ᠰᠤᠷᠭᠠᠨ ᠬᠥᠮᠦᠵᠢᠯ ᠤᠨ ᠲᠣᠪᠴᠢᠶ᠎ᠠ
ᠨᠡᠶᠢᠲᠡᠯᠡᠭᠰᠡᠨ ᠴᠠᠭ᠄
2023/12/6
     ᠤᠷᠠᠳ ᠤᠨ ᠡᠮᠦᠨᠡᠲᠦ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠪᠣᠯ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ᠂ ᠵᠢᠩᠬᠢᠨᠢ ᠰᠠᠯᠠᠭᠠᠨ ᠲᠠᠰ ᠤᠨ ᠪᠠᠶᠢᠭᠤᠯᠭ᠎ᠠ ᠪᠣᠯᠤᠨ᠎ᠠ᠃     ᠤᠷᠠᠳ ᠤᠨ  ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠨᠠᠷᠢᠨ ᠪᠢᠴᠢᠭᠡᠴᠢ ᠶᠢᠨ ᠳᠤᠭᠤᠶᠢᠯᠠᠩ ᠢ ᠤᠷᠠᠳ ᠤᠨ ᠡᠮᠦᠨᠡᠲᠦ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶᠠᠨ ᠳᠤ ᠲᠣᠬᠢᠷᠠᠭᠤᠯᠵᠤ᠂ ᠬᠤᠰᠢᠭᠤᠨ ᠤ ᠨᠠᠮ ᠤᠨ ᠬᠤᠷᠢᠶ᠎ᠠ ᠶᠢᠨ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠰᠢᠭᠤᠳ ᠤᠳᠤᠷᠢᠳᠤᠯᠭ᠎ᠠ ᠶᠢ ᠬᠦᠯᠢᠶᠡᠨ᠂ ᠪᠣᠳᠠᠲᠠᠶ ᠠᠵᠢᠯ ᠢ ᠳᠠᠭᠠᠭᠠᠵᠦ᠂ ᠰᠤᠷᠭᠠᠨ ᠬᠥᠮᠦᠵᠢᠯ ᠤᠨ ᠬᠦᠷᠢᠶᠡᠨ ᠳᠠᠬᠢ ᠨᠠᠮ ᠤᠨ ᠪᠠᠶᠢᠭᠤᠯᠤᠯᠲᠠ ᠪᠠ ᠦᠵᠡᠯ ᠰᠠᠨᠠᠭ᠎ᠠ ᠤᠯᠤᠰ ᠲᠥᠷᠥ ᠶᠢᠨ ᠪᠠᠶᠢᠭᠤᠯᠤᠯᠲᠠ ᠶᠢᠨ ᠴᠢᠭᠯᠡᠯᠲᠡ ᠲᠥᠷᠥ ᠶᠢᠨ ᠪᠣᠳᠣᠯᠭ᠎ᠠ᠂ ᠰᠤᠷᠭᠠᠨ ᠬᠥᠮᠦᠵᠢᠯ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠲᠥᠯᠥᠪᠵᠢᠭᠦᠯᠭᠡ᠂ ᠴᠢᠬᠤᠯᠠ ᠶᠡᠭᠡ ᠥᠭᠡᠷᠡᠴᠢᠯᠡᠯᠲᠡ ᠶᠢᠨ ᠲᠥᠰᠦᠯ ᠢ ᠵᠣᠬᠢᠶᠠᠨ ᠪᠠᠶᠢᠭᠤᠯᠤᠨ ᠰᠤᠳᠤᠯᠵᠤ᠂ ᠬᠤᠰᠢᠭᠤᠨ ᠤ ᠨᠠᠮ ᠤᠨ ᠬᠤᠷᠢᠶ᠎ᠠ ᠶᠢᠨ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠲᠣᠭᠲᠠᠭᠠᠭᠰᠠᠨ ᠵᠦᠢᠯᠡᠰ᠂ ᠠᠵᠢᠯ ᠤᠨ ᠪᠠᠶᠢᠷᠢᠯᠠᠭᠤᠯᠤᠯᠲᠠ ᠪᠠ ᠱᠠᠭᠠᠷᠳᠠᠯᠭ᠎ᠠ ᠵᠡᠷᠭᠡ ᠶᠢ ᠵᠣᠬᠢᠴᠠᠭᠤᠯᠤᠨ ᠰᠢᠮᠳᠠᠭᠤᠯᠤᠨ ᠨᠠᠶᠢᠳᠠᠪᠤᠷᠢᠵᠢᠭᠤᠯᠤᠨ᠎ᠠ᠃ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠶᠢᠨ ᠳᠣᠲᠣᠭᠠᠳᠤ ᠪᠠᠶᠢᠭᠤᠯᠤᠮᠵᠢ ᠨᠢ ᠠᠵᠢᠯ ᠤᠨ ᠬᠡᠷᠡᠭᠴᠡᠭᠡ ᠪᠠᠨ ᠦᠨᠳᠦᠰᠦᠯᠡᠨ ᠬᠤᠰᠢᠭᠤᠨ ᠤ ᠨᠠᠮ ᠤᠨ ᠬᠤᠷᠢᠶ᠎ᠠ ᠶᠢᠨ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠨᠠᠷᠢᠨ ᠪᠢᠴᠢᠭᠡᠴᠢ ᠶᠢᠨ ᠳᠤᠭᠤᠶᠢᠯᠠᠩ ᠤᠨ ᠬᠠᠮᠢᠶ᠎ᠠ ᠪᠥᠬᠦᠶ ᠠᠵᠢᠯ ᠢ ᠡᠭᠦᠷᠭᠡᠯᠡᠵᠦ᠂ ᠬᠤᠰᠢᠭᠤᠨ ᠤ ᠨᠠᠮ ᠤᠨ ᠬᠤᠷᠢᠶ᠎ᠠ ᠶᠢᠨ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠨᠠᠷᠢᠨ ᠪᠢᠴᠢᠭᠡᠴᠢ ᠶᠢᠨ ᠳᠤᠭᠤᠶᠢᠯᠠᠩ ᠤᠨ ᠨᠢᠭᠡᠳᠦᠯᠲᠡᠶ ᠵᠣᠬᠢᠴᠠᠭᠤᠯᠭ᠎ᠠ ᠶᠢ ᠬᠦᠯᠢᠶᠡᠨ᠎ᠡ᠃       ᠭᠤᠣᠯ ᠡᠭᠦᠷᠭᠡ ᠬᠠᠷᠢᠭᠤᠴᠠᠯᠭ᠎ᠠ      ᠤᠷᠠᠳ ᠤᠨ ᠡᠮᠦᠨᠡᠲᠦ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠨᠢ ᠨᠠᠮ ᠤᠨ ᠲᠥᠪ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠲᠤᠬᠠᠶ ᠴᠢᠭᠯᠡᠯᠲᠡ ᠲᠥᠷᠥ ᠶᠢᠨ ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ᠂ ᠬᠤᠰᠢᠭᠤᠨ ᠤ ᠨᠠᠮ ᠤᠨ ᠬᠤᠷᠢᠶ᠎ᠠ ᠶᠢᠨ ᠬᠠᠮᠢᠶ᠎ᠠ ᠪᠥᠬᠦᠶ ᠰᠢᠢᠤᠨᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠡᠭᠦᠷᠭᠡ ᠬᠠᠷᠢᠭᠤᠴᠠᠯᠭ᠎ᠠ ᠪᠠᠨ ᠬᠦᠢᠴᠡᠤᠨᠬᠡᠬᠦ ᠶᠠᠪᠤᠴᠠ ᠳᠤ ᠨᠠᠮ ᠤᠨ ᠰᠤᠷᠭᠠᠨ ᠬᠥᠮᠦᠵᠢᠯ ᠤᠨ ᠠᠵᠢᠯ ᠳᠠᠬᠢ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ ᠡᠭᠦᠨ ᠤ ᠭᠤᠣᠯ ᠡᠭᠦᠷᠭᠡ ᠬᠠᠷᠢᠭᠤᠴᠠᠯᠭ᠎ᠠ ᠪᠣᠯ᠄      ︵ᠨᠢᠭᠡ︶ ᠨᠠᠮ ᠪᠠ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠰᠤᠷᠭᠠᠨ ᠬᠥᠮᠦᠵᠢᠯ ᠤᠨ ᠠᠵᠢᠯ ᠤᠨ ᠴᠢᠭᠯᠡᠯᠲᠡ᠂ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ᠂ ᠬᠠᠤᠯᠢ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠵᠦ᠂ ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠠ ᠰᠤᠷᠭᠠᠨ ᠬᠥᠮᠦᠵᠢᠯ ᠤᠨ ᠤᠶᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃      ︵ᠬᠤᠶᠠᠷ︶ ᠪᠥᠬᠦ ᠬᠤᠰᠢᠭᠤᠨ ᠤ ᠪᠠᠭᠰᠢ ᠶᠢᠨ ᠠᠵᠢᠯ ᠢ ᠭᠤᠤᠯᠯᠠᠨ ᠬᠠᠮᠢᠶᠠᠷᠴᠤ᠂ ᠡᠯ᠎ᠡ ᠲᠥᠷᠥᠯ ᠤᠨ ᠰᠤᠷᠭᠠᠭᠤᠯᠢ ᠶᠢᠨ ᠪᠠᠭᠰᠢ᠂ ᠳᠤᠮᠳᠠᠳᠤ ᠪᠠᠭ᠎ᠠ ᠰᠤᠷᠭᠠᠭᠤᠯᠢ ᠶᠢᠨ ᠵᠠᠬᠢᠷᠤᠯ ᠪᠠ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠺᠠᠳ᠋ᠷ ᠤᠨ ᠡᠩᠨᠡᠭᠡ ᠶᠢᠨ ᠪᠠᠶᠢᠭᠤᠯᠤᠯᠲᠠ ᠶᠢᠨ ᠠᠵᠢᠯ ᠢ ᠵᠢᠯᠣᠭᠤᠳᠤᠨ᠎ᠠ᠃ ᠡᠯ᠎ᠡ ᠲᠥᠷᠥᠯ ᠤᠨ ᠪᠠᠭᠰᠢ ᠶᠢ ᠤᠷᠢᠨ ᠬᠡᠷᠡᠭᠯᠡᠬᠦ᠂ ᠠᠵᠢᠯ ᠤᠨ ᠪᠠᠶᠢᠷᠢ ᠳᠤ ᠤᠷᠢᠨ ᠲᠣᠮᠢᠯᠠᠬᠤ᠂ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠠᠵᠢᠯ ᠢ ᠵᠢᠯᠣᠭᠤᠳᠤᠨ᠎ᠠ᠃ ᠪᠠᠭᠰᠢ ᠶᠢᠨ ᠬᠢᠷᠢ ᠬᠡᠮ ᠤᠨ ᠲᠦᠷᠢᠮ᠂ ᠪᠠᠭᠰᠢ ᠶᠢᠨ ᠪᠣᠯᠪᠠᠰᠤᠷᠠᠯ ᠪᠠ ᠪᠠᠭᠰᠢ ᠶᠢᠨ ᠦᠷᠭᠦᠯᠵᠢᠯᠡᠯ ᠰᠤᠷᠭᠠᠨ ᠬᠥᠮᠦᠵᠢᠯ ᠤᠨ ᠠᠵᠢᠯ ᠢ ᠵᠢᠯᠣᠭᠤᠳᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠪᠥᠬᠦ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠳᠣᠲᠣᠭᠠᠳᠤ ᠶᠢᠨ ᠬᠠᠮᠢᠶᠠᠷᠤᠯᠲᠠ ᠪᠠ ᠠᠵᠢᠯᠲᠠᠨ ᠤ ᠶᠠᠪᠤᠳᠠᠯ ᠤᠨ ᠲᠦᠷᠢᠮ ᠤᠨ ᠥᠭᠡᠷᠡᠴᠢᠯᠡᠯᠲᠡ ᠶᠢᠨ ᠠᠵᠢᠯ ᠢ ᠵᠢᠯᠣᠭᠤᠳᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠡᠯ᠎ᠡ ᠲᠦᠷᠦᠯ ᠤᠨ ᠰᠤᠷᠭᠠᠭᠤᠯᠢ ᠶᠢᠨ ᠪᠠᠭᠰᠢ ᠠᠵᠢᠯᠳᠠᠨ ᠤ ᠣᠷᠣᠨ ᠲᠤᠭ᠎ᠠ ᠶᠢᠨ ᠰᠤᠷᠭᠠᠨ ᠬᠥᠮᠦᠵᠢᠯ ᠤᠨ ᠰᠢᠰᠲ᠋ᠧᠮ ᠤᠨ ᠴᠢᠳᠠᠪᠤᠷᠢᠲᠠᠨ ᠤ ᠠᠵᠢᠯ ᠢ ᠨᠢᠭᠡᠳᠦᠯᠲᠡᠶ ᠲᠥᠯᠥᠪᠯᠡᠨ ᠬᠠᠮᠢᠶᠠᠷᠤᠨ᠎ᠠ᠃      ︵ᠭᠤᠷᠪᠠ︶ ᠤᠯᠤᠰ᠂ ᠥᠪᠡᠷᠲᠡᠭᠡᠨ ᠵᠠᠰᠠᠬᠤ ᠣᠷᠣᠨ᠂ ᠬᠤᠳᠠ ᠶᠢᠨ ᠦᠭᠡ ᠬᠡᠯᠡ ᠦᠰᠦᠭ ᠪᠢᠴᠢᠭ ᠤᠨ ᠠᠵᠢᠯ ᠤᠨ ᠴᠢᠭᠯᠡᠯᠲᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠲᠥᠷᠥ ᠶᠢᠨ ᠪᠣᠳᠣᠯᠭ᠎ᠠ᠂ ᠪᠥᠬᠦ ᠬᠤᠰᠢᠭᠤᠨ ᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠠᠵᠢᠯ ᠤᠨ ᠳᠤᠮᠳᠠ ᠣᠷᠳᠣ ᠬᠤᠭᠤᠴᠠᠭᠠᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠨ᠎ᠠ᠃ ᠰᠠᠯᠠᠭ᠎ᠠ ᠮᠥᠴᠢᠷ᠂ ᠠᠵᠢᠯ ᠲᠦᠷᠦᠯ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠠᠵᠢᠯ ᠢ ᠵᠣᠬᠢᠴᠠᠭᠤᠯᠤᠨ ᠵᠢᠯᠣᠭᠤᠳᠬᠤ ᠪᠠ ᠬᠢᠨᠠᠯᠲᠠ ᠲᠠᠯᠪᠢᠵᠤ ᠪᠠᠶᠢᠴᠠᠭᠠᠨ᠎ᠠ᠃ ᠨᠡᠶᠢᠲᠡᠯᠢᠭ ᠬᠡᠯᠡ ᠪᠠ ᠨᠡᠶᠢᠲᠡᠯᠢᠭ ᠬᠡᠯᠡ ᠶᠢ ᠲᠦᠭᠡᠮᠡᠯᠵᠢᠭᠦᠯᠬᠦ ᠪᠠᠭᠰᠢ ᠶᠢᠨ ᠪᠣᠯᠪᠠᠰᠤᠷᠠᠯ ᠤᠨ ᠠᠵᠢᠯ ᠢ ᠵᠢᠯᠣᠭᠤᠳᠤᠨ᠎ᠠ᠃      ︵ᠳᠥᠷᠪᠡ︶ ᠡᠯ᠎ᠡ ᠲᠥᠷᠥᠯ ᠤᠨ ᠰᠤᠷᠭᠠᠨ ᠬᠥᠮᠦᠵᠢᠯ ᠢ ᠨᠢᠭᠡᠳᠦᠯᠲᠡᠶ ᠲᠥᠯᠥᠪᠵᠢᠭᠦᠯᠬᠦ ᠪᠠ ᠵᠣᠬᠢᠴᠠᠭᠤᠯᠤᠨ ᠬᠠᠮᠢᠶᠠᠷᠬᠤ ᠶᠢ ᠬᠠᠷᠢᠭᠤᠴᠠᠵᠤ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠠᠩᠬ᠎ᠠ ᠵᠡᠷᠭᠡ ᠶᠢᠨ ᠰᠤᠷᠭᠠᠨ ᠬᠥᠮᠦᠵᠢᠯ ᠤᠨ ᠡᠯ᠎ᠡ ᠲᠥᠷᠥᠯ ᠤᠨ ᠰᠤᠷᠭᠠᠭᠤᠯᠢ ᠪᠠᠶᠢᠭᠤᠯᠬᠤ ᠪᠠᠷᠢᠮᠵᠢᠶ᠎ᠠ ᠶᠢ ᠬᠢᠨᠠᠨ ᠨᠠᠶᠢᠳᠠᠪᠤᠷᠢᠵᠢᠭᠤᠯᠤᠨ᠎ᠠ᠃ ᠰᠤᠷᠭᠠᠨ ᠬᠥᠮᠦᠵᠢᠯ ᠤᠨ ᠦᠢᠯᠡᠰ ᠤᠨ ᠪᠦᠷᠢᠳᠬᠡᠯ ᠢ ᠬᠠᠷᠢᠭᠤᠴᠠᠨ᠎ᠠ᠃ ᠡᠯ᠎ᠡ ᠲᠥᠷᠥᠯ ᠤᠨ ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠵᠢᠯᠣᠭᠤᠳᠤᠨ᠎ᠠ᠃      ︵ᠲᠠᠪᠤ︶ ᠲᠤᠰ ᠰᠢᠰᠲ᠋ᠧᠮ ᠤᠨ ᠢᠶᠠᠨ ᠰᠤᠷᠭᠠᠨ ᠬᠥᠮᠦᠵᠢᠯ ᠤᠨ ᠵᠠᠷᠤᠳᠠᠯ ᠢ ᠨᠢᠭᠡᠳᠦᠯᠲᠡᠶ ᠲᠥᠯᠥᠪᠯᠡᠨ ᠬᠠᠮᠢᠶᠠᠷᠬᠤ ᠠᠵᠢᠯ ᠢ ᠬᠠᠷᠢᠭᠤᠴᠠᠵᠤ᠂ ᠰᠤᠷᠭᠠᠨ ᠬᠥᠮᠦᠵᠢᠯ ᠤᠨ ᠵᠠᠷᠤᠳᠠᠯ ᠢ ᠴᠤᠭᠯᠠᠭᠤᠯᠤᠨ ᠬᠡᠷᠡᠭᠯᠡᠬᠦ᠂ ᠰᠤᠷᠭᠠᠨ ᠬᠥᠮᠦᠵᠢᠯ ᠳᠤ ᠵᠣᠭᠤᠰ ᠰᠠᠯᠭᠠᠨ ᠥᠭᠬᠦ᠂ ᠰᠤᠷᠭᠠᠨ ᠬᠥᠮᠦᠵᠢᠯ ᠤᠨ ᠦᠨᠳᠦᠰᠦᠨ ᠪᠦᠳᠦᠭᠡᠠ ᠪᠠᠶᠢᠭᠤᠯᠤᠯᠲᠠ ᠳᠤ ᠪᠡᠯᠠ ᠣᠷᠣᠭᠤᠯᠬᠤ ᠲᠦᠷᠦ ᠶᠢᠨ ᠪᠤᠳᠦᠯᠭ᠎ᠠ ᠶᠢ ᠲᠤᠭᠤᠷᠪᠢᠨ ᠲᠣᠭᠲᠠᠭᠠᠬᠤ ᠳᠤ ᠣᠷᠣᠯᠴᠠᠨ᠎ᠠ᠃ ᠰᠤᠷᠭᠠᠨ ᠬᠥᠮᠦᠵᠢᠯ ᠤᠨ ᠵᠠᠷᠤᠳᠠᠯ ᠤᠨ ᠬᠡᠷᠡᠭᠯᠡᠯᠲᠡ ᠶᠢᠨ ᠪᠠᠶᠢᠳᠠᠯ ᠢ ᠬᠢᠨᠠᠨ ᠰᠢᠯᠭᠠᠵᠤ᠂ ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠵᠠᠷᠤᠳᠠᠯ ᠤᠨ ᠣᠷᠣᠭᠤᠯᠤᠯᠲᠠ ᠶᠢᠨ ᠪᠠᠶᠢᠳᠠᠯ ᠢ ᠬᠠᠷᠢᠭᠤᠴᠠᠨ ᠪᠦᠷᠢᠳᠬᠡᠵᠦ᠂ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠰᠤᠷᠭᠠᠨ ᠬᠥᠮᠦᠵᠢᠯ ᠤᠨ ᠰᠦᠢᠤᠨᠬᠡᠯ ᠬᠤᠷᠢᠶᠠᠬᠤ ᠪᠠᠷᠢᠮᠵᠢᠶ᠎ᠠ ᠶᠢ ᠬᠡᠷᠡᠭᠵᠢᠭᠦᠯᠬᠦ ᠠᠵᠢᠯ ᠳᠤ ᠬᠢᠨᠠᠯᠲᠠ ᠲᠠᠯᠪᠢᠨ᠎ᠠ᠃ ᠡᠯ᠎ᠡ ᠲᠥᠷᠥᠯ ᠤᠨ ᠰᠤᠷᠭᠠᠭᠤᠯᠢ ᠶᠢᠨ ᠰᠣᠷᠣᠭᠴᠢ ᠶᠢ ᠲᠤᠰᠠᠯᠠᠬᠤ ᠠᠵᠢᠯ ᠢ ᠵᠢᠯᠣᠭᠤᠳᠬᠤ ᠶᠢᠨ ᠬᠠᠮᠲᠤ ᠵᠣᠬᠢᠶᠠᠨ ᠪᠠᠶᠢᠭᠤᠯᠤᠨ ᠥᠷᠨᠢᠭᠦᠯᠦᠨ᠎ᠡ᠃       ︵ᠵᠢᠷᠭᠤᠭ᠎ᠠ︶ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠡᠩᠴᠡᠭᠦᠷᠢᠲᠡᠶ ᠬᠥᠭᠵᠢᠯᠲᠡ ᠶᠢ ᠠᠬᠢᠭᠤᠯᠬᠤ ᠪᠠ ᠰᠤᠷᠭᠠᠨ ᠬᠥᠮᠦᠵᠢᠯ ᠤᠨ ᠭᠤᠤᠯᠴᠢ ᠪᠠᠶᠢᠬᠤ ᠶᠢ ᠠᠬᠢᠭᠤᠯᠬᠤ ᠶᠢ ᠬᠠᠷᠢᠭᠤᠴᠠᠵᠤ᠂ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ᠂ ᠠᠷᠠᠳ ᠠᠴᠠ ᠡᠷᠭᠢᠯᠡᠭᠰᠡᠨ ᠰᠠᠭᠤᠷᠢ ᠰᠤᠷᠭᠠᠨ ᠬᠥᠮᠦᠵᠢᠯ ᠪᠠ ᠤᠨᠴᠠᠭᠠᠢ ᠰᠤᠷᠭᠠᠨ ᠬᠥᠮᠦᠵᠢᠯ ᠤᠨ ᠠᠵᠢᠯ ᠢ ᠵᠢᠯᠣᠭᠤᠳᠤᠨ᠎ᠠ᠃ ᠰᠠᠭᠤᠷᠢ ᠰᠤᠷᠭᠠᠨ ᠬᠥᠮᠦᠵᠢᠯ ᠤᠨ ᠵᠢᠭᠠᠨ ᠰᠤᠷᠭᠠᠬᠤ ᠦᠨᠳᠦᠰᠦᠨ ᠱᠠᠭᠠᠷᠳᠠᠯᠭ᠎ᠠ ᠶᠢ ᠲᠣᠭᠲᠠᠭᠠᠨ᠎ᠠ᠃ ᠬᠡᠪ ᠴᠢᠨᠠᠷ ᠤᠨ ᠰᠤᠷᠭᠠᠨ ᠬᠥᠮᠦᠵᠢᠯ ᠢ ᠪᠦᠬᠦ ᠲᠠᠯ᠎ᠠ ᠪᠠᠷ ᠬᠡᠷᠡᠭᠵᠢᠬᠦᠯᠦᠨ᠎ᠡ᠃ ᠳᠤᠮᠳᠠᠳᠤ ᠪᠠᠭ᠎ᠠ ᠰᠤᠷᠭᠠᠭᠤᠯᠢ ᠶᠢᠨ ᠭᠠᠳᠠᠨᠠᠬᠢ ᠰᠤᠷᠭᠠᠨ ᠬᠥᠮᠦᠵᠢᠯ ᠤᠨ ᠬᠠᠮᠢᠶᠠᠷᠤᠯᠲᠠ ᠶᠢ ᠵᠢᠯᠣᠭᠤᠳᠴᠤ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠶᠢ ᠵᠢᠷᠤᠮᠵᠢᠭᠤᠯᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠢᠴᠢᠶᠡᠯ ᠰᠤᠷᠤᠯᠭ᠎ᠠ ᠶᠢᠨ ᠳᠠᠷᠤᠭᠠᠰᠤ ᠶᠢ ᠦᠨᠡᠨᠬᠦ ᠬᠥᠩᠭᠡᠷᠡᠭᠦᠯᠦᠨ᠎ᠡ᠃       ︵ᠳᠣᠯᠤᠭ᠎ᠠ︶ ᠠᠵᠢᠯ ᠣᠯᠭᠤᠯᠲᠠ ᠶᠢ ᠠᠬᠢᠭᠤᠯᠬᠤ᠂ ᠠᠵᠤ ᠤᠶᠢᠯᠡᠰ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠳᠤ ᠵᠣᠬᠢᠴᠠᠭᠤᠯᠬᠤ ᠪᠠᠷ ᠤᠳᠤᠷᠢᠳᠤᠮᠵᠢ ᠪᠣᠯᠭᠠᠭᠰᠠᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠥᠭᠵᠢᠯᠲᠡ ᠬᠢᠭᠡᠳ ᠥᠭᠡᠷᠡᠴᠢᠯᠡᠯᠲᠡ ᠶᠢ ᠵᠢᠯᠣᠭᠤᠳᠤᠨ᠎ᠠ᠃ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠤᠷᠭᠠᠭᠤᠯᠢ ᠪᠠ ᠲᠤᠰᠬᠠᠢ ᠮᠡᠷᠭᠡᠵᠢᠯ ᠤᠨ ᠪᠠᠶᠢᠷᠢᠰᠢᠭᠤᠯᠤᠯᠲᠠ ᠶᠢᠨ ᠪᠦᠲᠦᠴᠡ ᠶᠢ ᠲᠤᠬᠢᠷᠠᠭᠤᠯᠤᠨ᠎ᠡ᠃ ᠣᠷᠣᠨ ᠨᠤᠲᠤᠭ ᠤᠨ ᠵᠢᠭᠠᠬᠤ ᠮᠠᠲ᠋ᠧᠷᠢᠶᠠᠯ ᠢ ᠵᠣᠬᠢᠶᠠᠨ ᠪᠠᠶᠢᠭᠤᠯᠤᠨ ᠬᠢᠨᠠᠨ ᠲᠣᠭᠲᠠᠭᠠᠬᠤ ᠪᠠ ᠠᠵᠢᠯ ᠮᠡᠷᠭᠡᠵᠢᠯ ᠤᠨ ᠵᠢᠭᠠᠨ ᠵᠢᠯᠣᠭᠤᠳᠬᠤ ᠠᠵᠢᠯ ᠢ ᠥᠷᠨᠢᠭᠦᠯᠦᠨ᠎ᠡ᠃ ᠠᠷᠠᠳ ᠠᠴᠠ ᠡᠷᠭᠢᠯᠡᠭᠰᠡᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ᠂ ᠠᠵᠢᠯᠲᠠᠨ ᠠᠵᠢᠯᠴᠢᠨ ᠤ ᠰᠤᠷᠭᠠᠨ ᠬᠥᠮᠦᠵᠢᠯ᠂ ᠮᠠᠯᠴᠢᠨ ᠲᠠᠷᠢᠶᠠᠴᠢᠨ ᠤ ᠰᠤᠷᠭᠠᠨ ᠬᠥᠮᠦᠵᠢᠯ᠂ ᠨᠡᠶᠢᠭᠡᠮ ᠲᠣᠭᠤᠷᠢᠭ ᠤᠨ ᠰᠤᠷᠭᠠᠨ ᠬᠥᠮᠦᠵᠢᠯ ᠵᠢᠴᠢ ᠡᠯ᠎ᠡ ᠲᠥᠷᠥᠯ ᠤᠨ ᠨᠠᠰᠤᠨ ᠳᠤ ᠭᠦᠷᠦᠭᠰᠡᠳ ᠤᠨ ᠰᠤᠷᠭᠠᠨ ᠬᠥᠮᠦᠵᠢᠯ ᠢ ᠨᠢᠭᠡᠳᠦᠯᠲᠡᠶ ᠲᠦᠯᠦᠪᠵᠢᠬᠦᠯᠦᠨ᠎ᠡ᠃      ︵ᠨᠠᠢᠮᠠ︶ ᠠᠷᠠᠳ ᠠᠴᠠ ᠡᠷᠭᠢᠯᠡᠭᠰᠡᠨ ᠰᠤᠷᠭᠠᠨ ᠬᠥᠮᠦᠵᠢᠯ ᠤᠨ ᠨᠢᠭᠡᠳᠦᠯᠲᠡᠶ ᠲᠥᠯᠥᠪᠵᠢᠭᠦᠯᠭᠡ ᠪᠠ ᠬᠤᠷᠸ᠎ᠠ ᠬᠠᠮᠢᠶᠠᠷᠤᠯᠲᠠ ᠶᠢ ᠴᠢᠩᠭᠠᠳᠬᠠᠵᠤ᠂ ᠠᠷᠠᠳ ᠠᠴᠠ ᠡᠷᠭᠢᠯᠡᠭᠰᠡᠨ ᠰᠤᠷᠭᠠᠨ ᠬᠥᠮᠦᠵᠢᠯ ᠤᠨ ᠬᠤᠷᠸ᠎ᠠ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠂ ᠰᠤᠷᠭᠠᠭᠤᠯᠢ ᠡᠷᠭᠢᠯᠡᠬᠦ ᠡᠮᠬᠢ ᠳᠢᠭᠯᠢᠮ ᠢ ᠵᠢᠷᠤᠮᠵᠢᠭᠤᠯᠤᠨ᠎ᠠ᠃      ︵ᠶᠢᠰᠦ︶ ᠦᠨᠳᠦᠰᠦᠲᠡᠨ ᠤ ᠰᠤᠷᠭᠠᠨ ᠬᠥᠮᠦᠵᠢᠯ ᠤᠨ ᠠᠵᠢᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠ ᠵᠢᠯᠣᠭᠤᠳᠴᠤ᠂ ᠦᠨᠳᠦᠰᠦᠲᠡᠨ ᠤ ᠰᠤᠷᠭᠠᠨ ᠬᠥᠮᠦᠵᠢᠯ ᠤᠨ ᠬᠥᠭᠵᠢᠯᠲᠡ ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠦᠨᠳᠦᠰᠦᠲᠡᠨ ᠤ ᠰᠤᠷᠭᠠᠨ ᠬᠥᠮᠦᠵᠢᠯ ᠤᠨ ᠵᠢᠭᠠᠨ ᠰᠤᠷᠭᠠᠬᠤ ᠠᠵᠢᠯ᠂ ᠵᠢᠭᠠᠬᠤ ᠮᠠᠲ᠋ᠧᠷᠢᠶᠠᠯ ᠤᠨ ᠪᠠᠶᠢᠭᠤᠯᠤᠯᠲᠠ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠲᠥᠯᠥᠪᠵᠢᠭᠦᠯᠦᠨ ᠵᠢᠯᠣᠭᠤᠳᠤᠨ᠎ᠠ᠃ ᠰᠤᠷᠭᠠᠨ ᠬᠥᠮᠦᠵᠢᠯ ᠤᠨ ᠰᠢᠰᠲ᠋ᠧᠮ ᠤᠨ ᠦᠨᠳᠦᠰᠦᠲᠡᠨ ᠤ ᠪᠦᠯᠬᠦᠮᠳᠡᠯ ᠤᠨ ᠬᠥᠮᠦᠵᠢᠯ ᠪᠠ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠢ ᠳᠦᠷᠢᠮᠵᠢᠭᠦᠯᠬᠦ ᠠᠵᠢᠯ ᠢ ᠵᠢᠯᠤᠭᠤᠳᠤᠨ᠎ᠠ᠃     ︵ᠠᠷᠪᠠ︶ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠠᠵᠢᠯ ᠢ ᠵᠢᠯᠣᠭᠤᠳᠬᠤ ᠶᠢᠨ ᠬᠠᠮᠲᠤ ᠵᠣᠬᠢᠶᠠᠨ ᠪᠠᠶᠢᠭᠤᠯᠵᠤ᠂ ᠡᠯ᠎ᠡ ᠲᠥᠷᠥᠯ ᠤᠨ ᠰᠤᠷᠭᠠᠨ ᠬᠥᠮᠦᠵᠢᠯ ᠤᠨ ᠬᠢᠨᠠᠨ ᠵᠢᠯᠣᠭᠤᠳᠴᠤ ᠦᠨᠡᠯᠡᠨ ᠵᠢᠱᠢᠬᠦ ᠪᠠ ᠪᠠᠶᠢᠴᠠᠭᠠᠵᠤ ᠰᠢᠯᠭᠠᠨ ᠠᠪᠬᠤ ᠠᠵᠢᠯ ᠢ ᠬᠠᠷᠢᠭᠤᠴᠠᠨ᠎ᠠ᠃ ᠰᠠᠭᠤᠷᠢ ᠰᠤᠷᠭᠠᠨ ᠬᠥᠮᠦᠵᠢᠯ ᠤᠨ ᠬᠥᠭᠵᠢᠯᠲᠡ ᠶᠢᠨ ᠬᠢᠷᠢ ᠲᠦᠪᠰᠢᠨ ᠪᠤᠯᠤᠨ ᠶᠠᠰᠤ ᠴᠢᠨᠠᠷ ᠢ ᠬᠢᠨᠠᠨ ᠰᠢᠯᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠰᠤᠷᠭᠠᠨ ᠬᠥᠮᠦᠵᠢᠯ ᠤᠨ ᠬᠢᠨᠠᠨ ᠵᠢᠯᠣᠭᠤᠳᠤᠭᠰᠠᠨ ᠮᠡᠳᠡᠭᠦᠯᠦᠯᠲᠡ ᠶᠢ ᠨᠡᠶᠢᠲᠡᠯᠡᠨ᠎ᠡ᠃      ︵ᠠᠷᠪᠠᠨ ᠨᠢᠭᠡ︶ ᠡᠯ᠎ᠡ ᠲᠥᠷᠥᠯ ᠤᠨ ᠰᠤᠷᠭᠠᠭᠤᠯᠢ ᠶᠢᠨ ᠨᠠᠮ ᠤᠨ ᠪᠠᠶᠢᠭᠤᠯᠤᠯᠲᠠ᠂ ᠦᠵᠡᠯ ᠰᠠᠨᠠᠭ᠎ᠠ ᠤᠯᠤᠰ ᠲᠥᠷᠥ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠵᠢᠯᠣᠭᠤᠳᠤᠨ᠎ᠠ᠃ ᠡᠯ᠎ᠡ ᠲᠥᠷᠥᠯ ᠤᠨ ᠰᠤᠷᠭᠠᠭᠤᠯᠢ ᠶᠢᠨ ᠶᠣᠰᠣ ᠮᠣᠷᠠᠯ ᠤᠨ ᠬᠥᠮᠦᠵᠢᠯ᠂ ᠪᠡᠶ᠎ᠡ ᠶᠢᠨ ᠲᠠᠮᠢᠷ ᠡᠷᠡᠭᠦᠯ ᠬᠠᠮᠠᠭᠠᠯᠠᠯ ᠬᠢᠭᠡᠳ ᠡᠷᠡᠭᠦᠯ ᠮᠡᠨᠳᠦ ᠶᠢᠨ ᠬᠥᠮᠦᠵᠢᠯ ᠵᠢᠴᠢ ᠤᠷᠠᠯᠢᠭ ᠤᠨ ᠬᠥᠮᠦᠵᠢᠯ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠠᠵᠢᠯ ᠢ ᠵᠢᠯᠣᠭᠤᠳᠤᠨ᠎ᠠ᠃ ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠠᠵᠢᠯ ᠲᠥᠷᠥᠯ ᠤᠨ ᠰᠤᠷᠲᠠᠯ ᠤᠨ ᠪᠠᠶᠢᠭᠤᠯᠤᠯᠲᠠ ᠪᠠ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃      ︵ᠠᠷᠪᠠᠨ ᠬᠤᠶᠠᠷ︶ ᠡᠯ᠎ᠡ ᠲᠥᠷᠥᠯ ᠤᠨ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠠᠵᠢᠯ ᠵᠢᠴᠢ ᠤᠯᠤᠰ ᠤᠨ ᠰᠤᠷᠭᠠᠨ ᠬᠥᠮᠦᠵᠢᠯ ᠤᠨ ᠰᠢᠯᠭᠠᠯᠲᠠ ᠳᠤ ᠣᠷᠣᠰᠢᠵᠤ ᠪᠠᠶᠢᠭ᠎ᠠ ᠬᠡᠮ ᠤᠶᠢᠯᠡᠤᠨᠬᠦ ᠤᠶᠢᠯᠡ ᠠᠵᠢᠯᠯᠠᠭ᠎ᠠ ᠶᠢ ᠰᠢᠢᠤᠨᠬᠡᠬᠦ ᠶᠢ ᠬᠠᠷᠢᠭᠤᠴᠠᠨ᠎ᠠ᠃ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠠᠴᠠ ᠳᠣᠷᠣᠭᠰᠢᠬᠢ ᠡᠯ᠎ᠡ ᠲᠦᠷᠦᠯ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠬᠠᠷᠢᠶᠠᠯᠠᠯ ᠤᠨ ᠠᠵᠢᠯ ᠢ ᠬᠠᠮᠢᠶᠠᠷᠤᠨ᠎ᠠ᠃ ᠰᠤᠷᠭᠠᠨ ᠬᠥᠮᠦᠵᠢᠯ ᠤᠨ ᠲᠠᠯ᠎ᠠ ᠪᠠᠷ ᠬᠢ ᠭᠠᠳᠠᠭᠠᠳᠤ ᠲᠠᠢ ᠬᠠᠮᠲᠤᠷᠠᠨ ᠠᠵᠢᠯᠯᠠᠬᠤ ᠪᠠ ᠰᠣᠯᠢᠯᠴᠠᠭ᠎ᠠ ᠬᠢᠬᠦ ᠵᠢᠴᠢ ᠭᠠᠳᠠᠭᠠᠳᠤ ᠤᠬᠠᠭᠤᠯᠭ᠎ᠠ ᠶᠢᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ︵ᠠᠷᠪᠠᠨ ᠭᠤᠷᠪᠠ︶ ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠮᠡᠳᠡᠭᠡ ᠵᠠᠩᠭᠢᠴᠢᠯᠠᠯᠳᠠ᠂ ᠰᠤᠷᠭᠠᠨ ᠬᠥᠮᠦᠵᠢᠯ ᠤᠨ ᠲᠣᠨᠤᠭ ᠲᠥᠬᠦᠭᠡᠷᠦᠮᠵᠢ ᠶᠢᠨ ᠮᠡᠷᠭᠡᠵᠢᠯ᠂ ᠵᠢᠭᠠᠨ ᠰᠤᠷᠭᠠᠯᠲᠠ ᠶᠢᠨ ᠰᠤᠳᠤᠯᠭᠠᠨ ᠪᠠ ᠰᠤᠷᠭᠠᠨ ᠬᠥᠮᠦᠵᠢᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯ ᠢ ᠵᠢᠯᠣᠭᠤᠳᠤᠨ᠎ᠠ᠃      ︵ᠠᠷᠪᠠᠨ ᠳᠥᠷᠪᠡ︶ ᠪᠥᠬᠦ ᠬᠤᠰᠢᠭᠤᠨ ᠤ ᠰᠤᠷᠭᠠᠭᠤᠯᠢ ᠶᠢᠨ ᠠᠮᠤᠷ ᠲᠦᠪᠰᠢᠨ ᠲᠣᠭᠲᠠᠭᠤᠨ ᠪᠠ ᠠᠷᠤ ᠲᠠᠯ᠎ᠠ ᠶᠢᠨ ᠤᠶᠢᠯᠡᠴᠢᠯᠡᠬᠡᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃     ︵ᠠᠷᠪᠠᠨ ᠲᠠᠪᠤ︶ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠵᠦᠢᠯᠡᠰ ᠢ ᠪᠡᠶᠡᠯᠡᠭᠦᠯᠦᠨ᠎ᠡ᠃       ᠠᠵᠢᠯᠯᠠᠬᠤ ᠭᠠᠵᠠᠷ᠄ ᠤᠷᠠᠳ ᠤᠨ ᠡᠮᠦᠨᠡᠲᠦ ᠬᠤᠰᠢᠭᠤᠨ ᠤ ᠰᠤᠷᠭᠠᠨ ᠬᠦᠮᠦᠵᠢᠯ ᠤᠨ ᠲᠤᠪᠴᠢᠶ᠎ᠡ ᠶᠢᠨ 804 ᠲᠠᠰᠤᠭ      ᠠᠵᠢᠯᠯᠠᠬᠤ ᠴᠠᠭ᠄ 9᠄ 00 — 12᠄ 00 ᠴᠠᠭ᠂ 15᠄ 00 — 18᠄ 00 ᠴᠠᠭ ︵ᠬᠠᠤᠯᠢ ᠪᠠᠷ ᠲᠤᠭᠳᠠᠭᠠᠭᠰᠠᠨ ᠪᠠᠶᠠᠷ ᠲᠤᠷᠠᠰᠬᠠᠯ ᠠᠮᠠᠷᠠᠯᠳᠠ ᠶᠢᠨ ᠡᠳᠤᠷ ᠠᠴᠠ ᠭᠠᠳᠠᠨ᠎ᠠ︶      ᠠᠯᠪᠠᠨ ᠤᠲᠠᠰᠤ᠄ 0478 — 3606611      ᠬᠠᠷᠢᠭᠤᠴᠠᠯᠭᠠᠲᠠᠨ᠄  ᠶᠠᠩ ᠭᠦᠸᠧ ᠳ᠋ᠦᠩ
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ