ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠠᠯᠪᠠᠨ ᠨᠡᠶᠢᠲᠡᠯᠡᠯ—2023 ᠣᠨ ᠤ ᠨᠢᠭᠡᠳᠦᠭᠡᠷ ᠬᠤᠭᠤᠴᠠᠭ᠎ᠠ ︵ᠬᠤᠶᠠᠷ︶
ᠨᠡᠶᠢᠲᠡᠯᠡᠭᠰᠡᠨ ᠴᠠᠭ᠄
2023/12/6
ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ︽ᠤᠷᠠᠳ ᠤᠨ ᠡᠮᠦᠨᠡᠲᠦ ᠬᠤᠰᠢᠭᠤᠨ ᠤ 2023 ᠣᠨ ᠤ ᠪᠣᠭᠤᠳᠠᠶ᠂ ᠰᠢᠷ᠎ᠠ ᠪᠤᠷᠴᠠᠭ ᠵᠢᠴᠢ ᠰᠢᠷ᠎ᠠ ᠪᠤᠷᠴᠠᠭ ᠡᠷᠳᠡᠨᠢ ᠰᠢᠰᠢ ᠶᠢ ᠪᠦᠰᠡᠯᠢᠭ ᠨᠡᠶᠢᠯᠡᠮᠡᠯ ᠳᠠᠷᠢᠬᠤ ᠨᠥᠬᠦᠪᠥᠷᠢ ᠶᠢᠨ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ                ᠤᠷᠠᠳ ᠵᠠᠰᠠᠭ ᠠᠯᠪᠠᠨ ᠲᠠᠷᠬᠠᠭᠠᠭᠰᠠᠨ 〔2023〕13 ᠳ᠋ᠤᠭᠠᠷ ᠲᠣᠭᠠᠲᠤ ᠡᠯ᠎ᠡ ᠰᠤᠮᠤ ᠪᠠᠯᠭᠠᠰᠤ ᠂ ᠲᠠᠷᠢᠶᠠᠯᠠᠩ ᠮᠠᠯᠵᠢᠯ ᠤᠨ ᠲᠠᠯᠠᠪᠠᠶ᠂ ᠬᠤᠰᠢᠭᠤᠨ ᠤ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠲᠤ ᠄     ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠰᠤᠳᠤᠯᠤᠨ ᠵᠦᠪᠰᠢᠶᠡᠷᠡᠭᠰᠡᠨ ᠢᠶᠠᠷ᠂ ︽ᠤᠷᠠᠳ ᠤᠨ ᠡᠮᠦᠨᠡᠲᠦ ᠬᠤᠰᠢᠭᠤᠨ ᠤ 2023 ᠣᠨ ᠤ ᠪᠣᠭᠤᠳᠠᠶ᠂ ᠰᠢᠷ᠎ᠠ ᠪᠤᠷᠴᠠᠭ ᠵᠢᠴᠢ ᠰᠢᠷ᠎ᠠ ᠪᠤᠷᠴᠠᠭ ᠡᠷᠳᠡᠨᠢ ᠰᠢᠰᠢ ᠶᠢ ᠪᠦᠰᠡᠯᠢᠭ‌ᠨᠡᠶᠢᠯᠡᠮᠡᠯ ᠳᠠᠷᠢᠬᠤ ᠨᠥᠬᠦᠪᠥᠷᠢ ᠶᠢᠨ ᠬᠡᠷᠡᠭᠵᠢᠭᠦᠯᠬᠦ ᠲᠥᠰᠦᠯ︾ ᠢ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠬᠢᠨᠠᠮᠠᠭᠠᠶ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠪᠣᠯᠪᠠᠤ᠃                        ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                                 2023 ᠣᠨ ᠤ 3 ᠰᠠᠷ᠎ᠠ ᠶᠢᠨ 23 ᠤ ᠡᠳᠦᠷᠤᠷᠠᠳ ᠤᠨ ᠡᠮᠦᠨᠡᠲᠦ ᠬᠤᠰᠢᠭᠤᠨ ᠤ 2023 ᠣᠨ ᠤ ᠪᠣᠭᠤᠳᠠᠶ᠂ ᠰᠢᠷ᠎ᠠ ᠪᠤᠷᠴᠠᠭ ᠵᠢᠴᠢ ᠰᠢᠷ᠎ᠠ ᠪᠤᠷᠴᠠᠭ ᠡᠷᠳᠡᠨᠢ ᠰᠢᠰᠢ ᠶᠢ  ᠪᠦᠰᠡᠯᠢᠭ ᠨᠡᠶᠢᠯᠡᠮᠡᠯ ᠳᠠᠷᠢᠬᠤ ᠨᠥᠬᠦᠪᠥᠷᠢ ᠶᠢᠨ ᠬᠡᠷᠡᠭᠵᠢᠭᠦᠯᠬᠦ ᠲᠥᠰᠦᠯ     ᠶᠡᠷᠦᠩᠬᠡᠶ ᠱᠦᠵᠢ ᠰᠢ ᠶᠢᠨ ᠫᠢᠩ ᠤᠨ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠲᠤᠬᠠᠶ ᠴᠢᠬᠤᠯᠠ ᠥᠭᠦᠯᠡᠯᠲᠡ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠬᠤᠰᠢᠭᠤᠨ ᠤ ᠪᠣᠭᠤᠳᠠᠶ᠂ ᠡᠷᠳᠡᠨᠢ ᠰᠢᠰᠢ ᠵᠡᠷᠭᠡ ᠠᠵᠤ ᠦᠢᠯᠡᠰ ᠤᠨ ᠲᠣᠭᠲᠠᠪᠤᠷᠢᠵᠢᠨ ᠰᠠᠶᠢᠵᠢᠷᠠᠬᠤ ᠶᠢ ᠠᠬᠢᠭᠤᠯᠬᠤ ᠶᠢᠨ ᠲᠥᠯᠥᠭᠡ᠂ ᠪᠣᠳᠠᠲᠤ ᠪᠠᠶᠢᠳᠠᠯ ᠲᠠᠢ ᠪᠠᠨ ᠣᠶᠠᠯᠳᠣᠭᠤᠯᠣᠨ᠂ ᠲᠣᠰ ᠬᠡᠷᠡᠭᠵᠢᠭᠦᠯᠬᠦ ᠲᠥᠰᠦᠯ ᠢ ᠲᠣᠭᠲᠠᠭᠠᠪᠠ᠃     ᠨᠢᠭᠡ᠂ ᠪᠤᠭᠤᠳᠠᠶ ᠲᠠᠷᠢᠬᠤ ᠳᠤ ᠨᠥᠬᠦᠪᠥᠷᠢ ᠥᠭᠬᠦ ᠡᠲᠡᠭᠡᠳ      ᠪᠣᠭᠤᠳᠠᠶ ᠶᠢ ᠲᠥᠪᠯᠡᠷᠡᠭᠦᠯᠦᠨ ᠵᠠᠯᠭᠠᠯᠳᠤᠭᠤᠯᠵᠤ ᠳᠠᠷᠢᠭᠰᠠᠨ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰᠵᠢᠭᠰᠡᠨ ᠬᠥᠲᠥᠴᠢ ᠠᠵᠤ ᠠᠬᠤᠶᠢᠯᠠᠯ᠂ ᠲᠤᠰᠬᠠᠶ ᠬᠤᠷᠰᠢᠶ᠎ᠠ᠂ ᠬᠡᠷ ᠪᠦᠯᠢ ᠶᠢᠨ ᠲᠠᠷᠢᠶᠠᠯᠠᠩ ᠤᠨ ᠲᠠᠯᠠᠪᠠᠶ ᠪᠠ ᠲᠠᠷᠢᠮᠠᠯ ᠤᠨ ᠲᠣᠮᠣ ᠡᠷᠦᠬᠡ᠂ ᠲᠠᠷᠢᠮᠠᠯ ᠤᠨ ᠲᠠᠷᠠᠬᠠᠶ ᠡᠷᠦᠬᠡ ︵ᠬᠠᠲᠤᠨ ᠭᠤᠤᠯ ᠤᠨ ᠲᠠᠩ ᠭᠠᠵᠠᠷ ᠤᠨ ᠥᠨᠳᠥᠷ ᠲᠠᠩ ᠤᠨ ᠣᠷᠣᠨ ᠪᠠ ᠥᠨᠳᠥᠷ ᠡᠰᠢᠲᠦ ᠲᠠᠷᠢᠮᠠᠯ ᠤᠨ ᠣᠷᠣᠨ ᠳᠠᠷᠢᠬᠤ ᠶᠢ ᠴᠠᠭᠠᠵᠠᠯᠠᠭᠰᠠᠨ ᠡᠷᠦᠬᠡ ᠪᠠᠭᠲᠠᠨ᠎ᠠ︶᠃     ᠬᠤᠶᠠᠷ᠂ ᠨᠥᠬᠦᠪᠥᠷᠢ ᠥᠭᠬᠦ ᠪᠠᠷᠢᠮᠵᠢᠶ᠎ᠠ     1. ᠪᠣᠭᠤᠳᠠᠶ ᠳᠠᠷᠢᠬᠤ ᠨᠥᠬᠦᠪᠥᠷᠢ᠃ 100 ᠮᠦ ᠠᠴᠠ ᠳᠣᠷᠣᠭᠰᠢᠬᠢ ᠲᠠᠷᠠᠬᠠᠶ ᠡᠷᠦᠬᠡ ᠳᠠᠩ ᠭᠠᠭᠴᠠ ᠪᠤᠭᠤᠳᠠᠶ  ᠲᠠᠷᠢᠪᠠᠯ ᠮᠦ ᠪᠦᠷᠢ ᠳᠤ 250 ᠲᠥᠭᠦᠷᠢᠭ ᠨᠥᠬᠦᠪᠥᠷᠢᠯᠡᠨ᠎ᠡ︔ ᠲᠥᠪᠯᠡᠷᠡᠨ ᠵᠠᠯᠭᠠᠯᠳᠤᠭᠰᠠᠨ ᠳᠠᠩ ᠲᠠᠷᠢᠮᠠᠯ ᠪᠤᠭᠤᠳᠠᠶ ᠶᠢᠨ ᠲᠠᠯᠠᠪᠠᠶ ᠨᠢ 100 — 500 ᠮᠦ ᠪᠣᠯ᠂ ᠮᠦ ᠪᠦᠷᠢ ᠳᠤ 300 ᠲᠥᠭᠦᠷᠢᠭ ᠨᠥᠬᠦᠪᠥᠷᠢᠯᠡᠨ᠎ᠡ︔ ᠲᠥᠪᠯᠡᠷᠡᠭᠦᠯᠦᠨ ᠬᠡᠰᠡᠭ ᠬᠡᠰᠡᠭ ᠢᠶᠠᠷ ᠳᠠᠩ ᠢᠶᠠᠷ ᠲᠠᠷᠢᠬᠤ ᠪᠤᠭᠤᠳᠠᠶ ᠶᠢᠨ ᠲᠠᠯᠠᠪᠠᠶ ᠨᠢ 500 —1000 ᠮᠦ ᠪᠣᠯ᠂ ᠮᠦ ᠪᠦᠷᠢ ᠳᠤ 350 ᠲᠥᠭᠦᠷᠢᠭ ᠨᠥᠬᠦᠪᠥᠷᠢᠯᠡᠨ᠎ᠡ︔ ᠲᠥᠪᠯᠡᠷᠡᠭᠦᠯᠦᠨ ᠬᠡᠰᠡᠭ ᠬᠡᠰᠡᠭ ᠢᠶᠠᠷ ᠳᠠᠩ ᠢᠶᠠᠷ ᠲᠠᠷᠢᠬᠤ ᠪᠤᠭᠤᠳᠠᠶ ᠶᠢᠨ ᠲᠠᠯᠠᠪᠠᠶ ᠨᠢ 1000 — 5000 ᠮᠦ ᠪᠣᠯ᠂ ᠮᠦ ᠪᠦᠷᠢ ᠳᠤ 400 ᠲᠥᠭᠦᠷᠢᠭ ᠨᠥᠬᠦᠪᠥᠷᠢᠯᠡᠨ᠎ᠡ︔ ᠬᠡᠰᠡᠭ ᠲᠥᠪᠯᠡᠷᠡᠭᠦᠯᠦᠨ ᠨᠡᠶᠢᠳᠡᠮ ᠲᠠᠷᠢᠬᠤ ᠪᠤᠭᠤᠳᠠᠶ ᠶᠢᠨ ᠲᠠᠯᠠᠪᠠᠶ ᠨᠢ 5000 ᠮᠦ ᠠᠴᠠ ᠳᠡᠭᠡᠭᠰᠢ ᠳᠤ  ᠬᠦᠷᠪᠡᠯ᠂ ᠮᠦ ᠪᠦᠷᠢ ᠳᠤ 500 ᠲᠥᠭᠦᠷᠢᠭ ᠨᠥᠬᠦᠪᠥᠷᠢᠯᠡᠨ᠎ᠡ︔ ᠬᠠᠭᠤᠷᠠᠶ ᠲᠠᠷᠢᠶᠠᠨ ᠤ ᠪᠣᠭᠤᠳᠠᠶ ᠶᠢ ᠮᠥ ᠪᠦᠷᠢ ᠳᠤ 150 ᠲᠥᠭᠦᠷᠢᠭ ᠨᠥᠬᠦᠪᠥᠷᠢᠯᠡᠨ᠎ᠡ︔ ᠬᠠᠲᠤᠨ ᠭᠤᠣᠯ ᠤᠨ ᠰᠠᠶᠢᠷᠭᠠᠯ ᠤᠨ ᠣᠷᠣᠨ ᠳᠤ ᠳᠠᠩ ᠢᠶᠠᠷ ᠲᠠᠷᠢᠭᠰᠠᠨ ᠪᠤᠭᠤᠳᠠᠶ ︵ᠪᠠᠷᠢᠮᠵᠢᠶᠠᠵᠢᠭᠤᠯᠤᠨ ᠲᠠᠷᠢᠭᠰᠠᠨ ᠪᠥᠭᠡᠳ ᠴᠢᠬᠢ ᠬᠠᠮᠠᠭᠠᠯᠠᠭᠰᠠᠨ ᠨᠣᠷᠮ᠎ᠠ ᠨᠢ 85 % ᠠᠴᠠ ᠳᠡᠭᠡᠭᠰᠢ ᠳᠤ ᠬᠦᠷᠴᠦ᠂ ᠬᠡᠪ ᠤᠨ ᠪᠠᠶᠢᠳᠠᠯ ᠢᠶᠠᠷ ᠪᠣᠯᠪᠠᠰᠤᠷᠠᠵᠤ ᠳᠡᠶᠢᠯᠬᠦ︶ ᠶᠢ ᠳᠡᠭᠡᠷ᠎ᠡ ᠳᠤᠷᠠᠳᠤᠭᠰᠠᠨ ᠨᠥᠬᠦᠪᠥᠷᠢ ᠶᠢᠨ ᠪᠠᠷᠢᠮᠵᠢᠶ᠎ᠠ ᠶᠣᠰᠣᠭᠠᠷ ᠬᠡᠷᠡᠭᠵᠢᠭᠦᠯᠦᠨ᠎ᠡ᠃ ᠪᠣᠭᠤᠳᠠᠶ ᠡᠷᠳᠡᠨᠢ ᠰᠢᠰᠢ ᠶᠢ ᠠᠯᠠᠭᠯᠠᠨ ᠲᠠᠷᠢᠪᠠᠯ 5᠄ 5 ᠪᠠᠷ ᠨᠤᠭᠤᠯᠤᠨ ᠪᠤᠳᠤᠵᠤ᠂ ᠪᠣᠭᠤᠳᠠᠶ ᠨᠡᠷᠡᠨ ᠬᠤᠸᠠᠷ ᠢ ᠠᠯᠠᠭᠯᠠᠨ ᠲᠠᠷᠢᠪᠠᠯ 6᠄ 4 ᠪᠠᠷ ᠨᠤᠭᠤᠯᠤᠨ ᠪᠤᠳᠤᠨ᠎ᠠ᠃     2. ᠪᠣᠭᠤᠳᠠᠶ ᠶᠢᠨ ᠳᠠᠷᠠᠭ᠎ᠠ ᠳᠠᠬᠢᠨ ᠳᠠᠷᠢᠬᠤ ᠶᠢᠨ ᠨᠥᠬᠦᠪᠥᠷᠢ᠃ ᠪᠣᠭᠤᠳᠠᠶ ᠪᠠᠨ ᠬᠤᠷᠢᠶᠠᠭᠰᠠᠨ ᠤ ᠳᠠᠷᠠᠭ᠎ᠠ ᠲᠠᠬᠢᠨ ᠨᠣᠬᠠᠶ ᠶᠢᠨ ᠬᠤᠰᠢᠭᠤ ᠶᠢᠨ ᠡᠪᠡᠰᠦ᠂ ᠲᠣᠰᠣᠯᠢᠭ ᠨᠠᠷᠠᠨ ᠬᠤᠸᠠᠷ ᠲᠠᠷᠢᠪᠠᠯ᠂ ᠮᠥ ᠪᠦᠷᠢ ᠳᠤ 300 ᠲᠥᠭᠦᠷᠢᠭ ᠨᠥᠬᠦᠪᠥᠷᠢᠯᠡᠨ᠎ᠡ︔ ᠪᠣᠭᠤᠳᠠᠶ ᠶᠢᠨ ᠳᠠᠷᠠᠭ᠎ᠠ ᠳᠠᠬᠢᠨ ᠨᠣᠭᠤᠭᠠᠨ ᠴᠡᠴᠡᠭᠲᠦ ᠨᠣᠭᠤᠭ᠎ᠠ᠂ ᠪᠣᠷᠳᠤᠭ᠎ᠠ ᠰᠢᠯᠢᠮᠳᠡᠭ ᠪᠠ ᠨᠠᠮᠤᠷ ᠤᠨ ᠨᠣᠭᠤᠭ᠎ᠠ ᠵᠡᠷᠭᠡ ᠲᠠᠷᠢᠮᠠᠯ ᠳᠠᠷᠢᠪᠠᠯ᠂ ᠮᠥ ᠪᠦᠷᠢ ᠳᠤ 150 ᠲᠥᠭᠦᠷᠢᠭ ᠨᠥᠬᠦᠪᠥᠷᠢᠯᠡᠨ᠎ᠡ᠃      ᠪᠤᠭᠤᠳᠠᠶ ᠶᠢᠨ ᠳᠠᠷᠠᠭ᠎ᠠ ᠳᠠᠬᠢᠨ ᠲᠠᠷᠢᠬᠤ ᠱᠠᠭᠠᠷᠳᠠᠯᠭ᠎ᠠ᠄ ᠴᠢᠬᠢ ᠬᠠᠮᠠᠭᠠᠯᠠᠬᠤ ᠨᠣᠷᠮ᠎ᠠ ᠶᠢ 80 % ᠠᠴᠠ ᠳᠡᠭᠡᠭᠰᠢ ᠳᠤ ᠬᠦᠷᠦᠭᠦᠯᠦᠨ᠎ᠡ᠂ ᠡᠰᠡ ᠲᠡᠶᠢᠮᠦ ᠪᠣᠯ ᠨᠥᠬᠦᠪᠥᠷᠢ  ᠬᠦᠷᠲᠡᠬᠦ ᠦᠭᠡᠶ᠃     3. ᠰᠢᠷ᠎ᠠ ᠪᠤᠷᠴᠠᠭ᠂ ᠰᠢᠷ᠎ᠠ ᠪᠤᠷᠴᠠᠭ ᠡᠷᠳᠡᠨᠢ ᠰᠢᠰᠢ ᠶᠢᠨ ᠪᠦᠰᠡᠯᠢᠭ ᠨᠡᠶᠢᠯᠡᠮᠡᠯ ᠲᠠᠷᠢᠮᠠᠯ ᠤᠨ ᠨᠥᠬᠦᠪᠥᠷᠢ᠃ ᠭᠠᠭᠴᠠ ᠰᠢᠷ᠎ᠠ ᠪᠤᠷᠴᠠᠭ ᠲᠠᠷᠢᠪᠠᠯ ᠂ ᠮᠦ ᠪᠦᠷᠢ ᠳᠤ 400 ᠲᠥᠭᠦᠷᠢᠭ ᠤᠨ ᠨᠥᠬᠦᠪᠥᠷᠢ ᠥᠭᠭᠦᠨ᠎ᠡ︔ ᠡᠷᠳᠡᠨᠢ ᠰᠢᠰᠢ ᠰᠢᠷ᠎ᠠ ᠪᠤᠷᠴᠠᠭ ᠢ ᠪᠦᠰᠡᠯᠢᠭ ᠬᠡᠯᠪᠡᠷᠢ ᠪᠠᠷ ᠲᠠᠷᠢᠪᠠᠯ᠂ ᠮᠥ ᠪᠦᠷᠢ ᠳᠤ 250 ᠲᠥᠭᠦᠷᠢᠭ ᠤᠨ ᠨᠥᠬᠦᠪᠥᠷᠢ ᠥᠭᠭᠦᠨ᠎ᠡ︔ ᠰᠢᠷ᠎ᠠ ᠪᠤᠷᠴᠠᠭ ᠡᠷᠳᠡᠨᠢ ᠰᠢᠰᠢ ᠶᠢ ᠪᠦᠰᠡᠯᠢᠭ ᠨᠡᠶᠢᠯᠡᠮᠡᠯ ᠳᠠᠷᠢᠬᠤ ᠪᠦᠰᠡ ᠨᠢ 4᠄ 4 ᠶᠢᠨ ᠮᠥᠷ ᠤᠨ ᠬᠠᠷᠢᠴᠠᠯ ᠲᠠᠢ ᠳᠠᠷᠢᠬᠤ ᠵᠠᠭᠪᠤᠷ ᠪᠠ 2᠄ 4 ︵ᠨᠣᠭᠤᠭᠠᠨ ᠢᠶᠠᠷ ᠳᠠᠷᠤᠰᠢᠭᠤᠯᠬᠤ︶ ᠶᠢᠨ ᠮᠥᠷ ᠤᠨ ᠬᠠᠷᠢᠴᠠᠯ ᠲᠠᠢ ᠳᠠᠷᠢᠬᠤ ᠵᠠᠭᠪᠤᠷ ᠢ ᠳᠡᠯᠭᠡᠷᠡᠭᠦᠯᠦᠨ᠎ᠡ᠂ ᠴᠡᠪᠡᠷ ᠰᠢᠷ᠎ᠠ ᠪᠤᠷᠴᠠᠭ ᠤᠨ ᠲᠠᠯᠠᠪᠠᠶ ᠨᠢ 0.5 ᠮᠥ ᠪᠠᠶᠢᠵᠤ᠂ ᠰᠢᠷ᠎ᠠ ᠪᠤᠷᠴᠠᠭ ᠤᠨ ᠲᠠᠩ ᠵᠦᠢᠯ ᠤᠨ ᠨᠥᠬᠦᠪᠥᠷᠢ ᠶᠢ 200 ᠲᠥᠭᠦᠷᠢᠭ ᠭᠥᠷᠳᠡᠵᠦ᠂ ᠰᠢᠷ᠎ᠠ ᠪᠤᠷᠴᠠᠭ ᠡᠷᠳᠡᠨᠢ ᠰᠢᠰᠢ ᠶᠢ ᠪᠦᠰᠡᠯᠢᠭ ᠨᠡᠶᠢᠯᠡᠮᠡᠯ ᠳᠠᠷᠢᠬᠤ ᠶᠡᠷᠦᠩᠬᠡᠶ ᠨᠥᠬᠦᠪᠥᠷᠢ ᠶᠢᠨ ᠵᠣᠭᠤᠰ ᠤᠨ ᠲᠤᠭ᠎ᠠ ᠨᠢ 450 ᠲᠥᠭᠦᠷᠢᠭ ᠪᠣᠯᠤᠨ᠎ᠠ᠃      ᠭᠤᠷᠪᠠ᠂ ᠮᠡᠳᠡᠭᠦᠯᠬᠦ ᠳᠡᠰ ᠳᠠᠷᠠᠭᠠᠯᠠᠯ       ᠨᠢᠭᠡ ᠂ ᠪᠤᠭᠤᠳᠠᠶ ᠲᠠᠷᠢᠬᠤ ᠨᠥᠬᠦᠪᠥᠷᠢ ᠶᠢ ᠮᠡᠳᠡᠭᠦᠯᠬᠦ ᠳᠡᠰ ᠳᠠᠷᠠᠭᠠᠯᠠᠯ     1 . ᠲᠠᠷᠠᠬᠠᠶ ᠡᠷᠦᠬᠡ ᠪᠤᠭᠤᠳᠠᠶ ᠲᠠᠷᠢᠭᠰᠠᠨ ᠪᠣᠯ ᠭᠤᠷᠪᠠᠳᠠᠬᠢ ᠡᠲᠡᠭᠡᠳ ᠤᠨ ᠺᠣᠮᠫᠠᠨᠢ ᠠᠴᠠ ᠪᠤᠭᠤᠳᠠᠶ ᠲᠠᠷᠢᠭᠰᠠᠨ ᠲᠠᠯᠠᠪᠠᠶ ᠶᠢ ᠬᠡᠮᠵᠢᠵᠦ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠲᠣᠰᠬᠤᠨ ᠳᠤᠭᠤᠶᠢᠯᠠᠩ ᠠᠴᠠ ᠱᠠᠲᠤ ᠳᠠᠷᠠᠭᠠᠯᠠᠨ ᠨᠥᠬᠦᠪᠥᠷᠢ ᠶᠢᠨ ᠨᠡᠷᠡᠰ ᠤᠨ ᠪᠦᠷᠢᠳᠬᠡᠯ ᠪᠠ ᠢᠯᠡ ᠨᠡᠶᠢᠲᠡᠯᠡᠭᠰᠡᠨ ᠬᠡᠷᠡᠯ ᠵᠢᠷᠤᠭ ᠢᠶᠠᠨ ᠳᠡᠭᠡᠭᠰᠢ ᠮᠡᠳᠡᠭᠦᠯᠬᠦ ᠬᠡᠷᠡᠭᠲᠡᠶ︔ ᠨᠥᠬᠦᠴᠡᠯ ᠳᠤ ᠨᠡᠶᠢᠴᠡᠬᠦ ᠲᠠᠷᠢᠶᠠᠯᠠᠩ ᠮᠠᠯ ᠠᠵᠤ ᠠᠬᠤᠶ ᠶᠢᠨ ᠠᠵᠤ  ᠦᠢᠯᠡᠰᠴᠢᠯᠡᠯᠲᠠ ᠶᠢᠨ ᠳᠠᠭᠠᠭᠤᠯᠤᠭᠴᠢ ᠠᠵᠤ ᠠᠬᠤᠶᠢᠯᠠᠯ᠂ ᠲᠤᠰᠬᠠᠶ ᠠᠵᠢᠯ ᠤᠨ ᠬᠤᠷᠰᠢᠶ᠎ᠠ᠂ ᠭᠡᠷ ᠪᠦᠯᠢ ᠶᠢᠨ ᠲᠠᠷᠢᠶᠠᠯᠠᠩ ᠤᠨ ᠲᠠᠯᠠᠪᠠᠶ ᠪᠣᠯᠤᠨ ᠲᠠᠷᠢᠮᠠᠯ ᠤᠨ ᠲᠣᠮᠣ ᠡᠷᠦᠬᠡ ᠵᠡᠷᠭᠡ ᠪᠤᠭᠤᠳᠠᠶ ᠶᠢ ᠵᠠᠯᠭᠠᠯᠳᠤᠭᠤᠯᠤᠨ ᠲᠠᠷᠢᠵᠤ ᠡᠵᠡᠩᠨᠡᠬᠦ ᠭᠤᠣᠯ ᠴᠣᠭᠴᠠ ᠤᠳ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠠᠶᠢᠭ᠎ᠠ ᠲᠣᠰᠬᠤᠨ ᠤ ᠳᠤᠭᠤᠶᠢᠯᠠᠩ ᠳᠤ ᠪᠢᠴᠢᠭᠯᠡᠭᠰᠡᠨ ᠨᠥᠬᠦᠪᠥᠷᠢ ᠶᠢᠨ ᠭᠤᠶᠤᠴᠢᠯᠠᠯ ᠢᠶᠠᠨ ᠳᠤᠷᠠᠳᠴᠤ᠂ ᠭᠤᠷᠪᠠᠳᠠᠬᠢ ᠡᠲᠡᠭᠡᠳ ᠤᠨ ᠺᠣᠮᠫᠠᠨᠢ ᠠᠴᠠ ᠪᠤᠭᠤᠳᠠᠶ ᠲᠠᠷᠢᠭᠰᠠᠨ ᠲᠠᠯᠠᠪᠠᠶ ᠶᠢ ᠬᠡᠮᠵᠢᠵᠦ ᠬᠢᠨᠠᠨ ᠮᠠᠭᠠᠳᠯᠠᠬᠤ ᠬᠡᠷᠡᠭᠲᠡᠶ᠃ ᠭᠠᠴᠠᠭ᠎ᠠ ᠳᠤᠭᠤᠶᠢᠯᠠᠩ ᠠᠴᠠ ᠡᠵᠡᠩᠨᠡᠯᠲᠡ ᠶᠢᠨ ᠪᠡᠶᠡᠴᠢ ᠴᠣᠭᠴᠠ ᠶᠢᠨ  ᠦᠢᠯᠡᠳᠪᠦᠷᠢᠯᠡᠯ ᠤᠨ ᠲᠠᠯᠠᠪᠠᠶ ᠶᠢ ᠵᠠᠷᠯᠠᠨ ᠨᠡᠶᠢᠲᠡᠯᠡᠵᠦ᠂ ᠵᠠᠷᠯᠠᠨ ᠨᠡᠶᠢᠲᠡᠯᠡᠬᠦ ᠴᠠᠭ ᠢ 7 ᠡᠳᠦᠷ ᠠᠴᠠ ᠳᠤᠲᠠᠭᠤ ᠪᠠᠶᠢᠯᠭᠠᠵᠤ ᠪᠣᠯᠬᠤ ᠥᠬᠡᠶ᠃     2. ᠨᠡᠶᠢᠲᠡ ᠳᠤ ᠵᠠᠷᠯᠠᠭᠠᠳ ᠤᠨᠳᠤᠤ ᠰᠠᠨᠠᠯ ᠥᠬᠡᠶ ᠪᠣᠯ 5 ᠰᠠᠷ᠎ᠠ ᠶᠢᠨ 20 ᠤ ᠡᠳᠦᠷ ᠠᠴᠠ ᠡᠮᠦᠨ᠎ᠡ᠂ ᠲᠣᠰᠬᠤᠨ ᠢᠶᠠᠷ ᠨᠢᠭᠡᠴᠢ ᠪᠣᠯᠭᠠᠨ ᠪᠠᠶᠢᠭ᠎ᠠ ᠰᠤᠮᠤ ᠪᠠᠯᠭᠠᠰᠤ᠂ ᠲᠠᠷᠢᠶᠠᠯᠠᠩ ᠮᠠᠯᠵᠢᠯ ᠤᠨ ᠲᠠᠯᠠᠪᠠᠶ ᠳᠤ ᠪᠠᠨ ᠮᠡᠳᠡᠭᠦᠯᠬᠦ ᠬᠡᠷᠡᠭᠲᠡᠶ᠃ ᠮᠡᠳᠡᠭᠦᠯᠬᠦ ᠳᠡᠭᠡᠨ ᠲᠠᠷᠠᠬᠠᠶ ᠡᠷᠦᠬᠡ ᠲᠠᠷᠢᠬᠤ ᠳᠤ ᠪᠤᠭᠤᠳᠠᠶ ᠦᠢᠯᠡᠳᠪᠦᠷᠢᠯᠡᠭᠴᠢ ᠳᠤ ᠨᠥᠬᠦᠪᠥᠷᠢ ᠥᠭᠬᠦ ᠨᠡᠷ᠎ᠡ ᠶᠢᠨ ᠪᠦᠷᠢᠳᠬᠡᠯ ᠬᠢᠭᠡᠳ ᠢᠯᠡ ᠨᠡᠶᠢᠲᠡᠯᠡᠭᠰᠡᠨ ᠭᠡᠷᠡᠯ ᠵᠢᠷᠤᠭ ᠢᠶᠠᠨ ᠲᠤᠰᠢᠶᠠᠬᠤ ᠬᠡᠷᠡᠭᠲᠡᠶ︔ ᠬᠡᠪᠴᠢᠶᠡᠵᠢᠭᠦᠯᠦᠨ ᠡᠵᠡᠩᠨᠡᠬᠦ ᠭᠤᠤᠯ ᠴᠣᠭᠴᠠ ᠨᠢ ᠳᠠᠷᠢᠬᠤ ᠲᠠᠯᠠᠪᠠᠶ ᠶᠢᠨ ᠮᠡᠳᠡᠭᠦᠯᠬᠦ ᠬᠦᠰᠦᠨᠦᠭᠲᠦ ︵ᠳᠠᠭᠠᠯᠳᠤᠭᠤᠯᠤᠯ 1︶ ᠵᠢᠴᠢ ᠨᠡᠶᠢᠲᠡ ᠳᠤ ᠵᠠᠷᠯᠠᠬᠤ ᠪᠢᠴᠢᠭ ᠮᠠᠲ᠋ᠧᠷᠢᠶᠠᠯ ᠢ ᠬᠠᠩᠭᠠᠵᠤ᠂ ᠲᠤᠬᠠᠶ ᠶᠢᠨ ᠲᠠᠯᠠᠪᠠᠶ ᠶᠢᠨ ᠬᠡᠷᠡᠯ ᠵᠢᠷᠤᠭ ᠢ ᠨᠡᠶᠢᠲᠡ ᠳᠤ ᠵᠠᠷᠯᠠᠨ᠎ᠠ᠃     3. ᠡᠯ᠎ᠡ ᠰᠤᠮᠤ ᠪᠠᠯᠭᠠᠰᠤ ︵ᠲᠠᠷᠢᠶᠠᠯᠠᠩ ᠮᠠᠯᠵᠢᠯ ᠤᠨ ᠲᠠᠯᠠᠪᠠᠶ︶ ᠲᠠᠯᠠᠪᠠᠶ ᠪᠠ ᠡᠵᠡᠩᠨᠡᠯᠲᠡ ᠶᠢᠨ ᠭᠤᠤᠯ ᠴᠣᠭᠴᠠ ᠶᠢᠨ ᠮᠡᠳᠡᠭᠡ ᠵᠠᠩᠭᠢ ᠶᠢ ᠬᠤᠷᠢᠶᠠᠩᠭᠤᠶᠢᠯᠠᠬᠤ ᠶᠢᠨ ᠬᠠᠮᠲᠤ ᠳᠡᠩᠰᠡᠯᠡᠨ ᠳᠡᠪᠲᠡᠷᠯᠡᠵᠦ᠂ ᠪᠣᠭᠤᠳᠠᠶ ᠶᠢᠨ ᠦᠢᠯᠡᠳᠪᠦᠷᠢᠯᠡᠯ ᠡᠵᠡᠩᠨᠡᠯᠲᠡ ᠶᠢᠨ ᠭᠤᠤᠯ ᠴᠣᠭᠴᠠ ᠶᠢᠨ ᠡᠷᠦᠬᠡ ᠬᠤᠪᠢᠶᠠᠭᠰᠠᠨ ᠨᠠᠷᠢᠨ ᠲᠠᠩᠰᠠ ︵ᠳᠠᠭᠠᠯᠳᠤᠭᠤᠯᠤᠯ 3︶ ᠶᠢ ᠰᠤᠮᠤ ᠪᠠᠯᠭᠠᠰᠤ ︵ᠲᠠᠷᠢᠶᠠᠯᠠᠩ ᠮᠠᠯᠵᠢᠯ ᠤᠨ ᠲᠠᠯᠠᠪᠠᠶ︶ ᠶᠢᠨ ᠬᠠᠷᠢᠭᠤᠴᠠᠯᠭᠠᠲᠠᠨ ᠢᠶᠠᠷ ᠭᠠᠷ ᠤᠨ ᠥᠰᠥᠭ ᠵᠢᠷᠤᠭᠤᠯᠵᠤ ᠲᠠᠮᠠᠭ᠎ᠠ ᠳᠠᠷᠤᠭᠤᠯᠤᠭᠰᠠᠨ ᠤ ᠳᠠᠷᠠᠭ᠎ᠠ᠂ 6 ᠰᠠᠷ᠎ᠠ ᠶᠢᠨ 10 ᠤ ᠡᠳᠦᠷ ᠠᠴᠠ ᠡᠮᠦᠨ᠎ᠡ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠳᠤ ᠮᠡᠳᠡᠭᠦᠯᠦᠨ᠎ᠡ᠃     ᠳᠥᠷᠪᠡ᠂ ᠬᠢᠨᠠᠨ ᠪᠠᠶᠢᠴᠠᠭᠠᠵᠤ ᠰᠢᠯᠭᠠᠨ ᠠᠪᠬᠤ      ︵ᠨᠢᠭᠡ︶ ᠪᠣᠭᠤᠳᠠᠶ ᠶᠢᠨ ᠲᠠᠷᠢᠮᠠᠯ ᠤᠨ ᠨᠥᠬᠦᠪᠥᠷᠢ ᠶᠢ ᠬᠠᠷᠭᠤᠭᠤᠯᠤᠨ ᠪᠠᠶᠢᠴᠠᠭᠠᠵᠤ ᠰᠢᠯᠭᠠᠨ ᠠᠪᠬᠤ      1 . ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠪᠠᠷ ᠪᠦᠷᠢᠯᠳᠦᠭᠰᠡᠨ ᠲᠤᠰᠬᠠᠶ ᠮᠡᠷᠭᠡᠵᠢᠯᠲᠡᠨ ᠤ ᠳᠤᠭᠤᠶᠢᠯᠠᠩ ᠲᠠᠷᠠᠬᠠᠶ ᠡᠷᠦᠬᠡ ᠶᠢᠨ ᠲᠠᠷᠢᠮᠠᠯ ᠤᠨ ᠪᠠ ᠬᠡᠪᠴᠢᠶᠡᠲᠦ ᠡᠵᠡᠩᠨᠡᠯᠲᠡ ᠶᠢᠨ ᠭᠤᠤᠯ ᠴᠣᠭᠴᠠ ᠶᠢᠨ ᠮᠡᠳᠡᠭᠦᠯᠬᠦ ᠮᠠᠲ᠋ᠧᠷᠢᠶᠠᠯ ᠪᠠ ᠨᠥᠬᠦᠪᠥᠷᠢᠯᠡᠬᠦ ᠲᠠᠯᠠᠪᠠᠶ ᠶᠢ ᠬᠠᠷᠭᠤᠭᠤᠯᠤᠨ ᠪᠠᠶᠢᠴᠠᠭᠠᠵᠤ ᠰᠢᠯᠭᠠᠨ ᠠᠪᠴᠤ᠂ 6 ᠰᠠᠷ᠎ᠠ ᠶᠢᠨ 20 ᠤ ᠡᠳᠦᠷ ᠠᠴᠠ ᠡᠮᠦᠨ᠎ᠡ ᠰᠢᠯᠭᠠᠨ ᠬᠤᠷᠢᠶᠠᠵᠤ ᠦᠨᠡᠯᠡᠯᠲᠡ ᠬᠢᠭᠰᠡᠨ ᠪᠢᠴᠢᠭ ᠤᠨ ᠬᠡᠯᠪᠡᠷᠢ ᠶᠢᠨ ᠮᠡᠳᠡᠭᠦᠯᠦᠯᠲᠡ ᠭᠠᠷᠭᠠᠨ᠎ᠠ᠃     2 . ᠨᠥᠬᠦᠴᠡᠯ ᠳᠤ ᠨᠡᠶᠢᠴᠡᠬᠦ ᠶᠢ ᠨᠢ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ ᠮᠡᠳᠡᠭᠦᠯᠦᠨ ᠬᠦᠷᠭᠡᠬᠦ ᠳᠤ ︽ᠨᠢᠭᠡ ᠺᠠᠷᠲ ᠲᠤ ᠨᠡᠪᠲᠡᠷᠡᠬᠦ ᠪᠠᠩᠬᠢ ᠶᠢᠨ ᠺᠠᠷᠲ︾  ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠨᠥᠬᠦᠪᠥᠷᠢ ᠪᠡᠯᠡ ᠮᠥᠩᠭᠦ ᠣᠯᠭᠤᠬᠤ ᠬᠡᠷᠡᠭᠲᠡᠶ᠃     ︵ᠬᠤᠶᠠᠷ︶ ᠰᠢᠷ᠎ᠠ ᠪᠤᠷᠴᠠᠭ᠂ ᠰᠢᠷ᠎ᠠ ᠪᠤᠷᠴᠠᠭ ᠡᠷᠳᠡᠨᠢ ᠰᠢᠰᠢ ᠶᠢ ᠪᠦᠰᠡᠯᠢᠭ ᠬᠡᠯᠪᠡᠷᠢ ᠶᠢᠨ ᠨᠡᠶᠢᠯᠡᠮᠡᠯ ᠲᠠᠷᠢᠮᠠᠯ ᠤᠨ ᠨᠥᠬᠦᠪᠥᠷᠢ ᠶᠢ ᠬᠠᠷᠭᠤᠭᠤᠯᠤᠨ ᠪᠠᠶᠢᠴᠠᠭᠠᠵᠤ ᠰᠢᠯᠭᠠᠨ ᠠᠪᠬᠤ       ᠥᠩᠭᠡᠷᠡᠭᠰᠡᠨ ᠵᠢᠯ ᠤᠨ ᠬᠠᠷᠭᠤᠭᠤᠯᠤᠨ ᠪᠠᠶᠢᠴᠠᠭᠠᠵᠤ ᠰᠢᠯᠭᠠᠨ ᠠᠪᠬᠤ ᠲᠠᠰ ᠳᠠᠷᠠᠭᠠᠯᠠᠯ ᠢᠶᠠᠷ ᠯᠠᠪᠯᠠᠯᠲᠠ ᠪᠣᠯᠭᠠᠨ ᠬᠡᠷᠡᠭᠵᠢᠭᠦᠯᠵᠦ᠂ ᠪᠣᠳᠠᠲᠠᠶ ᠵᠦᠢᠯᠡᠰ ᠢ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠠᠴᠠ ᠮᠡᠳᠡᠭᠳᠡᠨ᠎ᠡ᠃     ᠲᠠᠪᠤ᠂ ᠠᠵᠢᠯ ᠤᠨ ᠡᠭᠦᠷᠭᠡ ᠬᠠᠷᠢᠭᠤᠴᠠᠯᠭ᠎ᠠ      ᠡᠯ᠎ᠡ ᠰᠠᠯᠠᠭ᠎ᠠ ᠮᠥᠴᠢᠷ ᠤᠳ ᠬᠦᠴᠦ ᠪᠠᠨ ᠬᠠᠮᠲᠤᠳᠬᠠᠨ ᠬᠤᠷᠰᠢᠯᠴᠠᠵᠤ᠂ ᠪᠤᠭᠤᠳᠠᠶ᠂ ᠰᠢᠷ᠎ᠠ ᠪᠤᠷᠴᠠᠭ ᠵᠢᠴᠢ ᠰᠢᠷ᠎ᠠ ᠪᠤᠷᠴᠠᠭ ᠡᠷᠳᠡᠨᠢ ᠰᠢᠰᠢ ᠶᠢ ᠪᠦᠰᠡᠯᠢᠭ ᠨᠡᠶᠢᠯᠡᠮᠡᠯ ᠲᠠᠷᠢᠬᠤ ᠳᠤ ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠶᠢ ᠤᠷᠤᠭᠰᠢᠲᠠᠶ ᠪᠣᠳᠠᠲᠤ ᠭᠠᠵᠠᠷ ᠲᠤᠨᠢ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠨᠥᠬᠦᠪᠥᠷᠢ ᠶᠢᠨ ᠪᠡᠯᠡ ᠮᠥᠩᠭᠦ᠂ ᠬᠢᠨᠠᠨ ᠪᠠᠶᠢᠴᠠᠭᠠᠬᠤ ᠠᠵᠢᠯ ᠤᠨ ᠵᠠᠷᠤᠳᠠᠯ ᠢ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ︔ ᠲᠠᠷᠢᠶᠠᠯᠠᠩ ᠮᠠᠯ ᠠᠵᠤ ᠠᠬᠤᠶ ᠪᠣᠯᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠨᠢ ᠲᠠᠷᠢᠮᠠᠯ ᠳᠤ ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠪᠣᠯᠤᠨ ᠲᠤᠬᠠᠶᠢᠯᠠᠭᠰᠠᠨ ᠠᠵᠢᠯ ᠢ ᠵᠢᠯᠣᠭᠤᠳᠬᠤ ᠪᠠ ᠬᠢᠨᠠᠨ ᠬᠠᠮᠢᠶᠠᠷᠬᠤ ᠵᠢᠴᠢ ᠡᠳᠦᠷ ᠲᠤᠲᠤᠮ ᠤᠨ ᠵᠣᠬᠢᠴᠠᠭᠤᠯᠤᠨ ᠲᠣᠬᠢᠷᠠᠭᠤᠯᠬᠤ ᠵᠡᠷᠭᠡ ᠠᠵᠢᠯ ᠢ ᠬᠠᠷᠢᠭᠤᠴᠠᠨ ᠰᠠᠶᠢᠲᠤᠷ ᠬᠢᠬᠦ ᠬᠡᠷᠡᠭᠲᠡᠶ︔ ᠡᠯ᠎ᠡ ᠰᠤᠮᠤ ᠪᠠᠯᠭᠠᠰᠤ᠂ ᠲᠠᠷᠢᠶᠠᠯᠠᠩ ᠮᠠᠯᠵᠢᠯ ᠤᠨ ᠲᠠᠯᠠᠪᠠᠢ ᠲᠠᠷᠢᠮᠠᠯ ᠤᠨ ᠲᠠᠯᠠᠪᠠᠢ ᠶᠢ ᠳᠠᠩᠰᠠᠯᠠᠬᠤ᠂ ᠲᠠᠯᠠᠪᠠᠢ ᠶᠢ ᠬᠢᠨᠠᠨ ᠬᠠᠷᠭᠤᠭᠤᠯᠵᠤ ᠢᠯᠡ ᠨᠡᠶᠢᠲᠡᠯᠡᠬᠦ ᠵᠡᠷᠭᠡ ᠠᠵᠢᠯ ᠢ ᠬᠠᠷᠢᠭᠤᠴᠠᠨ ᠵᠣᠬᠢᠶᠠᠨ ᠪᠠᠶᠢᠭᠤᠯᠵᠤ ᠥᠷᠨᠢᠭᠦᠯᠦᠨ᠎ᠡ᠃     ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠠᠯᠪᠠᠨ ᠬᠡᠷ ᠤᠨ ᠬᠠᠷᠢᠯᠴᠠᠬᠤ ᠤᠲᠠᠰᠤ᠄ 3607022                                                           
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ