ᠱᠠᠲᠤᠨ ᠳᠤ ᠬᠦᠨᠵᠡᠭᠡᠶᠢᠷᠡᠬᠦ᠂ ᠶᠡᠭᠡ ᠲᠢᠩᠬᠢᠮ ᠳᠤ ᠣᠷᠣᠬᠤ᠂ ᠨᠡᠶᠢᠭᠡᠮ ᠲᠣᠭᠤᠷᠢᠭ ᠲᠤ  ᠣᠷᠣᠬᠤ︾  ᠮᠠᠶ᠋ᠢᠭ ᠢᠶᠠᠷ᠂ ᠡᠯ᠎ᠡ ᠱᠠᠲᠤᠨ ᠤ ᠣᠷᠣᠯᠠᠨ ᠭᠦᠢᠴᠡᠳᠬᠡᠬᠦ ᠪᠠᠶᠢᠭᠤᠯᠤᠮᠵᠢ ᠶᠢᠨ ᠬᠠᠷᠢᠭᠤᠴᠠᠯᠭ᠎ᠠ ᠶᠢ ᠴᠢᠷᠮᠠᠶᠢᠨ ᠪᠣᠳᠠᠲᠠᠶᠢᠵᠢᠭᠤᠯᠵᠤ᠂ ᠣᠷᠣᠯᠠᠨ ᠭᠦᠢᠴᠡᠳᠬᠡᠬᠦ ᠠᠵᠢᠯ ᠤᠨ ᠵᠦᠢᠯᠡᠰ ᠢ ᠬᠠᠷᠢᠭᠤᠴᠠᠯᠭᠠᠲᠠᠨ ᠤ ᠮᠥᠷᠥᠨ ᠳᠡᠭᠡᠷ᠎ᠡ ᠲᠠᠯᠪᠢᠵᠤ᠂ ᠵᠥᠷᠢᠴᠡᠯ ᠢ ᠰᠢᠢᠳᠪᠦᠷᠢᠯᠡᠬᠦ ᠦᠷ᠎ᠡ ᠪᠦᠲᠦᠮᠵᠢ ᠶᠢ  ᠳᠡᠭᠡᠭᠰᠢᠯᠡᠭᠦᠯᠪᠡ᠃ ᠪᠥᠬᠦ ᠬᠤᠰᠢᠭᠤᠨ ᠤ 192 ᠣᠷᠣᠯᠠᠨ ᠭᠦᠢᠴᠡᠳᠬᠡᠬᠦ ᠥᠷᠲᠡᠭᠡ ︵ᠴᠡᠭ︶ ᠪᠠ 400 ᠭᠠᠷᠤᠢ ᠣᠷᠣᠯᠠᠨ ᠭᠦᠢᠴᠡᠳᠭᠡᠭᠴᠢ ᠶᠢᠨ ᠡᠩᠨᠡᠭᠡ ᠳᠤ ᠲᠦᠰᠢᠭᠯᠡᠨ᠂ ᠡᠯ᠎ᠡ ᠲᠠᠯ᠎ᠠ ᠶᠢᠨ ᠴᠢᠳᠠᠪᠤᠷᠢᠲᠠᠨ ᠢ ᠨᠡᠶᠢᠭᠡᠮ ᠤᠨ ᠦᠨᠳᠦᠰᠦᠨ ᠱᠠᠲᠤᠨ ᠤ ᠵᠠᠰᠠᠯᠲᠠ ᠶᠢᠨ ᠠᠵᠢᠯ ᠳᠤ ᠣᠷᠣᠯᠴᠠᠭᠤᠯᠵᠤ᠂ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ ᠴᠢᠩᠭᠠᠳᠬᠠᠬᠤ ᠪᠠ ᠲᠤᠬᠠᠢ ᠶᠢᠨ ᠭᠠᠵᠠᠷ ᠲᠤᠨᠢ ᠲᠣᠭᠤᠷᠢᠨ ᠦᠵᠡᠬᠦ ᠵᠡᠷᠭᠡ ᠬᠡᠯᠪᠡᠷᠢ ᠪᠠᠷ ᠳᠡᠮᠵᠢᠨ᠂ ᠣᠷᠣᠯᠠᠨ ᠭᠦᠢᠴᠡᠳᠭᠡᠭᠴᠢ ᠶᠢᠨ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠪᠠ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠠᠷᠠᠳ ᠣᠯᠠᠨ ᠢ ᠢᠳᠡᠪᠬᠢᠲᠡᠢ ᠬᠥᠲᠥᠯᠥᠨ ᠵᠢᠯᠤᠭᠤᠳᠴᠤ ᠪᠠᠶᠢᠭᠠᠳ ᠬᠠᠤᠯᠢ ᠲᠣᠭᠲᠠᠭᠠᠯ ᠶᠣᠰᠣᠭᠠᠷ ᠠᠰᠠᠭᠤᠳᠠᠯ ᠢ ᠲᠤᠰᠬᠠᠵᠤ᠂ ᠠᠰᠠᠭᠤᠳᠠᠯ ᠢ ᠬᠠᠤᠯᠢ ᠶᠣᠰᠣᠭᠠᠷ ᠵᠦᠢ ᠵᠣᠬᠢᠰᠲᠠᠢ ᠰᠢᠢᠳᠪᠦᠷᠢᠯᠡᠪᠡ᠃ ᠡᠭᠦᠨ ᠤ ᠬᠠᠮᠲᠤ᠂ ᠶᠡᠷᠦᠩᠬᠡᠶᠢᠯᠡᠨ ᠵᠠᠰᠠᠬᠤ ᠠᠯᠪᠠᠨ ᠭᠡᠷ᠂ ᠲᠣᠭᠲᠠᠭᠤᠨ ᠢ ᠬᠠᠮᠠᠭᠠᠯᠠᠬᠤ ᠠᠯᠪᠠᠨ ᠭᠡᠷ᠂ ᠰᠢᠭᠦᠬᠦ ᠬᠤᠷᠢᠶ᠎ᠠ ᠵᠡᠷᠭᠡ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠲᠠᠢ ᠬᠠᠮᠵᠢᠯᠴᠠᠬᠤ ᠪᠠᠷ ᠳᠡᠮᠵᠢᠨ᠂ ᠵᠥᠷᠢᠴᠡᠯ ᠢ ᠨᠠᠮᠳᠠᠭᠤᠯᠬᠤ ᠠᠷᠭ᠎ᠠ ᠮᠠᠶ᠋ᠢᠭ ᠢ ᠬᠠᠤᠯᠢ ᠪᠠᠷ ᠵᠠᠰᠠᠬᠤ᠂ ᠰᠢᠨᠵᠢᠯᠡᠬᠦ ᠤᠬᠠᠭᠠᠨᠴᠢ ᠪᠠᠷ ᠵᠠᠰᠠᠬᠤ ᠪᠥᠭᠡᠳ ᠡᠮᠬᠢ ᠵᠢᠷᠤᠮ ᠲᠠᠢ  ᠪᠣᠯᠭᠠᠨ᠂ ︽ᠵᠥᠷᠢᠴᠡᠯ ᠢ ᠦᠯᠡᠳᠡᠭᠡᠯ ᠥᠬᠡᠶ ᠰᠢᠢᠳᠪᠦᠷᠢᠯᠡᠵᠦ᠂ ᠮᠠᠷᠭᠤᠭᠠᠨ ᠥᠬᠡᠶ ᠠᠰᠠᠭᠤᠳᠠᠯ ᠢ ᠰᠢᠨᠵᠢᠯᠡᠬᠦ ᠤᠬᠠᠭᠠᠨᠴᠢ ᠪᠠᠷ ᠰᠢᠢᠳᠪᠦᠷᠢᠯᠡᠵᠦ᠂ ᠬᠠᠤᠯᠢ ᠴᠠᠭᠠᠵᠠ ᠶᠢᠨ ᠲᠤᠯᠭᠠᠭᠤᠷᠢᠯᠠᠯ ᠢ ᠡᠷᠴᠢᠮᠲᠡᠶ ᠪᠣᠯᠭᠠᠪᠠ︾᠃    ᠲᠣᠰ ᠬᠤᠰᠢᠭᠤ ᠣᠷᠣᠯᠠᠨ ᠭᠦᠢᠴᠡᠳᠬᠡᠬᠦ ᠠᠵᠢᠯ ᠢ ᠲᠦᠯᠬᠢᠨ ᠠᠬᠢᠭᠤᠯᠬᠤ ᠳᠤᠮᠳᠠ ᠬᠡᠷᠡᠭ ᠤᠨ ᠡᠮᠦᠨ᠎ᠡ ᠬᠤᠶᠢᠨᠠᠬᠢ ᠬᠠᠮᠢᠶᠠᠷᠤᠯᠲᠠ ᠶᠢ ᠴᠢᠩᠭᠠᠳᠬᠠᠵᠤ᠂ ᠠᠵᠢᠯ ᠤᠨ ᠳᠤᠮᠳᠠ ᠵᠥᠷᠢᠴᠡᠯ ᠢ ᠵᠢᠭᠰᠠᠭᠠᠨ ᠪᠠᠶᠢᠴᠠᠭᠠᠬᠤ ᠶᠢ ᠴᠢᠩᠭᠠᠳᠬᠠᠵᠤ᠂ ᠤᠷᠢᠳᠴᠢᠯᠠᠨ ᠣᠷᠣᠯᠴᠠᠵᠤ᠂ ᠬᠦᠷᠦᠯᠴᠡᠬᠦ ᠲᠠᠯ᠎ᠠ ᠪᠠᠨ ᠤᠷᠲᠤᠳᠬᠠᠪᠠ︔ ᠮᠡᠳᠡᠭᠡ ᠵᠠᠩᠭᠢ ᠶᠢᠨ ᠰᠡᠷᠡᠮᠵᠢᠯᠡᠭᠦᠯᠦᠯ ᠢ ᠴᠢᠩᠭᠠᠳᠬᠠᠵᠤ᠂ ᠢᠳᠡᠪᠬᠢᠲᠡᠢ ᠪᠠᠷ ᠣᠶᠢᠯᠠᠭᠠᠨ ᠵᠢᠭᠰᠠᠭᠠᠵᠤ᠂ ᠣᠨᠣᠪᠴᠢᠲᠠᠶ ᠣᠷᠣᠨ ᠪᠠᠶᠢᠷᠢ ᠲᠣᠭᠲᠠᠭᠠᠪᠠ︔ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ᠂ ᠱᠠᠲᠤ ᠬᠤᠪᠢᠶᠠᠨ ᠲᠦᠷᠦᠯ ᠬᠤᠪᠢᠶᠠᠬᠤ᠂ ᠲᠥᠪᠯᠡᠷᠡᠭᠦᠯᠦᠨ ᠰᠢᠢᠳᠪᠦᠷᠢᠯᠡᠬᠦ ᠶᠢ  ᠴᠢᠩᠭᠠᠳᠬᠠᠪᠠ᠃ ︽  ᠰᠦᠯᠵᠢᠶ᠎ᠡ ᠪᠠᠷ ᠪᠠᠶᠢᠴᠠᠭᠠᠬᠤ᠂  ᠪᠠᠭ᠎ᠠ ᠬᠡᠪᠴᠢᠶ᠎ᠡ ᠪᠠᠷ ᠵᠢᠭᠰᠠᠭᠠᠨ ᠪᠠᠶᠢᠴᠠᠭᠠᠬᠤ᠂ ᠵᠥᠪᠳᠡᠯᠴᠡᠬᠦ᠂ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠬᠤ︾ ᠵᠠᠰᠠᠯᠲᠠ ᠶᠢᠨ ᠵᠠᠭᠪᠤᠷ ᠢ ᠠᠰᠢᠭᠯᠠᠨ᠂ ᠦᠨᠳᠦᠰᠦᠨ ᠱᠠᠲᠤᠨ ᠳᠤ ᠭᠦᠨᠵᠡᠭᠡᠶᠢᠷᠡᠵᠦ᠂ ᠰᠠᠨᠠᠭᠠᠴᠢᠯᠠᠭ᠎ᠠ   ᠠᠴᠠ ᠪᠠᠨ ᠣᠷᠣᠯᠠᠨ ᠭᠦᠢᠴᠡᠳᠬᠡᠵᠦ᠂ ᠡᠷᠲᠡ ᠠᠴᠠ ᠣᠷᠣᠯᠴᠠᠵᠤ᠂ ᠴᠠᠭ ᠲᠤᠬᠠᠢ ᠳᠤᠨᠢ ᠬᠠᠷᠢᠭᠤ ᠲᠤᠰᠬᠠᠵᠤ᠂ ᠡᠷᠲᠡᠬᠡᠨ ᠰᠢᠢᠳᠪᠦᠷᠢᠯᠡᠵᠦ᠂ ᠣᠯᠠᠨ ᠲᠦᠮᠡᠨ ᠤ ᠵᠥᠷᠢᠴᠡᠯ ᠢ ᠬᠤᠷᠢᠶᠠᠨ ᠴᠤᠭᠯᠠᠭᠤᠯᠵᠤ᠂ ᠦᠷ᠎ᠡ ᠳ᠋ᠦᠩ ᠤᠨ ᠰᠠᠨᠠᠯ ᠢ ᠬᠠᠷᠢᠭᠤ ᠲᠤᠰᠬᠠᠵᠤ᠂ ᠦᠨᠡᠨ ᠰᠡᠳᠬᠢᠯ ᠠᠴᠠ ᠪᠠᠨ ᠠᠰᠠᠭᠤᠳᠠᠯ ᠢ ᠰᠢᠢᠳᠪᠦᠷᠢᠯᠡᠨ᠂ ᠵᠥᠷᠢᠴᠡᠯ ᠢ ᠠᠷᠢᠯᠭᠠᠪᠠ᠃    ᠣᠲᠣ ᠪᠣᠯᠲᠠᠯ᠎ᠠ᠂ ᠲᠣᠰ ᠬᠤᠰᠢᠭᠤ ᠵᠠᠬᠢᠳᠠᠯ ᠰᠣᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ ᠪᠠᠷ ᠳᠠᠮᠵᠢᠭᠤᠯᠤᠨ ᠡᠯ᠎ᠡ  ᠲᠦᠷᠦᠯ ᠤᠨ ᠵᠥᠷᠢᠴᠡᠯ ᠢ ᠨᠡᠶᠢᠲᠡ 300 ᠭᠠᠷᠤᠢ ᠰᠢᠢᠳᠪᠦᠷᠢᠯᠡᠵᠦ᠂ 30 ᠭᠠᠷᠤᠢ ᠤᠳᠠᠭ᠎ᠠ ᠳᠠᠷᠠᠭᠠᠯᠠᠨ ᠪᠠᠶᠢᠴᠠᠭᠠᠵᠤ᠂ 30 ᠭᠠᠷᠤᠢ ᠤᠳᠠᠭ᠎ᠠ ᠲᠤᠰᠬᠠᠢ ᠰᠡᠳᠦᠪ ᠢᠶᠠᠷ ᠰᠤᠳᠤᠯᠵᠤ᠂ ᠵᠠᠷᠢᠮ ︽ᠭᠡᠨᠡᠳᠲᠡ ᠪᠠᠷ ᠰᠢᠨ᠎ᠡ ᠪᠠᠷ ᠡᠭᠦᠰᠴᠦ ᠣᠯᠠᠨ ᠡᠭᠦᠰᠬᠦ︾ ᠬᠦᠴᠢᠷ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠭᠰᠡᠨ ᠪᠠ ᠲᠦᠯᠬᠢᠨ ᠠᠬᠢᠭᠤᠯᠤᠭᠰᠠᠨ ᠪᠠᠶᠢᠨ᠎ᠠ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ