ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠨᠡᠶᠢᠲᠡᠯᠡᠯ — 2023 ᠣᠨ ᠤ ᠨᠢᠭᠡᠳᠦᠭᠡᠷ ᠬᠤᠭᠤᠴᠠᠭ᠎ᠠ ︵ᠭᠤᠷᠪᠠ︶
ᠨᠡᠶᠢᠲᠡᠯᠡᠭᠰᠡᠨ ᠴᠠᠭ᠄
2023/12/6
ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ 《 ᠤᠷᠠᠳ ᠤᠨ ᠡᠮᠦᠨᠡᠲᠦ ᠬᠤᠰᠢᠭᠤᠨ ᠤ 2022 — 2025 ᠣᠨ ᠤ ᠲᠠᠷᠢᠶᠠᠯᠠᠩ ᠤᠨ ᠰᠦᠯᠢᠶᠣᠣ ᠪᠦᠷᠬᠦᠪᠴᠢ ᠶᠢ ᠳᠠᠷᠤᠮᠠᠯᠯᠠᠨ ᠲᠠᠷᠬᠠᠭᠠᠬᠤ ᠲᠤᠬᠠᠶ  ᠡᠭᠡᠭᠦᠯᠦᠨ ᠬᠤᠷᠢᠶᠠᠬᠤ ᠠᠵᠢᠯ ᠤᠨ ᠲᠥᠰᠦᠯ》 ᠤᠨ ᠮᠡᠳᠡᠭᠳᠡᠯ              ᠤᠷᠠᠳ ᠵᠠᠰᠠᠭ ᠠᠯᠪᠠᠨ ᠲᠠᠷᠬᠠᠭᠠᠭᠰᠠᠨ 〔2023〕18 ᠳ᠋ᠤᠭᠠᠷ ᠲᠣᠭᠠᠲᠤᠡᠯ᠎ᠡ ᠰᠤᠮᠤ ᠪᠠᠯᠭᠠᠰᠤ᠂ ᠲᠠᠷᠢᠶᠠᠯᠠᠩ ᠮᠠᠯᠵᠢᠯ ᠤᠨ ᠲᠠᠯᠠᠪᠠᠢ᠂ ᠬᠤᠰᠢᠭᠤᠨ  ᠤ ᠬᠠᠷᠢᠶ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ᠄        ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠤᠳᠤᠯᠤᠨ ᠵᠥᠪᠰᠢᠶᠡᠷᠡᠯ ᠢᠶᠠᠷ᠂ ︽ᠤᠷᠠᠳ ᠤᠨ ᠡᠮᠦᠨᠡᠲᠦ ᠬᠤᠰᠢᠭᠤᠨ ᠤ 2022—2025 ᠣᠨ ᠤ ᠲᠠᠷᠢᠶᠠᠯᠠᠩ ᠤᠨ ᠰᠦᠯᠢᠶᠣᠣ ᠪᠦᠷᠬᠦᠪᠴᠢ ᠶᠢ ᠬᠤᠷᠢᠶᠠᠨ ᠠᠪᠬᠤ ᠠᠵᠢᠯ ᠤᠨ ᠲᠥᠰᠦᠯ︾ ᠢ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠨᠠᠷᠢᠨ ᠬᠢᠨᠠᠮᠠᠭᠠᠶ ᠰᠠᠶᠢᠲᠤᠷ ᠠᠳᠬᠤᠵᠤ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃                        ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                                2023 ᠣᠨ ᠤ 2 ᠰᠠᠷ᠎ᠠ ᠶᠢᠨ 24 ᠤ ᠡᠳᠦᠷ    ᠤᠷᠠᠳ ᠤᠨ ᠡᠮᠦᠨᠡᠲᠦ ᠬᠤᠰᠢᠭᠤᠨ ᠤ 2022—2025 ᠣᠨ ᠤ ᠲᠠᠷᠢᠶᠠᠯᠠᠩ ᠤᠨ ᠰᠦᠯᠢᠶᠣᠣ ᠪᠦᠷᠬᠦᠪᠴᠢ ᠶᠢ ᠬᠤᠷᠢᠶᠠᠨ ᠠᠪᠬᠤ ᠠᠵᠢᠯ ᠤᠨ ᠲᠥᠰᠦᠯ       ᠮᠠᠯ ᠠᠵᠤ ᠠᠬᠤᠶ ᠲᠠᠷᠢᠶᠠᠯᠠᠩ ᠤᠨ ᠪᠣᠬᠢᠷᠲᠤᠯ ᠥᠬᠡᠶ ᠬᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠬᠤ ᠶᠢᠨ ᠲᠥᠯᠥᠭᠡ᠂ ︽ᠤᠷᠠᠳ ᠤᠨ ᠡᠮᠦᠨᠡᠲᠦ ᠬᠤᠰᠢᠭᠤᠨ ᠤ ᠬᠤᠶᠠᠳᠤᠭᠠᠷ ᠡᠭᠡᠯᠵᠢ ᠶᠢᠨ ᠲᠥᠪ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠭᠰᠠᠨ ᠮᠡᠳᠡᠭᠦᠯᠦᠯᠲᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠴᠡᠭᠴᠡᠯᠡᠨ ᠰᠠᠶᠢᠵᠢᠷᠠᠭᠤᠯᠬᠤ ᠲᠥᠰᠦᠯ︾ ᠤᠨ ᠵᠣᠷᠢᠭ ᠰᠠᠨᠠᠭ᠎ᠠ ᠶᠢ ᠦᠨᠳᠦᠰᠦᠯᠡᠵᠦ᠂ ᠮᠠᠨ ᠤ ᠬᠤᠰᠢᠭᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠣᠰ ᠠᠵᠢᠯ ᠤᠨ ᠲᠥᠰᠦᠯ ᠢ ᠲᠣᠭᠲᠠᠭᠠᠪᠠ᠃      ᠨᠢᠭᠡ᠂ ᠠᠵᠢᠯ ᠤᠨ ᠬᠠᠷᠠᠯᠲᠠ       2022—2025 ᠣᠨ ᠳᠤ ᠪᠥᠬᠦ ᠬᠤᠰᠢᠭᠤᠨ ᠳᠤ ᠲᠠᠷᠢᠶᠠᠯᠠᠩ ᠤᠨ ᠰᠦᠯᠢᠶᠣᠣ ᠪᠦᠷᠬᠦᠪᠴᠢ ᠶᠢ ᠬᠤᠷᠢᠶᠠᠨ ᠠᠪᠬᠤ ᠲᠤᠰᠬᠠᠶ ᠠᠵᠢᠯᠯᠠᠭ᠎ᠠ ᠥᠷᠨᠢᠭᠦᠯᠵᠦ᠂ ᠲᠠᠷᠢᠶᠠᠨ ᠭᠠᠵᠠᠷ ᠤᠨ ᠬᠥᠷᠥᠰᠥ ᠰᠢᠷᠣᠶ ᠶᠢ ᠬᠠᠮᠠᠭᠠᠯᠠᠬᠤ ᠨᠥᠬᠦᠪᠥᠷᠢ ᠶᠢ ᠲᠠᠷᠢᠶᠠᠯᠠᠩ ᠤᠨ ᠰᠦᠯᠢᠶᠣᠣ ᠪᠦᠷᠬᠦᠪᠴᠢ ᠶᠢ ᠬᠤᠷᠢᠶᠠᠨ ᠠᠪᠬᠤ ᠲᠠᠢ ᠬᠤᠯᠪᠣᠭᠳᠠᠭᠤᠯᠬᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠪᠥᠬᠦ ᠠᠮᠢᠳᠤ ᠪᠣᠳᠠᠰ ᠤᠨ ᠵᠠᠳᠠᠷᠠᠯᠲᠠ ᠶᠢᠨ ᠰᠦᠯᠢᠶᠣᠣ ᠪᠦᠷᠬᠦᠪᠴᠢ ᠪᠠ ᠵᠤᠵᠠᠭᠠᠷᠠᠬᠤ ᠬᠦᠴᠦᠯᠡᠴᠡ ᠶᠡᠬᠡᠲᠡᠶ ᠲᠠᠷᠢᠶᠠᠯᠠᠩ ᠤᠨ ᠰᠦᠯᠢᠶᠣᠣ ᠪᠦᠷᠬᠦᠪᠴᠢ ᠶᠢ ᠶᠡᠭᠡ ᠪᠠᠷ ᠳᠡᠯᠭᠡᠷᠡᠭᠦᠯᠵᠦ᠂ ᠲᠠᠷᠢᠶᠠᠯᠠᠩ ᠤᠨ ᠰᠦᠯᠢᠶᠣᠣ ᠪᠦᠷᠬᠦᠪᠴᠢ ᠶᠢ ᠵᠤᠵᠠᠭᠠᠷᠠᠭᠤᠯᠬᠤ ᠶᠢ ᠪᠦᠬᠦᠨ ᠢ ᠬᠤᠷᠢᠶᠠᠨ ᠠᠪᠬᠤ᠂ ᠲᠠᠷᠢᠶᠠᠯᠠᠩ ᠤᠨ ᠰᠦᠯᠢᠶᠣᠣ ᠪᠦᠷᠬᠦᠪᠴᠢ ᠶᠢ ᠬᠤᠷᠢᠶᠠᠨ ᠠᠪᠴᠤ ᠡᠳ᠋ᠰᠢᠭᠦᠯᠦᠨ ᠠᠰᠢᠭᠯᠠᠬᠤ ᠰᠢᠰᠲ᠋ᠧᠮᠵᠢ ᠶᠢ ᠡᠳᠦᠷ ᠢᠷᠡᠬᠦᠶ᠎ᠡ ᠲᠡᠭᠦᠯᠳᠡᠷᠵᠢᠭᠦᠯᠦᠨ᠎ᠡ᠃ 2022 ᠣᠨ ᠳᠤ ᠪᠥᠬᠦ ᠬᠤᠰᠢᠭᠤᠨ ᠤ ᠲᠠᠷᠢᠶᠠᠯᠠᠩ ᠤᠨ ᠵᠤᠯᠤᠮ᠎ᠠ ᠶᠢᠨ ᠲᠣᠰ ᠤᠯᠠᠷᠢᠯ ᠤᠨ ᠪᠤᠴᠠᠭᠠᠨ ᠬᠤᠷᠢᠶᠠᠬᠤ ᠨᠣᠷᠮ᠎ᠠ ᠶᠢ 85 % ᠳᠤ ᠬᠦᠷᠭᠡᠵᠦ᠂ 2023—2025 ᠣᠨ ᠤ ᠲᠠᠷᠢᠶᠠᠯᠠᠩ ᠤᠨ ᠵᠤᠯᠤᠮ᠎ᠠ ᠶᠢᠨ ᠲᠣᠰ ᠤᠯᠠᠷᠢᠯ ᠤᠨ ᠪᠤᠴᠠᠭᠠᠨ ᠬᠤᠷᠢᠶᠠᠬᠤ ᠨᠣᠷᠮ᠎ᠠ ᠶᠢ 85% ᠠᠴᠠ ᠳᠡᠭᠡᠭᠰᠢ ᠳᠤ ᠲᠣᠭᠲᠠᠪᠤᠷᠢᠵᠢᠭᠤᠯᠵᠤ᠂ ᠲᠠᠷᠢᠶᠠᠨ ᠭᠠᠵᠠᠷ ᠤᠨ ︽ᠴᠠᠭᠠᠨ ᠪᠣᠬᠢᠷᠲᠤᠯ︾ ᠢ ᠪᠦᠲᠦᠮᠵᠢᠲᠡᠶ ᠬᠢᠵᠠᠭᠠᠷᠯᠠᠵᠤ᠂ ᠲᠠᠷᠢᠶᠠᠯᠠᠩ ᠤᠨ ᠵᠤᠯᠤᠮ᠎ᠠ ᠶᠢᠨ ᠦᠯᠡᠳᠡᠭᠳᠡᠯ ᠦᠨᠳᠦᠰᠦᠨ ᠳᠡᠭᠡᠨ ᠨᠡᠮᠡᠭᠳᠡᠬᠦ ᠥᠬᠡᠶ ᠪᠣᠯᠭᠠᠨ᠎ᠠ᠃       ᠬᠤᠶᠠᠷ᠂ ᠭᠤᠣᠯ ᠡᠭᠦᠷᠭᠡ        ︵ᠨᠢᠭᠡ︶ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠶᠢ ᠦᠷᠭᠦᠯᠵᠢᠯᠡᠨ ᠴᠢᠩᠭᠠᠷᠠᠭᠤᠯᠤᠨ᠎ᠠ᠃       ᠤᠯᠤᠰ ᠤᠨ ᠠᠯᠪᠠᠳᠠᠯᠭ᠎ᠠ ᠶᠢᠨ ᠴᠢᠨᠠᠷᠲᠠᠶ ᠪᠠᠷᠢᠮᠵᠢᠶ᠎ᠠ ︽ᠪᠥᠭᠡᠭᠡᠨᠡᠷᠡᠯ ᠡᠲ᠋ᠧᠨ ᠦᠯᠢᠶᠡᠵᠦ ᠱᠤᠭᠤᠬᠤ ᠲᠠᠷᠢᠶᠠᠯᠠᠩ ᠳᠤ ᠬᠡᠷᠡᠭᠯᠡᠬᠦ ᠭᠠᠵᠠᠷ ᠤᠨ ᠪᠦᠷᠬᠦᠭᠦᠯ ᠤᠨ ᠨᠢᠮᠭᠡᠨ ᠰᠦᠯᠢᠶᠣᠣ︾ ᠶᠢ ᠴᠢᠩᠭ᠎ᠠ ᠬᠡᠷᠡᠭᠵᠢᠭᠦᠯᠵᠦ᠂ ᠵᠤᠵᠠᠭᠠᠨ 0.01 ᠮᠢᠯᠢᠮᠧᠲᠷ ᠠᠴᠠ ᠨᠢᠮᠭᠡᠨ ᠰᠦᠯᠢᠶᠣᠣ ᠪᠦᠷᠬᠦᠪᠴᠢ ᠶᠢ  ᠦᠢᠯᠡᠳᠪᠦᠷᠢᠯᠡᠬᠦ᠂ ᠪᠣᠷᠣᠯᠠᠭᠤᠯᠬᠤ ᠪᠠ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ᠃ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠠᠷᠭ᠎ᠠ ᠬᠡᠮᠵᠢᠶ᠎ᠡ ᠠᠪᠴᠤ ᠪᠠᠶᠢᠭᠠᠳ ᠡᠷᠳᠡᠨᠢ ᠰᠢᠰᠢ᠂ ᠨᠡᠷᠡᠨ ᠬᠤᠸᠠᠷ᠂ ᠢᠳᠡᠰᠢᠨ ᠨᠣᠭᠤᠭ᠎ᠠ ᠵᠡᠷᠭᠡ ᠭᠤᠤᠯ ᠪᠣᠯᠬᠤ ᠪᠦᠷᠬᠦᠭᠦᠯᠲᠦ ᠲᠠᠷᠢᠮᠠᠯ ᠪᠣᠯᠤᠨ ᠰᠢᠷ᠎ᠠ ᠪᠤᠷᠴᠠᠭ ᠡᠷᠳᠡᠨᠢ ᠰᠢᠰᠢ ᠶᠢ ᠪᠦᠰᠡᠯᠢᠭ ᠬᠡᠯᠪᠡᠷᠢ ᠪᠠᠷ ᠨᠡᠶᠢᠯᠡᠭᠦᠯᠦᠨ ᠳᠠᠷᠢᠬᠤ ᠵᠡᠷᠭᠡ ᠵᠠᠭᠪᠤᠷ ᠲᠤ ᠴᠢᠭᠯᠡᠭᠦᠯᠦᠨ᠂ ᠪᠥᠬᠦ ᠠᠮᠢᠳᠤ ᠪᠣᠳᠠᠰ ᠤᠨ ᠵᠠᠳᠠᠷᠠᠭᠰᠠᠨ ᠰᠦᠯᠢᠶᠣᠣ ᠪᠦᠷᠬᠦᠪᠴᠢ ᠪᠣᠯᠤᠨ ᠵᠤᠵᠠᠭᠠᠷᠠᠭᠰᠠᠨ ᠬᠦᠴᠦᠯᠡᠴᠡ ᠶᠡᠬᠡᠲᠡᠶ ᠰᠦᠯᠢᠶᠣᠣ ᠪᠦᠷᠬᠦᠪᠴᠢ ᠶᠢ ᠳᠡᠯᠭᠡᠷᠡᠭᠦᠯᠦᠨ ᠬᠡᠷᠡᠭᠯᠡᠬᠦ ᠶᠢ ᠰᠢᠨᠵᠢᠯᠡᠬᠦ ᠤᠬᠠᠭᠠᠨᠴᠢ ᠪᠠᠷ ᠲᠦᠷᠭᠡᠳᠬᠡᠵᠦ᠂ ᠲᠠᠷᠢᠮᠠᠯ ᠤᠨ ᠪᠦᠲᠦᠴᠡ ᠶᠢ ᠳᠣᠭᠢᠷᠠᠭᠤᠯᠬᠤ ᠶᠢ ᠴᠢᠩᠭᠠᠳᠬᠠᠨ᠂ ᠡᠷᠳᠡᠨᠢ ᠰᠢᠰᠢ ᠶᠢ ᠪᠦᠷᠬᠦᠪᠴᠢ ᠥᠬᠡᠶ ᠪᠠᠷ ᠭᠦᠢᠬᠡᠨ ᠪᠤᠯᠠᠵᠤ ᠳᠤᠰᠤᠯᠭᠠᠨ ᠤᠰᠤᠯᠠᠬᠤ ᠮᠡᠷᠭᠡᠵᠢᠯ ᠵᠡᠷᠭᠡ ᠪᠦᠷᠬᠦᠪᠴᠢ ᠥᠬᠡᠶ ᠪᠠᠷ ᠳᠠᠷᠢᠬᠤ ᠲᠠᠷᠢᠮᠠᠯ ᠤᠨ ᠳᠡᠯᠭᠡᠷᠡᠭᠦᠯᠬᠦ ᠲᠠᠯᠠᠪᠠᠶ ᠶᠢ ᠨᠡᠮᠡᠭᠳᠡᠭᠦᠯᠦᠨ᠎ᠡ᠃       ︵ᠬᠤᠶᠠᠷ︶ ᠬᠤᠯᠪᠣᠭᠳᠠᠭᠤᠯᠬᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠲᠠᠷᠢᠶᠠᠨ ᠭᠠᠵᠠᠷ ᠤᠨ ᠭᠠᠵᠠᠷ ᠤᠨ ᠬᠦᠴᠦ ᠰᠢᠮ᠎ᠡ ᠶᠢ ᠬᠠᠮᠠᠭᠠᠯᠠᠬᠤ ᠨᠥᠬᠦᠪᠥᠷᠢ ᠶᠢᠨ ᠪᠠᠯᠠ ᠮᠥᠩᠭᠦ ᠶᠢ ᠤᠷᠮᠠᠰᠢᠭᠤᠯᠬᠤ ᠴᠢᠨᠠᠷᠲᠠᠶ ᠨᠥᠬᠦᠪᠥᠷᠢ ᠠᠴᠠ ᠴᠢᠳᠠᠮᠵᠢ ᠶᠢᠨ ᠴᠢᠨᠠᠷᠲᠠᠶ ᠨᠥᠬᠦᠪᠥᠷᠢ ᠳᠠᠰᠢ ᠬᠤᠪᠢᠷᠠᠭᠤᠯᠬᠤ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠶᠢ ᠣᠨᠣᠪᠴᠢᠲᠠᠶ ᠡᠵᠡᠮᠰᠢᠵᠦ᠂ ᠨᠥᠬᠦᠪᠥᠷᠢ ᠣᠯᠭᠤᠬᠤ ᠠᠷᠭ᠎ᠠ ᠮᠠᠶ᠋ᠢᠭ ᠪᠠ ᠴᠠᠭ ᠬᠤᠭᠤᠴᠠᠭ᠎ᠠ ᠶᠢ ᠳᠣᠭᠢᠷᠠᠭᠤᠯᠬᠤ ᠪᠠᠷ ᠳᠠᠮᠵᠢᠭᠤᠯᠤᠨ᠂ ᠪᠦᠷᠬᠦᠭᠦᠯ ᠪᠦᠷᠬᠦᠪᠴᠢ ᠲᠠᠢ ᠲᠠᠷᠢᠶᠠᠨ ᠭᠠᠵᠠᠷ ᠤᠨ ᠦᠯᠡᠳᠡᠭᠳᠡᠯ ᠪᠦᠷᠬᠦᠪᠴᠢ ᠶᠢ ᠲᠠᠷᠢᠶᠠᠨ ᠭᠠᠵᠠᠷ ᠠᠴᠠ ᠰᠠᠯᠭᠠᠬᠤ ᠶᠢ ᠬᠥᠲᠥᠯᠦᠨ ᠵᠢᠯᠣᠭᠤᠳᠴᠤ ᠠᠬᠢᠭᠤᠯᠤᠨ᠎ᠠ᠃ ᠮᠦ ᠪᠦᠷᠢ  ᠶᠢᠨ 25 ᠲᠥᠭᠦᠷᠢᠭ  ᠤᠨ ᠪᠠᠷᠢᠮᠵᠢᠶ᠎ᠠ ᠶᠣᠰᠣᠭᠠᠷ ᠲᠠᠷᠢᠶᠠᠨ ᠭᠠᠵᠠᠷ  ᠤᠨ ᠭᠠᠵᠠᠷ  ᠤᠨ ᠬᠦᠴᠦᠨ  ᠢ ᠬᠠᠮᠠᠭᠠᠯᠠᠬᠤ ᠨᠥᠬᠦᠪᠥᠷᠢ  ᠶᠢᠨ ᠪᠡᠯᠡ ᠮᠥᠩᠭᠦ  ᠶᠢ ᠤᠷᠢᠳᠴᠢᠯᠠᠨ ᠦᠯᠡᠳᠡᠭᠡᠵᠦ᠂ ᠳᠡᠭᠡᠷ᠎ᠡ ᠨᠢᠭᠡ ᠵᠢᠯ  ᠤᠨ ᠨᠠᠮᠤᠷ  ᠤᠨ ᠤᠯᠠᠷᠢᠯ᠂ ᠲᠤᠰ ᠵᠢᠯ  ᠤᠨ ᠬᠠᠪᠤᠷ  ᠤᠨ ᠤᠯᠠᠷᠢᠯ  ᠤᠨ ᠬᠤᠶᠠᠷ ᠴᠠᠭ ᠬᠤᠭᠤᠴᠠᠭᠠᠨ  ᠤ ᠰᠦᠯᠢᠶᠣᠣ ᠪᠦᠷᠬᠦᠪᠴᠢ  ᠶᠢ ᠡᠭᠡᠭᠦᠯᠦᠨ ᠬᠤᠷᠢᠶᠠᠬᠤ ᠵᠠᠩᠭᠢᠯᠠᠭ᠎ᠠ  ᠶᠢᠨ ᠬᠤᠭᠤᠴᠠᠭᠠᠨ  ᠤ ᠡᠭᠡᠭᠦᠯᠦᠨ ᠬᠤᠷᠢᠶᠠᠭᠰᠠᠨ ᠦᠷ᠎ᠡ ᠪᠦᠲᠦᠮᠵᠢ ᠯᠦᠭᠡ ᠬᠤᠯᠪᠣᠭᠳᠠᠭᠤᠯᠤᠨ᠎ᠠ᠃ ᠲᠠᠷᠢᠶᠠᠯᠠᠩ  ᠤᠨ ᠰᠢᠨᠵᠢᠯᠡᠬᠦ ᠤᠬᠠᠭᠠᠨ  ᠤ ᠰᠠᠯᠠᠭ᠎ᠠ ᠮᠥᠴᠢᠷ ᠬᠢᠭᠡᠳ ᠡᠯ᠎ᠡ ᠰᠤᠮᠤ ᠪᠠᠯᠭᠠᠰᠤ᠂ ᠲᠠᠷᠢᠶᠠᠯᠠᠩ ᠮᠠᠯᠵᠢᠯ  ᠤᠨ ᠲᠠᠯᠠᠪᠠᠢ ᠨᠤᠭᠤᠳ ᠬᠠᠤᠯᠢ ᠴᠠᠭᠠᠵᠠ ᠬᠠᠤᠯᠢ ᠲᠣᠭᠲᠠᠭᠠᠯ  ᠢ ᠤᠬᠠᠭᠤᠯᠤᠨ  ᠲᠤᠭᠤᠰᠢᠯᠠᠭᠤᠯᠬᠤ᠂ ᠲᠥᠷᠥ ᠶᠢᠨ ᠪᠤᠳᠤᠯᠭ᠎ᠠ ᠪᠠᠷ ᠬᠥᠳᠥᠯᠥᠨ ᠵᠢᠯᠣᠭᠤᠳᠬᠤ᠂ ᠪᠠᠷᠢᠮᠵᠢᠶ᠎ᠠ ᠶᠢ ᠬᠡᠮᠵᠢᠨ ᠪᠤᠳᠤᠬᠤ᠂ ᠲᠠᠯᠠᠪᠠᠢ ᠶᠢ ᠬᠢᠨᠠᠨ ᠲᠣᠭᠲᠠᠭᠠᠬᠤ᠂ ᠵᠠᠷᠯᠠᠨ ᠨᠡᠶᠢᠲᠡᠯᠡᠬᠦ ᠶᠢ ᠴᠢᠩᠭᠠᠳᠬᠠᠭᠰᠠᠨ ᠰᠠᠭᠤᠷᠢᠨ ᠳᠡᠭᠡᠷ᠎ᠡ᠂ ᠲᠠᠷᠢᠶᠠᠴᠢᠳ  ᠢ ᠢᠳᠡᠪᠬᠢᠲᠡᠢ ᠪᠠᠷ ᠬᠥᠳᠥᠯᠥᠨ ᠵᠢᠯᠣᠭᠤᠳᠴᠤ ᠪᠠᠶᠢᠭᠠᠳ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢ ᠡᠭᠡᠭᠦᠯᠦᠨ ᠬᠤᠷᠢᠶᠠᠵᠤ᠂ ᠦᠯᠡᠳᠡᠭᠳᠡᠯ ᠪᠦᠷᠬᠦᠪᠴᠢ ᠶᠢ ᠲᠠᠷᠢᠶᠠᠨ ᠭᠠᠵᠠᠷ ᠠᠴᠠ ᠰᠠᠯᠭᠠᠬᠤ ᠠᠷᠭ᠎ᠠ  ᠬᠡᠮᠵᠢᠶ᠎ᠡ ᠶᠢ ᠠᠪᠤᠭᠰᠠᠨ ᠥᠭᠡᠢ ᠪᠤᠶᠤ ᠲᠠᠷᠢᠶᠠᠨ ᠭᠠᠵᠠᠷ ᠠᠴᠠ ᠰᠠᠯᠤᠭᠰᠠᠨ ᠬᠠᠷᠢᠴᠠᠯ ᠨᠢ ᠱᠠᠭᠠᠷᠳᠠᠯᠭ᠎ᠠ ᠲᠤ ᠬᠥᠷᠥᠭᠰᠡᠨ ᠥᠭᠡᠢ ᠪᠣᠯ ᠨᠥᠬᠦᠪᠥᠷᠢ ᠶᠢᠨ ᠪᠡᠯᠡ ᠮᠥᠩᠭᠦ ᠶᠢ ᠬᠤᠶᠢᠰᠢᠯᠠᠭᠤᠯᠤᠨ ᠣᠯᠭᠤᠬᠤ ᠪᠤᠶᠤ ᠲᠥᠷ ᠵᠣᠭᠰᠣᠭᠠᠬᠤ ᠶᠢᠨ ᠬᠠᠮᠲᠤ ᠳᠠᠷᠦ᠋ᠢᠬᠠᠨ ᠴᠡᠭᠴᠡᠯᠡᠨ ᠰᠠᠶᠢᠵᠢᠷᠠᠭᠤᠯᠬᠤ ᠪᠠᠷ ᠱᠠᠭᠠᠷᠳᠠᠬᠤ ᠬᠡᠷᠡᠭᠲᠡᠢ᠃ ᠴᠡᠭᠴᠡᠯᠡᠨ ᠰᠠᠶᠢᠵᠢᠷᠠᠭᠤᠯᠬᠤ ᠥᠬᠡᠶ ᠪᠤᠶᠤ ᠴᠠᠭ ᠲᠤᠬᠠᠶ ᠳᠤᠨᠢ ᠴᠡᠭᠴᠡᠯᠡᠨ ᠰᠠᠶᠢᠵᠢᠷᠠᠭᠤᠯᠤᠭᠰᠠᠨ ᠥᠬᠡᠶ ᠂ ᠲᠦᠢᠯᠪᠤᠷᠢᠲᠠᠶ ᠴᠡᠭᠴᠡᠯᠡᠨ ᠰᠠᠶᠢᠵᠢᠷᠠᠭᠤᠯᠤᠭᠰᠠᠨ ᠥᠬᠡᠶ ᠪᠠᠶᠢᠪᠠᠯ ᠴᠠᠭ ᠲᠤᠬᠠᠶ ᠳᠤᠨᠢ ᠭᠡᠷᠡᠴᠢ ᠠᠪᠬᠤ ᠶᠢᠨ ᠬᠠᠮᠲᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠬᠠᠤᠯᠢ︾ ᠶᠢᠨ 88 ᠳ᠋ᠤᠭᠠᠷ ᠵᠦᠢᠯ ᠤᠨ ᠶᠣᠰᠣᠭᠠᠷ ᠬᠤᠰᠢᠭᠤᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠠᠴᠠ ᠰᠢᠳᠬᠡᠨ ᠲᠣᠷᠭᠠᠵᠤ᠂ ᠰᠢᠳᠬᠡᠨ ᠲᠣᠷᠭᠠᠭᠰᠠᠨ ᠤ ᠳᠠᠷᠠᠭ᠎ᠠ ᠵᠢᠯ ᠪᠦᠷᠢ ᠶᠢᠨ 6 ᠳ᠋ᠤᠭᠠᠷ ᠰᠠᠷ᠎ᠠ ᠶᠢᠨ 30 ᠤ ᠡᠳᠦᠷ ᠠᠴᠠ ᠡᠮᠦᠨ᠎ᠡ ᠲᠠᠷᠢᠶᠠᠨ ᠭᠠᠵᠠᠷ ᠤᠨ ᠬᠦᠴᠦ ᠰᠢᠮ᠎ᠡ ᠶᠢ ᠬᠠᠮᠠᠭᠠᠯᠠᠬᠤ ᠨᠥᠬᠦᠪᠥᠷᠢ ᠶᠢ ᠣᠯᠭᠤᠬᠤ ᠬᠡᠷᠡᠭᠲᠡᠶ᠃ᠰᠦᠯᠢᠶᠣᠣ ᠪᠦᠷᠬᠦᠪᠴᠢ ᠶᠢᠨ ᠲᠠᠷᠢᠶᠠᠨ ᠭᠠᠵᠠᠷ ᠠᠴᠠ ᠰᠠᠯᠬᠤ ᠪᠠᠷᠢᠮᠵᠢᠶ᠎ᠠ ᠳᠤ ᠬᠦᠷᠦᠭᠰᠡᠨ᠂ ᠰᠦᠯᠢᠶᠣᠣ ᠪᠦᠷᠬᠦᠪᠴᠢ ᠬᠡᠷᠡᠭᠯᠡᠭᠰᠡᠨ ᠥᠬᠡᠶ ᠪᠤᠶᠤ ᠠᠮᠢᠳᠤ ᠪᠣᠳᠠᠰ ᠤᠨ ᠵᠠᠳᠠᠷᠠᠨ ᠰᠠᠷᠨᠢᠭᠰᠠᠨ ᠰᠦᠯᠢᠶᠣᠣ ᠪᠦᠷᠬᠦᠪᠴᠢ ᠶᠢ ᠬᠡᠷᠡᠭᠯᠡᠭᠰᠡᠨ ᠲᠠᠷᠢᠶᠠᠴᠢᠨ ᠡᠷᠦᠬᠡ ᠳᠤ ᠴᠠᠭ ᠲᠤᠬᠠᠶ ᠳᠤᠨᠢ ᠨᠥᠬᠦᠪᠥᠷᠢ ᠶᠢ ᠨᠢ ᠣᠯᠭᠤᠵᠤ᠂ ᠲᠠᠷᠢᠶᠠᠴᠢᠨ ᠡᠷᠦᠬᠡ ᠶᠢ ᠬᠥᠲᠥᠯᠥᠨ ᠵᠢᠯᠣᠭᠤᠳᠴᠤ ᠪᠠᠶᠢᠭᠠᠳ ᠨᠥᠬᠦᠪᠥᠷᠢ ᠶᠢᠨ ᠪᠠᠯᠠ ᠮᠥᠩᠭᠦ ᠶᠢ ᠦᠯᠡᠳᠡᠭᠳᠡᠯ ᠰᠦᠯᠢᠶᠣᠣ ᠪᠦᠷᠬᠦᠪᠴᠢ ᠶᠢᠨ ᠲᠠᠷᠢᠶᠠᠨ ᠭᠠᠵᠠᠷ ᠠᠴᠠ ᠰᠠᠯᠬᠤ ᠪᠤᠶᠤ ᠲᠤᠰᠬᠠᠶᠢᠵᠢᠭᠰᠠᠨ ᠪᠤᠴᠠᠭᠠᠨ ᠬᠤᠷᠢᠶᠠᠬᠤ  ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠳᠤ ᠨᠠᠶᠢᠳᠠᠵᠤ ᠲᠠᠷᠢᠶᠠᠨ ᠭᠠᠵᠠᠷ ᠠᠴᠠ ᠨᠢᠭᠡᠳᠦᠯᠲᠡᠶ ᠰᠠᠯᠭᠠᠯᠭᠠᠬᠤ ᠬᠡᠷᠡᠭᠲᠡᠶ᠃       ︵ᠭᠤᠷᠪᠠ︶ ᠪᠠᠬᠢᠯᠡᠯᠲᠡ ᠰᠢᠪᠲᠤᠯᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠬᠦ ᠬᠡᠷᠡᠭᠲᠡᠶ᠃      ᠵᠢᠯ ᠪᠦᠷᠢ ᠶᠢᠨ 10 ᠰᠠᠷ᠎ᠠ ᠠᠴᠠ ᠳᠠᠷᠠᠭ᠎ᠠ ᠵᠢᠯ ᠤᠨ 5 ᠰᠠᠷ᠎ᠠ ᠪᠣᠯ ᠰᠦᠯᠢᠶᠣᠣ ᠪᠦᠷᠬᠦᠪᠴᠢ ᠶᠢᠨ ᠲᠠᠷᠢᠶᠠᠨ ᠭᠠᠵᠠᠷ ᠠᠴᠠ ᠰᠠᠯᠬᠤ ᠭᠤᠤᠯ ᠬᠤᠭᠤᠴᠠᠭ᠎ᠠ ᠪᠣᠯᠤᠨ᠎ᠠ᠂ ᠡᠨᠡ ᠬᠤᠭᠤᠴᠠᠭᠠᠨ ᠳᠤ᠂ ᠡᠯ᠎ᠡ ᠰᠤᠮᠤ ᠪᠠᠯᠭᠠᠰᠤ᠂ ᠲᠠᠷᠢᠶᠠᠯᠠᠩ ᠮᠠᠯᠵᠢᠯ ᠤᠨ ᠲᠠᠯᠠᠪᠠᠶ ᠨᠢ ᠤᠷᠢᠳᠴᠢᠯᠠᠨ ᠡᠭᠦᠷᠭᠡ ᠬᠠᠷᠠᠯᠲᠠ ᠪᠠᠨ ᠲᠣᠭᠲᠠᠭᠠᠵᠤ᠂ ᠪᠠᠷᠢᠯᠭ᠎ᠠ ᠶᠢᠨ ᠬᠤᠭᠤᠴᠠᠭ᠎ᠠ ᠶᠢ ᠲᠣᠩᠭᠤᠷᠠᠭᠤᠯᠤᠨ ᠵᠢᠭᠰᠠᠭᠠᠵᠤ᠂ ᠴᠠᠭ ᠲᠣᠬᠢᠶᠠᠯ ᠢ ᠠᠮᠵᠢᠵᠤ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠰᠠᠯᠠᠭ᠎ᠠ ᠮᠥᠴᠢᠷ ᠨᠢ ᠵᠣᠬᠢᠴᠠᠭᠤᠯᠤᠨ ᠵᠢᠯᠣᠭᠤᠳᠬᠤ ᠪᠠᠨ ᠴᠢᠩᠭᠠᠳᠬᠠᠵᠤ᠂ ᠪᠥᠬᠦ ᠣᠷᠣᠨ ᠪᠦᠰᠡ ᠶᠢᠨ ᠰᠦᠯᠢᠶᠣᠣ ᠪᠦᠷᠬᠦᠪᠴᠢ ᠶᠢ ᠬᠤᠷᠢᠶᠠᠨ ᠠᠪᠬᠤ ᠰᠢᠪᠲᠤᠯᠤᠯᠲᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠦᠯᠢᠶᠣᠣ ᠪᠦᠷᠬᠦᠪᠴᠢ ᠶᠢᠨ ᠲᠠᠷᠢᠶᠠᠨ ᠭᠠᠵᠠᠷ ᠠᠴᠠ ᠰᠠᠯᠬᠤ ᠡᠭᠦᠷᠭᠡ ᠶᠢ ᠤᠷᠤᠭᠰᠢᠲᠠᠶ ᠪᠡᠶᠡᠯᠡᠭᠦᠯᠵᠦ᠂ 2023 ᠣᠨ— 2025 ᠣᠨ ᠤ ᠪᠥᠬᠦ ᠬᠤᠰᠢᠭᠤᠨ ᠤ ᠰᠦᠯᠢᠶᠣᠣ ᠪᠦᠷᠬᠦᠪᠴᠢ ᠶᠢᠨ ᠲᠣᠰ ᠤᠯᠠᠷᠢᠯ ᠤᠨ ᠬᠤᠷᠢᠶᠠᠨ ᠠᠪᠬᠤ ᠨᠣᠷᠮ᠎ᠠ ᠶᠢ 85 % ᠠᠴᠠ ᠳᠡᠭᠡᠭᠰᠢ ᠲᠣᠭᠲᠠᠭᠤᠨ ᠪᠠᠶᠢᠯᠭᠠᠬᠤ ᠶᠢ ᠦᠨᠡᠨ ᠬᠦ ᠪᠠᠲᠤᠯᠠᠬᠤ ᠬᠡᠷᠡᠭᠲᠡᠶ᠃       ᠮᠧᠬᠠᠨᠢᠭ ᠢᠶᠠᠷ ᠲᠠᠷᠢᠶᠠᠨ ᠠᠴᠠ ᠰᠠᠯᠬᠤ ᠶᠢ ᠳᠡᠯᠭᠡᠷᠡᠭᠦᠯᠬᠦ᠃ ᠡᠭᠡᠭᠦᠯᠦᠨ ᠬᠤᠷᠢᠶᠠᠬᠤ ᠮᠠᠰᠢᠨ ᠲᠠᠢ ᠲᠠᠷᠢᠶᠠᠯᠠᠬᠤ ᠡᠷᠦᠬᠡ ᠶᠢ ᠢᠳᠡᠪᠬᠢᠲᠡᠶ ᠪᠠᠷ ᠳᠠᠶᠢᠴᠢᠯᠠᠨ ᠰᠦᠯᠢᠶᠣᠣ ᠪᠦᠷᠬᠦᠪᠴᠢ ᠶᠢᠨ ᠮᠠᠰᠢᠨ ᠡᠭᠡᠭᠦᠯᠦᠨ ᠬᠤᠷᠢᠶᠠᠬᠤ ᠮᠡᠷᠭᠡᠵᠢᠯ ᠢ ᠬᠡᠷᠡᠭᠯᠡᠭᠦᠯᠵᠦ᠂ ᠮᠠᠰᠢᠨ ᠡᠭᠡᠭᠦᠯᠦᠨ ᠬᠤᠷᠢᠶᠠᠬᠤ  ᠦᠢᠯᠡᠴᠢᠯᠡᠭᠡᠨ ᠢ ᠥᠷᠨᠢᠭᠦᠯᠵᠦ᠂ ᠬᠥᠮᠦᠨ ᠤ ᠬᠦᠴᠦ ᠪᠠᠷ ᠲᠡᠭᠦᠵᠦ ᠠᠪᠬᠤ ᠬᠥᠳᠡᠯᠮᠦᠷᠢ ᠶᠢᠨ ᠡᠷᠴᠢᠮ ᠢ ᠪᠠᠭᠤᠷᠠᠭᠤᠯᠬᠤ ᠬᠡᠷᠡᠭᠲᠡᠶ᠃ ᠰᠦᠯᠢᠶᠣᠣ ᠪᠦᠷᠬᠦᠪᠴᠢ ᠶᠢ ᠰᠢᠨᠵᠢᠯᠡᠬᠦ ᠤᠬᠠᠭᠠᠨᠴᠢ ᠪᠠᠷ ᠬᠡᠷᠡᠭᠯᠡᠵᠦ ᠡᠭᠡᠭᠦᠯᠦᠨ ᠬᠤᠷᠢᠶᠠᠬᠤ ᠲᠤᠷᠰᠢᠯᠲᠠ ᠶᠢᠨ ᠴᠡᠭ ᠤᠨ ᠲᠥᠷᠥᠯ ᠵᠦᠢᠯ ᠲᠠᠢ ᠤᠶᠠᠯᠳᠤᠭᠤᠯᠤᠨ᠂ ᠬᠠᠮᠢᠶ᠎ᠠ ᠪᠥᠬᠦᠶ ᠰᠦᠯᠢᠶᠣᠣ ᠪᠦᠷᠬᠦᠪᠴᠢ ᠶᠢ ᠡᠭᠡᠭᠦᠯᠦᠨ ᠬᠤᠷᠢᠶᠠᠬᠤ ᠮᠠᠰᠢᠨ ᠪᠠᠭᠠᠵᠢ ᠳᠤ ᠨᠥᠬᠦᠪᠥᠷᠢ ᠥᠭᠬᠦ ᠡᠷᠴᠢᠮ ᠢᠶᠠᠨ ᠴᠢᠩᠭᠠᠷᠠᠭᠤᠯᠤᠨ᠎ᠠ᠃ ᠵᠤᠵᠠᠭᠠᠷᠠᠬᠤ ᠬᠦᠴᠦᠯᠡᠴᠡ ᠶᠡᠬᠡᠲᠡᠶ ᠰᠦᠯᠢᠶᠣᠣ ᠪᠦᠷᠬᠦᠪᠴᠢ ᠶᠢ ᠮᠧᠬᠠᠨᠢᠭᠵᠢᠭᠤᠯᠤᠨ ᠪᠤᠴᠠᠭᠠᠨ ᠬᠤᠷᠢᠶᠠᠬᠤ ᠶᠢ ᠪᠥᠬᠦ ᠲᠠᠯ᠎ᠠ ᠪᠠᠷ ᠠᠬᠢᠭᠤᠯᠵᠤ᠂ ᠪᠤᠴᠠᠭᠠᠨ ᠬᠤᠷᠢᠶᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃       ᠪᠤᠴᠠᠭᠠᠨ ᠬᠤᠷᠢᠶᠠᠬᠤ ᠠᠷᠭ᠎ᠠ ᠵᠠᠮ ᠢ ᠰᠢᠯᠤᠭᠤᠳᠬᠠᠨ᠎ᠠ᠃  ᠦᠢᠯᠡᠳᠪᠦᠷᠢᠯᠡᠵᠦ ᠪᠣᠷᠣᠯᠠᠭᠤᠯᠬᠤ ᠠᠵᠤ ᠠᠬᠤᠶᠢᠯᠠᠯ᠂ ᠦᠯᠡᠳᠡᠭᠳᠡᠯ ᠪᠦᠷᠬᠦᠪᠴᠢ ᠶᠢ ᠡᠭᠡᠭᠦᠯᠦᠨ ᠬᠤᠷᠢᠶᠠᠵᠤ ᠠᠰᠢᠭᠯᠠᠬᠤ ᠠᠵᠤ ᠠᠬᠤᠶᠢᠯᠠᠯ᠂ ᠲᠤᠰᠬᠠᠶ ᠬᠤᠷᠰᠢᠶᠠᠵᠢᠯ᠂ ᠰᠤᠮᠤ ᠪᠠᠯᠭᠠᠰᠤ᠂ ᠭᠠᠴᠠᠭ᠎ᠠ ᠲᠣᠰᠬᠤᠨ᠂ ᠥᠷᠭᠡᠨ ᠣᠯᠠᠨ ᠮᠠᠯᠴᠢᠨ ᠲᠠᠷᠢᠶᠠᠴᠢᠨ ᠵᠡᠷᠭᠡ ᠪᠠᠷ ᠭᠤᠤᠯ ᠬᠦᠴᠦᠨ ᠪᠣᠯᠭᠠᠵᠤ᠂ ᠦᠯᠡᠳᠡᠭᠳᠡᠯ ᠪᠦᠷᠬᠦᠪᠴᠢ ᠶᠢ ᠬᠤᠳᠠᠯᠳᠤᠨ ᠠᠪᠬᠤ ᠲᠤᠤᠷ ᠴᠡᠭ ᠢ ᠪᠠᠶᠢᠭᠤᠯᠤᠨ ᠪᠦᠷᠢᠨᠰᠢᠭᠦᠯᠦᠨ᠎ᠡ᠃ ︽ᠬᠡᠨ ᠬᠡᠷᠡᠭᠯᠡᠪᠡᠯ ᠲᠡᠷᠡ ᠡᠭᠡᠭᠦᠯᠦᠨ ᠬᠤᠷᠢᠶᠠᠬᠤ︾ ᠵᠠᠷᠴᠢᠮ ᠤᠨ ᠶᠣᠰᠣᠭᠠᠷ᠂ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢ ᠴᠠᠭ ᠲᠤᠬᠠᠶ ᠳᠤᠨᠢ ᠲᠡᠭᠦᠵᠦ ᠴᠤᠭᠯᠠᠭᠤᠯᠤᠨ᠂ ᠰᠦᠯᠢᠶᠣᠣ ᠪᠦᠷᠬᠦᠪᠴᠢ ᠶᠢ ᠡᠭᠡᠭᠦᠯᠦᠨ ᠬᠤᠷᠢᠶᠠᠬᠤ ᠲᠤᠤᠷ  ᠴᠡᠭ ᠪᠤᠶᠤ ᠬᠥᠳᠡᠭᠡ ᠲᠣᠰᠬᠤᠨ ᠤ ᠠᠮᠢᠳᠤᠷᠠᠯ ᠤᠨ ᠬᠤᠭ ᠨᠣᠪᠰᠢ ᠡᠭᠡᠭᠦᠯᠦᠨ ᠬᠤᠷᠢᠶᠠᠬᠤ ᠴᠢᠬ ᠲᠤ ᠣᠶᠢᠷ᠎ᠠ ᠬᠠᠪᠢ ᠳᠤᠨᠢ ᠣᠪᠣᠭᠠᠯᠠᠵᠤ ᠲᠠᠯᠪᠢᠨ᠎ᠠ᠂ ᠳᠤᠷ᠎ᠠ ᠪᠠᠷ ᠢᠶᠠᠨ ᠬᠠᠶᠠᠬᠤ ᠪᠤᠶᠤ ᠪᠤᠯᠠᠬᠤ ᠶᠢ ᠴᠠᠭᠠᠵᠠᠯᠠᠨ᠎ᠠ᠃ ᠰᠦᠯᠢᠶᠣᠣ ᠪᠦᠷᠬᠦᠪᠴᠢ ᠶᠢ ᠳᠡᠯᠭᠡᠷᠡᠭᠦᠯᠦᠨ ᠬᠡᠷᠡᠭᠯᠡᠬᠦ ᠶᠢ ᠪᠤᠴᠠᠭᠠᠨ ᠬᠤᠷᠢᠶᠠᠵᠤ ᠨᠥᠬᠦᠪᠥᠷᠢᠯᠡᠬᠦ ᠯᠦᠭᠡ ᠬᠤᠯᠪᠣᠭᠳᠠᠭᠤᠯᠬᠤ ᠲᠣᠭᠲᠠᠴᠠ ᠶᠢ ᠰᠦᠪᠡᠭᠴᠢᠯᠡᠬᠦ ᠶᠢ ᠵᠣᠷᠢᠭᠵᠢᠭᠤᠯᠵᠤ᠂ ᠰᠦᠯᠢᠶᠣᠣ ᠪᠦᠷᠬᠦᠪᠴᠢ ᠶᠢ ᠪᠤᠴᠠᠭᠠᠨ ᠬᠤᠷᠢᠶᠠᠵᠤ ᠡᠳ᠋ᠰᠢᠭᠦᠯᠬᠦ ᠠᠵᠢᠯ ᠢ ᠡᠷᠭᠢᠯᠡᠵᠦ ᠪᠥᠬᠦᠶ ᠨᠡᠶᠢᠭᠡᠮᠴᠢᠯᠡᠭᠰᠡᠨ  ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠪᠠ ᠠᠵᠤ ᠠᠬᠤᠶᠢᠯᠠᠯ ᠢ ᠲᠡᠳᠬᠦᠨ ᠳᠡᠮᠵᠢᠵᠦ᠂ ᠪᠤᠴᠠᠭᠠᠨ ᠬᠤᠷᠢᠶᠠᠵᠤ ᠡᠳ᠋ᠰᠢᠭᠦᠯᠬᠦ ᠰᠢᠰᠲ᠋ᠧᠮᠵᠢ ᠶᠢᠨ ᠪᠦᠷᠢᠯᠳᠦᠬᠦ ᠶᠢ ᠠᠬᠢᠭᠤᠯᠤᠨ᠎ᠠ᠃ ᠲᠤᠰᠬᠠᠶᠢᠵᠢᠭᠰᠠᠨ  ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ ᠶᠡᠬᠡᠪᠡᠷ ᠪᠤᠶᠢᠵᠢᠭᠤᠯᠵᠤ᠂ ᠬᠠᠭᠤᠴᠢᠨ ᠢᠶᠠᠷ ᠰᠢᠨ᠎ᠡ ᠶᠢ ᠰᠣᠯᠢᠬᠤ᠂ ᠡᠵᠡᠩᠨᠡᠯᠲᠡ ᠶᠢᠨ ᠭᠤᠤᠯ ᠴᠣᠭᠴᠠ ᠶᠢ ᠳᠡᠭᠡᠭᠰᠢ ᠲᠤᠰᠢᠶᠠᠬᠤ᠂ ᠭᠤᠷᠪᠠᠳᠠᠬᠢ ᠡᠲᠡᠭᠡᠳ ᠤᠨ ᠪᠠᠶᠢᠭᠤᠯᠤᠮᠵᠢ ᠶᠢ ᠡᠭᠡᠭᠦᠯᠦᠨ ᠬᠤᠷᠢᠶᠠᠬᠤ ᠵᠡᠷᠭᠡ ᠣᠯᠠᠨ ᠡᠰᠢᠵᠢᠭᠰᠡᠨ ᠡᠭᠡᠭᠦᠯᠦᠨ ᠬᠤᠷᠢᠶᠠᠬᠤ ᠲᠣᠭᠲᠠᠴᠠ ᠶᠢ ᠠᠯᠬᠤᠮ ᠠᠯᠬᠤᠮ ᠢᠶᠠᠷ ᠪᠠᠶᠢᠭᠤᠯᠵᠤ᠂ ᠲᠠᠷᠢᠶᠠᠨ ᠭᠠᠵᠠᠷ ᠠᠴᠠ ᠡᠭᠡᠭᠦᠯᠦᠨ ᠬᠤᠷᠢᠶᠠᠵᠤ ᠰᠢᠶ᠋ᠳᠪᠦᠷᠢᠯᠡᠬᠦ ᠠᠵᠤ ᠠᠬᠤᠶᠢᠯᠠᠯ ᠬᠦᠷᠲᠡᠯᠡᠬᠢ ᠪᠥᠬᠦ ᠬᠡᠯᠬᠢᠶᠡᠰᠦ ᠶᠢᠨ ᠰᠦᠯᠢᠶᠣᠣ ᠪᠦᠷᠬᠦᠪᠴᠢ ᠶᠢ ᠬᠡᠷᠡᠭᠯᠡᠵᠦ ᠡᠭᠡᠭᠦᠯᠦᠨ ᠬᠤᠷᠢᠶᠠᠵᠤ ᠰᠢᠶ᠋ᠳᠪᠦᠷᠢᠯᠡᠬᠦ ᠠᠷᠭ᠎ᠠ ᠵᠠᠮ ᠢ ᠪᠠᠶᠢᠭᠤᠯᠤᠨ᠎ᠠ᠃       ︵ᠳᠥᠷᠪᠡ︶ ᠡᠬᠡ ᠲᠠᠩᠰᠠ ᠶᠢᠨ ᠪᠠᠶᠢᠭᠤᠯᠤᠯᠲᠠ ᠶᠢ ᠵᠡᠷᠭᠡᠪᠡᠷ ᠠᠬᠢᠭᠤᠯᠤᠨ᠎ᠠ᠃       ᠲᠣᠰᠬᠤᠨ ᠳᠤᠭᠤᠶᠢᠯᠠᠩ᠂ ᠪᠠᠯᠭᠠᠰᠤ᠂ ᠬᠤᠰᠢᠭᠤ ᠭᠤᠷᠪᠠᠨ ᠱᠠᠲᠤᠨ ᠤ ᠰᠦᠯᠢᠶᠣᠣ ᠪᠦᠷᠬᠦᠪᠴᠢ ᠶᠢᠨ ᠬᠡᠷᠡᠭᠯᠡᠯᠲᠡ ᠶᠢᠨ ᠬᠤᠷᠢᠶᠠᠨ ᠠᠪᠬᠤ ᠬᠠᠮᠢᠶᠠᠷᠤᠯᠲᠠ ᠶᠢᠨ ᠡᠬᠡ ᠳᠠᠩᠰᠠ ᠶᠢ ᠪᠠᠶᠢᠭᠤᠯᠤᠨ ᠲᠡᠭᠦᠯᠳᠡᠷᠵᠢᠭᠦᠯᠵᠦ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠰᠠᠯᠠᠭ᠎ᠠ ᠮᠥᠴᠢᠷ ᠨᠢ ᠰᠤᠮᠤ ᠪᠠᠯᠭᠠᠰᠤ ᠂ ᠲᠠᠷᠢᠶᠠᠯᠠᠩ ᠮᠠᠯᠵᠢᠯ ᠤᠨ ᠲᠠᠯᠠᠪᠠᠢ ᠲᠠᠢ ᠬᠠᠮᠲᠤᠷᠠᠨ ᠲᠠᠷᠢᠶᠠᠯᠠᠩ ᠤᠨ  ᠦᠢᠯᠡᠳᠪᠦᠷᠢᠯᠡᠯ ᠤᠨ ᠠᠵᠤ ᠠᠬᠤᠶᠢᠯᠠᠯ᠂ ᠲᠤᠰᠬᠠᠶ ᠬᠤᠷᠰᠢᠶ᠎ᠠ᠂ ᠲᠠᠷᠢᠮᠠᠯ ᠤᠨ ᠲᠣᠮᠣ ᠡᠷᠦᠬᠡ ᠵᠡᠷᠭᠡ ᠶᠢ ᠰᠢᠮᠳᠠᠭᠤᠯᠤᠨ ᠵᠢᠯᠣᠭᠤᠳᠴᠤ ᠪᠠᠶᠢᠭᠠᠳ ᠰᠦᠯᠢᠶᠣᠣ ᠪᠦᠷᠬᠦᠪᠴᠢ ᠶᠢᠨ ᠡᠬᠡ ᠳᠠᠩᠰᠠ ᠶᠢ ᠪᠠᠶᠢᠭᠤᠯᠤᠨ ᠲᠡᠭᠦᠯᠳᠡᠷᠵᠢᠭᠦᠯᠵᠦ᠂ ᠲᠠᠷᠢᠶᠠᠯᠠᠩ ᠤᠨ ᠰᠦᠯᠢᠶᠣᠣ ᠪᠦᠷᠬᠦᠪᠴᠢ ᠶᠢᠨ ᠬᠤᠷᠢᠶᠠᠨ ᠠᠪᠬᠤ ᠲᠤᠤᠷ  ᠴᠡᠭ ᠪᠠ ᠬᠤᠷᠢᠶᠠᠨ ᠠᠪᠴᠤ ᠳᠠᠬᠢᠨ ᠠᠰᠢᠭᠯᠠᠬᠤ ᠠᠵᠤ ᠠᠬᠤᠶᠢᠯᠠᠯ ᠤᠳ ᠴᠤ ᠬᠤᠷᠢᠶᠠᠨ ᠠᠪᠴᠤ ᠠᠰᠢᠭᠯᠠᠬᠤ ᠡᠬᠡ ᠳᠠᠩᠰᠠ ᠶᠢ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠶ᠃ ᠲᠠᠷᠢᠶᠠᠯᠠᠩ ᠳᠤ ᠬᠡᠷᠡᠭᠯᠡᠬᠦ ᠬᠠᠯᠢᠰᠤᠯᠢᠭ ᠡᠭᠡᠭᠦᠯᠦᠨ ᠬᠤᠷᠢᠶᠠᠬᠤ ᠡᠬᠡ ᠲᠠᠩᠰᠠ ᠶᠢᠨ ᠠᠭᠤᠯᠭ᠎ᠠ ᠳᠤ ᠡᠭᠡᠭᠦᠯᠦᠨ ᠬᠤᠷᠢᠶᠠᠭᠰᠠᠨ ᠡᠳᠦᠷ ᠬᠤᠭᠤᠴᠠᠭ᠎ᠠ᠂ ᠬᠠᠯᠢᠰᠤᠯᠢᠭ ᠲᠥᠷᠥᠯ ᠵᠦᠢᠯ ︵ᠰᠦᠯᠢᠶᠣᠣ ᠪᠦᠷᠬᠦᠪᠴᠢ ᠪᠠ ᠫᠧᠩ ᠤᠨ ᠪᠦᠷᠬᠦᠪᠴᠢ︶᠂ ᠬᠠᠯᠢᠰᠤᠯᠢᠭ ᠤᠨ ᠬᠡᠪ ᠪᠠᠷᠢᠮᠵᠢᠶ᠎ᠠ᠂ ᠳᠡᠭᠡᠭᠰᠢ ᠲᠤᠰᠢᠶᠠᠬᠤ ᠬᠦᠨᠳᠦ ᠶᠢᠨ ᠬᠡᠮᠵᠢᠶ᠎ᠡ᠂ ᠪᠣᠳᠠᠲᠠᠶ ᠬᠦᠨᠳᠦ ᠶᠢᠨ ᠬᠡᠮᠵᠢᠶ᠎ᠡ᠂ ᠵᠣᠭᠤᠰ ᠤᠨ ᠲᠤᠭ᠎ᠠ᠂ ᠲᠤᠰᠢᠶᠠᠬᠤ ᠬᠠᠯᠢᠰᠤ ︵ᠭᠤᠤᠯ ᠴᠣᠭᠴᠠ ᠶᠢᠨ ᠨᠡᠷᠡᠶᠢᠳᠦᠯ︶᠂ ᠳᠠᠷᠢᠬᠤ ᠭᠠᠵᠠᠷ᠂ ᠬᠠᠷᠢᠯᠴᠠᠬᠤ ᠠᠷᠭ᠎ᠠ ᠮᠠᠶ᠋ᠢᠭ᠂ ᠭᠠᠷ ᠤᠨ ᠥᠰᠥᠭ ᠵᠢᠷᠤᠬᠤ ᠵᠡᠷᠭᠡ ᠠᠭᠤᠯᠭ᠎ᠠ ᠶᠢ ᠪᠠᠭᠲᠠᠭᠠᠬᠤ ᠬᠡᠷᠡᠭᠲᠡᠶ︔ ᠲᠠᠷᠢᠶᠠᠯᠠᠩ ᠳᠤ ᠬᠡᠷᠡᠭᠯᠡᠬᠦ ᠨᠢᠮᠭᠡᠨ ᠰᠦᠯᠢᠶᠣᠣ ᠶᠢᠨ ᠰᠢᠯᠵᠢᠭᠦᠯᠦᠨ ᠲᠡᠭᠡᠭᠡᠪᠦᠷᠢᠯᠡᠬᠦ ᠡᠬᠡ ᠲᠠᠩᠰᠠ ᠶᠢᠨ ᠠᠭᠤᠯᠭ᠎ᠠ ᠳᠤ ᠰᠢᠯᠵᠢᠭᠦᠯᠦᠨ ᠲᠡᠭᠡᠭᠡᠪᠦᠷᠢᠯᠡᠬᠦ ᠡᠳᠦᠷ ᠬᠤᠭᠤᠴᠠᠭ᠎ᠠ᠂ ᠰᠢᠯᠵᠢᠭᠦᠯᠦᠨ ᠲᠡᠭᠡᠭᠡᠪᠦᠷᠢᠯᠡᠬᠦ ᠬᠡᠮᠵᠢᠶ᠎ᠡ ︵ᠰᠦᠯᠢᠶᠣᠣ ᠪᠦᠷᠬᠦᠪᠴᠢ ᠪᠠ ᠫᠧᠩ ᠪᠦᠷᠬᠦᠪᠴᠢ︶ ᠶᠢ ᠬᠠᠮᠤᠷᠴᠤ᠂ ᠰᠢᠯᠵᠢᠭᠦᠯᠦᠨ ᠲᠡᠭᠡᠭᠡᠪᠦᠷᠢᠯᠡᠬᠦ ᠠᠷᠭ᠎ᠠ ᠵᠠᠮ ᠳᠤ ᠬᠤᠷᠢᠶᠠᠨ ᠠᠪᠬᠤ ᠲᠤᠤᠷ  ᠴᠡᠭ᠂ ᠳᠠᠬᠢᠨ ᠠᠰᠢᠭᠯᠠᠬᠤ ᠠᠵᠤ ᠠᠬᠤᠶᠢᠯᠠᠯ ᠪᠠ ᠬᠥᠳᠡᠭᠡ ᠲᠣᠰᠬᠤᠨ ᠤ ᠬᠤᠭ ᠨᠣᠪᠰᠢ ᠶᠢ ᠬᠤᠤᠷ ᠥᠬᠡᠶᠢᠳᠡᠭᠦᠯᠦᠨ ᠰᠢᠢᠳᠪᠦᠷᠢᠯᠡᠬᠦ᠂ ᠬᠠᠷᠢᠯᠴᠠᠬᠤ ᠠᠷᠭ᠎ᠠ ᠮᠠᠶ᠋ᠢᠭ ᠵᠢᠴᠢ ᠲᠤᠰᠢᠶᠠᠵᠤ ᠭᠥᠯᠢᠶᠡᠨ ᠠᠪᠤᠭᠴᠢ ᠶᠢᠨ ᠭᠠᠷ ᠤᠨ ᠥᠰᠥᠭ ᠵᠢᠷᠤᠬᠤ ᠵᠡᠷᠭᠡ ᠠᠭᠤᠯᠭ᠎ᠠ ᠶᠢ ᠪᠠᠭᠲᠠᠭᠠᠨ᠎ᠠ᠃ ᠡᠭᠦᠨ ᠤ ᠬᠠᠮᠲᠤ ︽ᠰᠦᠯᠢᠶᠣᠣ ᠪᠦᠷᠬᠦᠪᠴᠢ ᠶᠢ ᠬᠤᠷᠢᠶᠠᠨ ᠠᠪᠬᠤ ᠨᠣᠷᠮ᠎ᠠ ᠶᠢ ᠪᠠᠶᠢᠴᠠᠭᠠᠨ ᠪᠦᠷᠢᠳᠬᠡᠬᠦ ᠠᠷᠭ᠎ᠠ ︵ᠲᠤᠷᠰᠢᠨ ᠬᠡᠷᠡᠭᠵᠢᠭᠦᠯᠬᠦ︶︾ ᠪᠠᠷ ᠯᠠᠪᠯᠠᠯᠲᠠ ᠪᠣᠯᠭᠠᠵᠤ᠂ ᠲᠣᠰ ᠬᠤᠰᠢᠭᠤ ᠰᠢᠶᠠᠨ ᠲᠣᠭᠤᠷᠢᠭ ᠤᠨ ᠠᠳᠠᠯᠢ ᠪᠤᠰᠤ ᠬᠤᠷᠢᠶᠠᠨ ᠠᠪᠬᠤ ᠮᠠᠰᠢᠨ ᠮᠧᠬᠠᠨᠢᠭ ᠤᠨ ᠬᠤᠷᠢᠶᠠᠨ ᠠᠪᠬᠤ ᠪᠣᠯᠵᠣᠯᠲᠤ ᠲᠤᠭ᠎ᠠ ᠶᠢ ᠭᠤᠤᠯᠳᠠᠯᠭ᠎ᠠ ᠲᠠᠢ ᠪᠠᠷ ᠲᠥᠰᠦᠭᠡᠯᠡᠨ ᠪᠤᠳᠤᠵᠤ᠂ ᠲᠠᠷᠢᠶᠠᠴᠢᠨ ᠡᠷᠦᠬᠡ ᠶᠢᠨ ᠰᠦᠯᠢᠶᠣᠣ ᠪᠦᠷᠬᠦᠪᠴᠢ ᠶᠢ ᠬᠤᠷᠢᠶᠠᠨ ᠠᠪᠬᠤ ᠪᠠᠶᠢᠴᠠᠭᠠᠯᠲᠠ ᠶᠢ ᠰᠠᠶᠢᠲᠤᠷ ᠬᠢᠵᠦ᠂ ᠰᠦᠯᠢᠶᠣᠣ ᠪᠦᠷᠬᠦᠪᠴᠢ ᠶᠢ ᠬᠤᠷᠢᠶᠠᠨ ᠠᠪᠬᠤ ᠨᠣᠷᠮ᠎ᠠ ᠶᠢ ᠲᠥᠰᠦᠭᠡᠯᠡᠨ ᠪᠤᠳᠤᠵᠤ᠂ ᠳᠡᠭᠡᠭᠰᠢ ᠮᠡᠳᠡᠭᠦᠯᠬᠦ ᠲᠤᠭ᠎ᠠ ᠪᠠᠷᠢᠮᠲᠠ ᠶᠢ ᠦᠨᠳᠦᠰᠦᠯᠡᠯ ᠲᠠᠢ᠂ ᠲᠤᠩᠭᠠᠭᠠᠭᠤᠰᠢᠲᠠᠶ ᠪᠣᠯᠭᠠᠨ᠎ᠠ᠃ ᠲᠥᠷᠥᠯ ᠵᠦᠢᠯ ᠤᠨ ᠬᠠᠮᠢᠶᠠᠷᠤᠯᠲᠠ ᠶᠢᠨ ᠳᠠᠩᠰᠠ ᠡᠪᠬᠡᠮᠡᠯ ᠢ ᠪᠠᠶᠢᠭᠤᠯᠵᠤ᠂ ᠲᠥᠷᠥᠯ ᠵᠦᠢᠯ ᠢ ᠬᠡᠷᠡᠭᠵᠢᠭᠦᠯᠬᠦ ᠲᠤᠭ᠎ᠠ ᠪᠠᠷᠢᠮᠲᠠ᠂ ᠭᠡᠷᠡᠯ ᠵᠢᠷᠤᠭ᠂ ᠲᠥᠰᠦᠯ᠂ ᠡᠬᠡ ᠳᠠᠩᠰᠠ ᠵᠡᠷᠭᠡ ᠮᠠᠲ᠋ᠧᠷᠢᠶᠠᠯ ᠢ ᠴᠤᠭᠯᠠᠭᠤᠯᠤᠨ ᠳᠠᠩᠰᠠ ᠡᠪᠬᠡᠮᠡᠯ ᠳᠤ ᠣᠷᠣᠭᠤᠯᠬᠤ ᠠᠵᠢᠯ ᠢ ᠰᠠᠶᠢᠲᠤᠷ ᠬᠢᠵᠦ᠂ ᠲᠥᠷᠥᠯ ᠵᠦᠢᠯ ᠢ ᠳ᠋ᠦᠩᠨᠡᠬᠦ᠂ ᠪᠠᠶᠢᠴᠠᠭᠠᠬᠤ᠂ ᠰᠢᠯᠭᠠᠨ ᠠᠪᠬᠤ ᠵᠡᠷᠭᠡ ᠳᠤ ᠦᠨᠳᠦᠰᠦ ᠪᠠᠷᠢᠮᠲᠠ ᠬᠠᠩᠭᠠᠬᠤ ᠬᠡᠷᠡᠭᠲᠡᠶ᠃     ( ᠲᠠᠪᠤ ) ᠬᠢᠨᠠᠨ ᠬᠡᠮᠵᠢᠬᠦ ᠳᠦᠷᠢᠮ ᠢ ᠠᠯᠬᠤᠮ ᠠᠯᠬᠤᠮ ᠢᠶᠠᠷ ᠲᠡᠭᠦᠯᠳᠡᠷᠵᠢᠭᠦᠯᠬᠦ ᠬᠡᠷᠡᠭᠲᠡᠶ᠃      ᠲᠠᠷᠢᠶᠠᠨ ᠭᠠᠵᠠᠷ ᠤᠨ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢᠨ ᠦᠯᠡᠳᠡᠭᠳᠡᠯ ᠢ ᠬᠢᠨᠠᠨ ᠬᠡᠮᠵᠢᠬᠦ ᠠᠵᠢᠯ ᠢ ᠦᠷᠭᠦᠯᠵᠢᠯᠡᠨ ᠠᠬᠢᠭᠤᠯᠵᠤ ᠂ 4 ᠥᠪᠡᠷᠲᠡᠭᠡᠨ ᠵᠠᠰᠠᠬᠤ ᠣᠷᠣᠨ ᠤ ᠲᠠᠰ ᠤᠨ᠂ 2 ᠬᠤᠲᠠ ᠶᠢᠨ ᠲᠠᠰ ᠤᠨ ᠦᠯᠡᠳᠡᠭᠳᠡᠯ ᠰᠦᠯᠢᠶᠣᠣ ᠪᠦᠷᠬᠦᠪᠴᠢ ᠶᠢ ᠬᠢᠨᠠᠨ ᠬᠡᠮᠵᠢᠬᠦ‍ ᠴᠢᠭ ᠤᠨ ᠰᠠᠭᠤᠷᠢᠨ ᠳᠡᠭᠡᠷ᠎ᠡ ᠦᠯᠡᠳᠡᠭᠳᠡᠯ ᠰᠦᠯᠢᠶᠣᠣ ᠪᠦᠷᠬᠦᠪᠴᠢ ᠶᠢ ᠬᠢᠨᠠᠨ ᠬᠡᠮᠵᠢᠬᠦ 10 ᠴᠢᠭ ᠪᠠᠶᠢᠭᠤᠯᠬᠤ ᠪᠠᠷ ᠴᠢᠷᠮᠠᠶᠢᠵᠤ᠂ ᠨᠢᠭᠡᠳᠦᠯᠲᠡᠶ ᠲᠥᠯᠥᠪᠯᠡᠨ ᠬᠠᠮᠢᠶᠠᠷᠬᠤ᠂ ᠳᠠᠪᠬᠤᠷᠳᠠᠭᠤᠯᠤᠨ ᠪᠠᠶᠢᠷᠢᠯᠠᠭᠤᠯᠬᠤ ᠦᠭᠡᠶ ᠪᠠᠶᠢᠬᠤ ᠵᠠᠷᠴᠢᠮ ᠢ ᠪᠠᠷᠢᠮᠲᠠᠯᠠᠨ᠂ ᠲᠠᠷᠢᠶᠠᠨ ᠭᠠᠵᠠᠷ ᠤᠨ ᠰᠦᠯᠢᠶᠣᠣ ᠪᠦᠷᠬᠦᠪᠴᠢ ᠶᠢᠨ ᠦᠯᠡᠳᠡᠭᠳᠡᠯ ᠢ ᠬᠢᠨᠠᠨ ᠬᠡᠮᠵᠢᠬᠦ ᠲᠤᠤᠷ ᠢ ᠲᠠᠰᠤᠷᠠᠯᠲᠠ ᠤᠢᠭᠡᠢ ᠰᠢᠯᠢᠳᠡᠭᠵᠢᠭᠦᠯᠵᠦ᠂ ᠬᠡᠪᠰᠢᠭᠰᠡᠨ᠂ ᠳᠦᠷᠢᠮᠵᠢᠭᠰᠡᠨ ᠬᠢᠨᠠᠨ ᠬᠡᠮᠵᠢᠯᠲᠡ ᠶᠢ ᠥᠷᠨᠢᠭᠦᠯᠦᠨ᠎ᠡ᠃ ᠰᠦᠯᠢᠶᠣᠣ ᠪᠦᠷᠬᠦᠪᠴᠢ ᠶᠢ ᠰᠢᠨᠵᠢᠯᠡᠬᠦ ᠤᠬᠠᠭᠠᠨᠴᠢ ᠪᠠᠷ ᠬᠡᠷᠡᠭᠯᠡᠵᠦ ᠬᠤᠷᠢᠶᠠᠨ ᠠᠪᠬᠤ ᠲᠤᠷᠰᠢᠯᠲᠠ ᠨᠢ ᠣᠨᠴᠠᠭᠠᠶᠢᠯᠠᠨ ᠬᠠᠲᠠᠭᠤᠴᠠ ᠶᠡᠬᠡᠲᠡᠶ ᠰᠦᠯᠢᠶᠣᠣ ᠪᠦᠷᠬᠦᠪᠴᠢ ᠶᠢ ᠬᠡᠷᠡᠭᠯᠡᠵᠦ ᠳᠡᠯᠭᠡᠷᠡᠭᠦᠯᠬᠦ ᠣᠷᠣᠨ ᠳᠤ ᠴᠢᠭᠯᠡᠭᠦᠯᠦᠨ ᠨᠢᠭᠲᠠ ᠬᠢᠨᠠᠨ ᠬᠡᠮᠵᠢᠯᠲᠡ ᠬᠢᠬᠦ ᠬᠡᠷᠡᠭᠲᠡᠶ᠃ ᠬᠢᠨᠠᠨ ᠬᠡᠮᠵᠢᠬᠦ ᠶᠠᠰᠤ ᠴᠢᠨᠠᠷ ᠢ ᠯᠠᠪᠳᠠᠭᠤᠨ ᠢᠶᠠᠷ ᠳᠡᠭᠡᠭᠰᠢᠯᠡᠭᠦᠯᠬᠦ ᠪᠠᠷ ᠭᠤᠤᠯ ᠬᠠᠷᠠᠯᠲᠠ ᠪᠣᠯᠭᠠᠵᠤ᠂ ᠬᠢᠨᠠᠨ ᠬᠡᠮᠵᠢᠬᠦ ᠲᠤᠤᠷ ᠰᠦᠯᠵᠢᠶ᠎ᠡ ᠶᠢᠨ ᠠᠵᠢᠯᠯᠠᠭᠠᠨ ᠤ ᠰᠢᠨ᠎ᠡ ᠲᠣᠭᠲᠠᠴᠠ ᠶᠢ ᠲᠤᠷᠰᠢᠵᠤ᠂ ︽ᠲᠠᠷᠢᠶᠠᠨ ᠭᠠᠵᠠᠷ ᠤᠨ ᠰᠦᠯᠢᠶᠣᠣ ᠪᠦᠷᠬᠦᠪᠴᠢ ᠶᠢᠨ ᠦᠢᠯᠡᠳᠦᠭᠳᠡᠯ ᠢ ᠬᠢᠨᠠᠨ ᠬᠡᠮᠵᠢᠬᠦ ᠮᠡᠷᠭᠡᠵᠢᠯ ᠤᠨ ᠵᠢᠷᠤᠮᠵᠢᠯ︾ ︵DB 15 / T 22572021︶ ᠢ ᠴᠢᠩᠭ᠎ᠠ ᠬᠡᠷᠡᠭᠵᠢᠭᠦᠯᠵᠦ᠂ ᠬᠢᠨᠠᠨ ᠬᠡᠮᠵᠢᠭᠰᠡᠨ ᠲᠤᠭ᠎ᠠ ᠪᠠᠷᠢᠮᠲᠠ ᠪᠠ ᠬᠢᠨᠠᠨ ᠬᠡᠮᠵᠢᠭᠰᠡᠨ ᠮᠡᠳᠡᠭᠦᠯᠦᠯᠲᠡ ᠪᠠᠨ ᠴᠠᠭ ᠲᠤᠬᠠᠶ ᠳᠤᠨᠢ ᠲᠤᠰᠢᠶᠠᠬᠤ ᠶᠠᠰᠤ ᠴᠢᠨᠠᠷ ᠢ ᠰᠦᠯᠢᠶᠣᠣ ᠪᠦᠷᠬᠦᠪᠴᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠤᠨ ᠰᠢᠯᠭᠠᠨ ᠬᠢᠨᠠᠬᠤ ᠶᠢᠨ ᠴᠢᠬᠤᠯᠠ  ᠭᠦᠢᠴᠡᠳᠭᠡᠯ ᠲᠤᠭ᠎ᠠ ᠪᠣᠯᠭᠠᠨ᠎ᠠ᠃ ᠬᠢᠨᠠᠨ ᠬᠡᠮᠵᠢᠬᠦ ᠠᠵᠢᠯ ᠤᠨ ᠰᠢᠨ᠎ᠡ ᠠᠭᠤᠯᠭ᠎ᠠ ᠶᠢ ᠰᠦᠪᠡᠭᠴᠢᠯᠡᠨ ᠨᠡᠮᠡᠭᠳᠡᠭᠦᠯᠵᠦ᠂ ᠬᠢᠨᠠᠨ ᠬᠡᠮᠵᠢᠭᠰᠡᠨ ᠲᠤᠭ᠎ᠠ ᠪᠠᠷᠢᠮᠲᠠ ᠶᠢᠨ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠲᠣᠭᠲᠠᠭᠠᠬᠤ᠂ ᠰᠡᠷᠭᠡᠶᠢᠯᠡᠨ ᠵᠠᠰᠠᠭᠰᠠᠨ ᠦᠷ᠎ᠡ ᠪᠦᠲᠦᠮᠵᠢ ᠶᠢ ᠦᠨᠡᠯᠡᠨ ᠵᠢᠱᠢᠬᠦ ᠳᠤ ᠦᠵᠡᠭᠦᠯᠬᠦ ᠲᠤᠯᠭᠠᠭᠤᠷᠢᠯᠠᠬᠤ ᠦᠶ᠋ᠯᠡᠳᠦᠯ ᠢ ᠦᠨᠡᠨᠬᠦ ᠪᠠᠳᠠᠷᠠᠭᠤᠯᠬᠤ ᠬᠡᠷᠡᠭᠲᠡᠶ᠃      ︵ᠵᠢᠷᠭᠤᠭ᠎ᠠ︶ ᠡᠭᠡᠭᠦᠯᠦᠨ ᠬᠤᠷᠢᠶᠠᠬᠤ ᠵᠠᠭᠪᠤᠷ  ᠢ ᠦᠷᠭᠦᠯᠵᠢᠯᠡᠨ ᠡᠭᠦᠳᠦᠨ ᠪᠠᠶᠢᠭᠤᠯᠤᠨ᠎ᠠ᠃      ᠤᠤᠯ ᠤᠨ ᠠᠵᠢᠯ ᠤᠨ ᠰᠠᠭᠤᠷᠢᠨ ᠳᠡᠭᠡᠷ᠎ᠡ᠂ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢ ᠪᠤᠴᠠᠭᠠᠨ ᠬᠤᠷᠢᠶᠠᠵᠤ  ᠰᠢᠢᠳᠪᠦᠷᠢᠯᠡᠬᠦ ᠠᠰᠢᠭᠯᠠᠬᠤ ᠵᠠᠭᠪᠤᠷ ᠢ ᠦᠷᠭᠦᠯᠵᠢᠯᠡᠨ ᠳ᠋ᠦᠩᠨᠡᠨ ᠳᠡᠯᠭᠡᠷᠡᠭᠦᠯᠦᠨ᠎ᠡ᠃ ᠬᠠᠤᠯᠢ ᠴᠠᠭᠠᠵᠠ ᠬᠠᠤᠯᠢ ᠲᠣᠭᠲᠠᠭᠠᠯ᠂ ᠪᠠᠷᠢᠮᠵᠢᠶ᠎ᠠ ᠵᠢᠷᠤᠮᠵᠢᠯ᠂ ᠪᠦᠲᠦᠴᠡ ᠶᠢᠨ ᠲᠤᠬᠢᠷᠠᠭᠤᠯᠤᠯᠳᠠ᠂ ᠲᠠᠷᠢᠶᠠᠯᠠᠩ ᠤᠨ ᠮᠠᠰᠢᠨ ᠲᠠᠷᠢᠶᠠᠯᠠᠩ ᠤᠨ ᠮᠡᠷᠭᠡᠵᠢᠯ᠂ ᠪᠦᠲᠦᠭᠡᠭᠳᠡᠬᠦᠨ ᠤ ᠳᠡᠯᠭᠡᠷᠡᠭᠦᠯᠦᠯᠲᠡ ᠵᠡᠷᠭᠡ ᠤᠯᠠᠨ ᠲᠠᠯ᠎ᠠ ᠠᠴᠠ ᠭᠠᠷᠳᠠᠵᠤ᠂ ᠲᠤᠰ ᠭᠠᠵᠠᠷ ᠣᠷᠣᠨ ᠳᠤ ᠲᠤᠬᠢᠷᠠᠬᠤ ᠲᠠᠷᠢᠶᠠᠯᠠᠩ ᠤᠨ ᠰᠦᠯᠢᠶᠣᠣ ᠪᠦᠷᠬᠦᠪᠴᠢ ᠶᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠢᠳᠡᠪᠬᠢᠲᠡᠢ ᠬᠠᠶᠢᠨ ᠰᠦᠪᠡᠭᠴᠢᠯᠡᠵᠦ᠂ ᠵᠣᠬᠢᠴᠠᠩᠭᠤᠢ ᠵᠢᠷᠤᠮᠵᠢᠯ ᠤᠨ ᠪᠠᠷᠢᠮᠵᠢᠶ᠎ᠠ ᠶᠢ ᠰᠤᠳᠤᠯᠤᠨ ᠲᠣᠭᠲᠠᠭᠠᠵᠤ᠂ ᠮᠡᠷᠭᠡᠵᠢᠯ ᠢ ᠳᠡᠯᠭᠡᠷᠡᠭᠦᠯᠵᠦ ᠪᠣᠯᠬᠤ᠂ ᠡᠵᠡᠩᠨᠡᠯᠲᠡ ᠶᠢ ᠦᠷᠭᠦᠯᠵᠢᠯᠡᠭᠦᠯᠵᠦ ᠪᠣᠯᠬᠤ᠂ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ ᠪᠣᠯᠬᠤ᠂ ᠲᠣᠭᠲᠠᠴᠠ ᠶᠢ ᠬᠠᠭᠤᠯᠪᠤᠷᠢᠯᠠᠵᠤ ᠪᠣᠯᠬᠤ ᠦᠯᠢᠭᠡᠷ ᠳᠠᠭᠤᠷᠢᠶᠠᠯ ᠪᠠ ᠮᠡᠷᠭᠡᠵᠢᠯ ᠤᠨ ᠵᠠᠭᠪᠤᠷ ᠢ ᠪᠤᠢ ᠪᠣᠯᠭᠠᠬᠤ ᠶᠢᠨ ᠬᠠᠮᠲᠤ ᠳ᠋ᠦᠩᠨᠡᠨ ᠰᠣᠯᠢᠯᠴᠠᠬᠤ᠂ ᠲᠣᠭᠤᠷᠢᠨ ᠦᠵᠡᠵᠦ ᠰᠤᠷᠤᠯᠴᠠᠬᠤ ᠵᠡᠷᠭᠡ ᠠᠷᠭ᠎ᠠ ᠮᠠᠶ᠋ᠢᠭ ᠢᠶᠠᠷ ᠳᠡᠯᠭᠡᠷᠡᠭᠦᠯᠦᠨ᠎ᠡ᠃ ᠵᠤᠵᠠᠭᠠᠷᠠᠬᠤ ᠬᠦᠴᠦᠯᠡᠴᠡ ᠶᠡᠬᠡᠲᠡᠶ ᠰᠦᠯᠢᠶᠣᠣ ᠪᠦᠷᠬᠦᠪᠴᠢ ᠶᠢᠨ ᠲᠤᠷᠰᠢᠯᠲᠠ ᠶᠢᠨ ᠴᠡᠭ ᠤᠨ ᠭᠠᠵᠠᠷ ᠣᠷᠣᠨ ᠨᠢ ᠨᠠᠩ ᠴᠤ ᠵᠤᠵᠠᠭᠠᠷᠠᠬᠤ ᠬᠦᠴᠦᠯᠡᠴᠡ ᠶᠡᠬᠡᠲᠡᠶ ᠰᠦᠯᠢᠶᠣᠣ ᠪᠦᠷᠬᠦᠪᠴᠢ ᠪᠠᠷ ᠡᠲᠡᠭᠡᠳ ᠪᠣᠯᠭᠠᠵᠤ᠂ ᠲᠣᠬᠢᠷᠠᠮᠵᠢᠲᠠᠶ ᠡᠭᠡᠭᠦᠯᠦᠨ ᠬᠤᠷᠢᠶᠠᠬᠤ ᠮᠠᠰᠢᠨ ᠪᠠᠭᠠᠵᠢ ᠶᠢ ᠰᠤᠳᠤᠯᠵᠤ᠂ ᠡᠭᠡᠭᠦᠯᠦᠨ ᠬᠤᠷᠢᠶᠠᠬᠤ ᠥᠪᠡᠷ ᠤᠨ ᠥᠷᠲᠡᠭ ᠢ ᠲᠥᠰᠦᠭᠡᠯᠡᠨ ᠪᠤᠳᠤᠵᠤ᠂ ᠡᠬᠢ ᠪᠠᠶᠠᠯᠢᠭᠵᠢᠭᠤᠯᠤᠨ ᠠᠰᠢᠭᠯᠠᠬᠤ ︵ᠪᠤᠶᠤ ᠥᠨᠳᠥᠷ ᠥᠷᠲᠡᠭᠲᠦ ᠠᠰᠢᠭᠯᠠᠯᠲᠠ︶ ᠪᠠᠷ ᠴᠢᠭᠯᠡᠯ ᠪᠠ ᠠᠭᠤᠯᠭ᠎ᠠ ᠪᠣᠯᠭᠠᠭᠰᠠᠨ ᠵᠠᠭᠪᠤᠷ ᠢ ᠡᠭᠦᠳᠦᠨ ᠪᠠᠶᠢᠭᠤᠯᠬᠤ ᠠᠵᠢᠯ ᠢ ᠰᠦᠪᠡᠭᠴᠢᠯᠡᠬᠦ ᠬᠡᠷᠡᠭᠲᠡᠶ᠃       ᠭᠤᠷᠪᠠ᠂ ᠠᠬᠢᠴᠠ ᠶᠢᠨ ᠲᠣᠬᠢᠷᠠᠭᠤᠯᠤᠯᠲᠠ        2022 ᠣᠨ ᠤ 12 ᠰᠠᠷ᠎ᠠ 2023 ᠣᠨ ᠤ 2 ᠰᠠᠷ᠎ᠠ ᠳᠤ ᠲᠥᠰᠦᠯ ᠢ ᠨᠠᠶᠢᠷᠠᠭᠤᠯᠤᠨ ᠵᠣᠬᠢᠶᠠᠬᠤ ᠠᠵᠢᠯ ᠢ ᠪᠡᠶᠡᠯᠡᠭᠦᠯᠵᠦ᠂ ᠠᠵᠢᠯ ᠤᠨ ᠠᠷᠭ᠎ᠠ ᠬᠡᠮᠵᠢᠶ᠎ᠡ ᠪᠠ ᠱᠠᠭᠠᠷᠳᠠᠯᠭ᠎ᠠ ᠶᠢ ᠲᠣᠳᠣᠷᠬᠠᠶᠢᠯᠠᠪᠠ᠃ 2023 ᠣᠨ ᠤ 3 ᠳ᠋ᠤᠭᠠᠷ ᠰᠠᠷ᠎ᠠ 2025 ᠣᠨ ᠤ 4 ᠳ᠋ᠦᠭᠡᠷ ᠰᠠᠷ᠎ᠠ ᠳᠤ ᠵᠢᠯ ᠪᠦᠷᠢ ᠬᠠᠮᠢᠶ᠎ᠠ ᠪᠥᠬᠦᠶ ᠠᠵᠢᠯ ᠢ ᠥᠷᠨᠢᠭᠦᠯᠦᠨ᠎ᠡ᠃ ᠭᠤᠤᠯᠳᠠᠭᠤ᠄ 1 . ᠰᠦᠯᠢᠶᠣᠣ ᠪᠦᠷᠬᠦᠪᠴᠢ ᠶᠢ ᠪᠤᠴᠠᠭᠠᠨ ᠬᠤᠷᠢᠶᠠᠵᠤ ᠪᠣᠭᠤᠮᠲᠠ ᠰᠢᠪᠲᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠤᠯᠪᠣᠭᠳᠠᠭᠤᠯᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠰᠦᠯᠢᠶᠣᠣ ᠪᠦᠷᠬᠦᠪᠴᠢ ᠶᠢ ᠰᠢᠨᠵᠢᠯᠡᠬᠦ ᠤᠬᠠᠭᠠᠨᠴᠢ ᠪᠠᠷ ᠬᠡᠷᠡᠭᠯᠡᠨ ᠪᠤᠴᠠᠭᠠᠨ ᠬᠤᠷᠢᠶᠠᠵᠤ ᠠᠪᠬᠤ ᠲᠤᠷᠰᠢᠯᠲᠠ ᠶᠢᠨ ᠠᠵᠢᠯ ᠢ ᠠᠬᠢᠭᠤᠯᠤᠨ᠎ᠠ︔ 2 . ᠵᠢᠯ ᠪᠦᠷᠢ ᠶᠢᠨ 4 - 6 ᠳ᠋ᠤᠭᠠᠷ ᠰᠠᠷ᠎ᠠ ᠳᠤ ᠣᠨ ᠤ ᠠᠵᠢᠯ ᠤᠨ ᠠᠮᠵᠢᠯᠲᠠ ᠪᠦᠲᠦᠮᠵᠢ ᠶᠢ ᠦᠨᠡᠯᠡᠨ ᠵᠢᠱᠢᠬᠦ ᠠᠵᠢᠯ ᠢ ᠥᠷᠨᠢᠭᠦᠯᠦᠨ᠎ᠡ︔ 3 . ᠣᠨ ᠤ ᠳ᠋ᠦᠩᠨᠡᠯᠲᠡ ᠶᠢᠨ ᠮᠡᠳᠡᠭᠦᠯᠦᠯᠲᠡ ᠪᠠ ᠠᠮᠵᠢᠯᠲᠠ ᠪᠦᠲᠦᠮᠵᠢ ᠶᠢᠨ ᠮᠡᠳᠡᠭᠦᠯᠦᠯᠲᠡ ᠶᠢ ᠮᠡᠳᠡᠭᠦᠯᠦᠨ ᠬᠦᠷᠭᠡᠨ᠎ᠡ︔ ᠡᠯ᠎ᠡ  ᠵᠦᠢᠯ ᠤᠨ ᠲᠥᠷᠥ ᠶᠢᠨ ᠪᠣᠳᠣᠯᠭ᠎ᠠ ᠳᠦᠷᠢᠮ ᠢ ᠳ᠋ᠦᠩᠨᠡᠨ ᠲᠡᠭᠦᠯᠳᠡᠷᠵᠢᠭᠦᠯᠬᠦ ᠬᠡᠷᠡᠭᠲᠡᠶ︔ 4 . 2025 ᠣᠨ ᠤ 4 ᠳ᠋ᠦᠭᠡᠷ ᠰᠠᠷ᠎ᠠ 2025 ᠣᠨ ᠤ 5 ᠳ᠋ᠤᠭᠠᠷ ᠰᠠᠷ᠎ᠠ ᠳᠤ᠂ ᠮᠠᠲ᠋ᠧᠷᠢᠶᠠᠯ ᠢ ᠴᠤᠭᠯᠠᠭᠤᠯᠤᠨ ᠡᠮᠬᠢᠳᠬᠡᠵᠦ᠂ ᠠᠵᠢᠯ ᠤᠨ ᠳ᠋ᠦᠩᠨᠡᠯᠲᠡ ᠶᠢ ᠲᠤᠭᠤᠷᠪᠢᠨ ᠪᠢᠴᠢᠵᠦ᠂ ᠠᠵᠢᠯ ᠤᠨ ᠠᠮᠵᠢᠯᠲᠠ ᠪᠦᠲᠦᠮᠵᠢ ᠶᠢ ᠦᠨᠡᠯᠡᠨ ᠵᠢᠱᠢᠬᠦ ᠠᠵᠢᠯ ᠢ ᠥᠷᠨᠢᠭᠦᠯᠦᠨ᠎ᠡ᠃        ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ        ︵ᠨᠢᠭᠡ︶ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠴᠢᠩᠭᠠᠷᠠᠭᠤᠯᠬᠤ ᠬᠡᠷᠡᠭᠲᠡᠶ᠃       ᠰᠦᠯᠢᠶᠣᠣ ᠪᠦᠷᠬᠦᠪᠴᠢ ᠶᠢ ᠰᠢᠨᠵᠢᠯᠡᠬᠦ ᠤᠬᠠᠭᠠᠨᠴᠢ ᠪᠠᠷ ᠬᠡᠷᠡᠭᠯᠡᠵᠦ ᠡᠭᠡᠭᠦᠯᠦᠨ ᠬᠤᠷᠢᠶᠠᠬᠤ ᠲᠤᠷᠰᠢᠯᠲᠠ ᠶᠢᠨ ᠠᠵᠢᠯ ᠤᠨ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠵᠣᠬᠢᠶᠠᠨ ᠪᠠᠶᠢᠭᠤᠯᠤᠨ ᠵᠣᠬᠢᠴᠠᠭᠤᠯᠬᠤ᠂ ᠰᠢᠮᠳᠠᠭᠤᠯᠤᠨ ᠵᠢᠯᠣᠭᠤᠳᠴᠤ ᠵᠢᠯᠣᠭᠤᠳᠬᠤ  ᠦᠢᠯᠡᠳᠦᠯ ᠢ  ᠭᠦᠢᠴᠡᠳ ᠪᠠᠳᠠᠷᠠᠭᠤᠯᠤᠨ᠂ ᠵᠢᠯ ᠪᠦᠷᠢ ᠠᠳᠠᠭ ᠲᠠᠭᠠᠨ ᠨᠢᠭᠡ ᠤᠳᠠᠭ᠎ᠠ ᠵᠣᠬᠢᠴᠠᠭᠤᠯᠬᠤ ᠬᠤᠷᠠᠯ ᠬᠤᠷᠠᠯᠳᠤᠭᠤᠯᠬᠤ ᠬᠡᠷᠡᠭᠲᠡᠶ᠃ ᠡᠯ᠎ᠡ ᠰᠤᠮᠤ ᠪᠠᠯᠭᠠᠰᠤ᠂ ᠲᠠᠷᠢᠶᠠᠯᠠᠩ ᠮᠠᠯᠵᠢᠯ ᠤᠨ ᠲᠠᠯᠠᠪᠠᠶ ᠢᠳᠡᠪᠬᠢᠲᠡᠶ ᠬᠠᠮᠵᠢᠯᠴᠠᠨ ᠣᠷᠣᠯᠴᠠᠵᠤ᠂ ᠲᠠᠷᠢᠶᠠᠯᠠᠩ ᠤᠨ ᠰᠦᠯᠢᠶᠣᠣ ᠪᠦᠷᠬᠦᠪᠴᠢ ᠶᠢ ᠬᠤᠷᠢᠶᠠᠨ ᠠᠪᠬᠤ ᠠᠵᠢᠯ ᠢ ᠬᠦᠴᠦᠲᠡᠶ ᠪᠥᠭᠡᠳ ᠡᠮᠬᠢ ᠵᠢᠷᠤᠮ ᠲᠠᠢ ᠠᠬᠢᠭᠤᠯᠬᠤ ᠶᠢ ᠪᠠᠲᠤᠯᠠᠬᠤ ᠬᠡᠷᠡᠭᠲᠡᠶ᠃ ᠬᠢᠨᠠᠨ ᠰᠢᠯᠭᠠᠬᠤ ᠵᠣᠬᠢᠴᠠᠮᠵᠢ ᠶᠢ ᠬᠡᠷᠡᠭᠵᠢᠭᠦᠯᠵᠦ᠂ ᠬᠤᠰᠢᠭᠤᠨ ᠤ ᠤᠳᠤᠷᠢᠳᠤᠯᠭ᠎ᠠ ᠪᠠᠯᠭᠠᠰᠤ ᠶᠢ ᠳᠠᠭᠠᠭᠠᠴᠢᠯᠠᠬᠤ᠂ ᠪᠠᠯᠭᠠᠰᠤᠨ ᠤ ᠤᠳᠤᠷᠢᠳᠤᠯᠭ᠎ᠠ ᠲᠣᠰᠬᠤᠨ᠂ ᠲᠣᠰᠬᠤᠨ ᠤ ᠺᠠᠳ᠋ᠷ ᠭᠠᠵᠠᠷ ᠳᠠᠭᠠᠭᠠᠴᠢᠯᠠᠬᠤ ᠬᠠᠷᠢᠭᠤᠴᠠᠯᠭ᠎ᠠ ᠶᠢᠨ ᠳᠦᠷᠢᠮ ᠢ ᠰᠠᠶᠢᠲᠤᠷ ᠨᠠᠢᠳᠠᠪᠤᠷᠢᠵᠢᠭᠤᠯᠬᠤ᠂ ᠰᠦᠯᠢᠶᠣᠣ ᠪᠦᠷᠬᠦᠪᠴᠢ ᠶᠢ ᠬᠤᠷᠢᠶᠠᠨ ᠠᠪᠴᠤ ᠰᠢᠢᠳᠪᠦᠷᠢᠯᠡᠬᠦ ᠠᠵᠢᠯ ᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠠᠯᠲᠠᠲᠤ ᠠᠵᠢᠯ ᠤᠨ ᠦᠷ᠎ᠡ ᠪᠦᠲᠦᠮᠵᠢ ᠶᠢ ᠬᠢᠨᠠᠨ ᠰᠢᠯᠭᠠᠬᠤ ᠲᠣᠭᠲᠠᠯᠴᠠᠭ᠎ᠠ ᠳᠤ ᠣᠷᠣᠭᠤᠯᠵᠤ᠂ ᠰᠢᠯᠢᠳᠡᠭ ᠢ ᠨᠢ ᠱᠠᠩᠨᠠᠵᠤ᠂ ᠮᠠᠭᠤ ᠶᠢ ᠨᠢ ᠲᠣᠷᠭᠠᠨ᠎ᠠ᠃       ︵ᠬᠤᠶᠠᠷ︶ ᠲᠥᠷᠥ ᠶᠢᠨ ᠪᠣᠳᠣᠯᠭ᠎ᠠ ᠪᠠᠷ ᠠᠬᠢᠭᠤᠯᠤᠨ᠎ᠠ᠃        ︽ᠲᠠᠷᠢᠶᠠᠯᠠᠩ ᠳᠤ ᠬᠡᠷᠡᠭᠯᠡᠬᠦ ᠰᠦᠯᠢᠶᠣᠣ ᠪᠦᠷᠬᠦᠪᠴᠢ ᠶᠢᠨ ᠬᠠᠮᠢᠶᠠᠷᠤᠯᠲᠠ ᠶᠢᠨ ᠠᠷᠭ᠎ᠠ︾ ᠶᠢᠨ ᠲᠣᠭᠲᠠᠭᠠᠯ ᠶᠣᠰᠣᠭᠠᠷ᠂ ᠲᠠᠷᠢᠶᠠᠯᠠᠩ ᠤᠨ ᠰᠦᠯᠢᠶᠣᠣ ᠪᠦᠷᠬᠦᠪᠴᠢ ᠶᠢᠨ  ᠦᠢᠯᠡᠳᠪᠦᠷᠢᠯᠡᠵᠦ ᠪᠣᠷᠣᠯᠠᠭᠤᠯᠬᠤ᠂ ᠬᠡᠷᠡᠭᠯᠡᠵᠦ ᠡᠭᠡᠭᠦᠯᠦᠨ ᠬᠤᠷᠢᠶᠠᠬᠤ᠂ ᠠᠰᠢᠭᠯᠠᠵᠤ  ᠰᠢᠢᠳᠪᠦᠷᠢᠯᠡᠬᠦ ᠪᠥᠬᠦ ᠶᠠᠪᠤᠴᠠ ᠳᠤ ᠬᠠᠤᠯᠢ ᠶᠣᠰᠣᠭᠠᠷ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠡᠭᠦᠷᠭᠡᠯᠡᠬᠦ ᠶᠢᠨ ᠬᠠᠮᠲᠤ᠂ ᠲᠠᠷᠢᠶᠠᠯᠠᠩ ᠤᠨ ᠰᠦᠯᠢᠶᠣᠣ ᠪᠦᠷᠬᠦᠪᠴᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠪᠠᠯᠠ ᠮᠥᠩᠭᠦ ᠶᠢ ᠲᠣᠰ ᠱᠠᠲᠤᠨ ᠤ ᠡᠳ᠋ ᠤᠨ ᠵᠠᠰᠠᠭ ᠤᠨ ᠲᠥᠰᠦᠪ ᠲᠤ ᠣᠷᠣᠭᠤᠯᠵᠤ᠂ ᠰᠦᠯᠢᠶᠣᠣ ᠪᠦᠷᠬᠦᠪᠴᠢ ᠶᠢ ᠡᠭᠡᠭᠦᠯᠦᠨ ᠬᠤᠷᠢᠶᠠᠵᠤ ᠪᠣᠯᠪᠠᠰᠤᠷᠠᠭᠤᠯᠬᠤ ᠶᠢ ᠳᠡᠮᠵᠢᠬᠦ ᠲᠥᠷᠥ ᠶᠢᠨ ᠪᠣᠳᠣᠯᠭ᠎ᠠ ᠶᠢ ᠨᠡᠶᠢᠲᠡᠯᠡᠵᠦ᠂ ᠡᠳ᠋ ᠤᠨ ᠵᠠᠰᠠᠭ ᠠᠴᠠ ᠲᠠᠷᠢᠶᠠᠯᠠᠩ ᠳᠤ ᠬᠤᠯᠪᠣᠭᠳᠠᠬᠤ ᠪᠠᠯᠠ ᠮᠥᠩᠭᠦ ᠶᠢ ᠨᠢᠭᠡᠳᠦᠯᠲᠡᠶ ᠲᠥᠯᠥᠪᠯᠡᠨ ᠳᠣᠭᠢᠷᠠᠭᠤᠯᠬᠤ ᠪᠠᠷ ᠢᠳᠡᠪᠬᠢᠲᠡᠶ ᠴᠢᠷᠮᠠᠶᠢᠵᠤ᠂ ᠲᠥᠪ ᠤᠨ ᠰᠦᠯᠢᠶᠣᠣ ᠪᠦᠷᠬᠦᠪᠴᠢ ᠶᠢᠨ ᠰᠢᠨᠵᠢᠯᠡᠬᠦ ᠤᠬᠠᠭᠠᠨᠴᠢ ᠪᠠᠷ ᠬᠡᠷᠡᠭᠯᠡᠵᠦ ᠡᠭᠡᠭᠦᠯᠦᠨ ᠬᠤᠷᠢᠶᠠᠬᠤ ᠲᠤᠷᠰᠢᠯᠲᠠ ᠶᠢᠨ ᠲᠥᠷᠥᠯ  ᠵᠦᠢᠯ ᠤᠨ ᠪᠠᠯᠠ ᠮᠥᠩᠭᠦ ᠶᠢᠨ ᠵᠠᠷᠤᠯᠭ᠎ᠠ ᠶᠢ ᠨᠠᠶᠢᠳᠠᠪᠤᠷᠢᠵᠢᠭᠤᠯᠬᠤ ᠠᠵᠢᠯ ᠢ ᠦᠨᠡᠨ ᠬᠦ ᠰᠠᠶᠢᠲᠤᠷ ᠠᠳᠬᠤᠵᠤ᠂ ᠲᠠᠷᠢᠶᠠᠯᠠᠩ ᠤᠨ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢ ᠡᠭᠡᠭᠦᠯᠦᠨ ᠬᠤᠷᠢᠶᠠᠵᠤ ᠠᠰᠢᠭᠯᠠᠬᠤ ᠠᠵᠢᠯ ᠤᠨ ᠬᠡᠷᠡᠭᠴᠡᠭᠡ ᠶᠢ ᠦᠨᠡᠨ ᠬᠦ ᠪᠠᠲᠤᠯᠠᠵᠤ᠂ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ ᠱᠠᠩᠨᠠᠬᠤ ᠪᠠᠷ ᠨᠥᠬᠦᠪᠥᠷᠢᠯᠡᠬᠦ ᠶᠢ ᠣᠷᠣᠯᠠᠭᠤᠯᠬᠤ᠂ ᠵᠢᠭᠡᠯᠡᠯᠭᠡ ᠶᠢᠨ ᠳᠠᠮ ᠬᠦᠦ ᠥᠭᠬᠦ ᠵᠡᠷᠭᠡ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠰᠦᠪᠡᠭᠴᠢᠯᠡᠨ  ᠪᠠᠶᠢᠭᠤᠯᠤᠨ᠎ᠠ᠃ ᠲᠣᠭᠲᠠᠭᠠᠯ ᠳᠤ ᠥᠯᠥ ᠨᠡᠶᠢᠴᠡᠬᠦ ᠰᠦᠯᠢᠶᠣᠣ ᠪᠦᠷᠬᠦᠪᠴᠢ ᠶᠢ  ᠦᠢᠯᠡᠳᠪᠦᠷᠢᠯᠡᠬᠦ᠂ ᠪᠣᠷᠣᠯᠠᠭᠤᠯᠬᠤ᠂ ᠬᠡᠷᠡᠭᠯᠡᠬᠦ ᠳᠤ ᠱᠠᠩᠨᠠᠯ ᠲᠠᠢ ᠢᠯᠡᠴᠢᠯᠡᠨ ᠮᠡᠳᠡᠭᠦᠯᠬᠦ ᠲᠦᠷᠢᠮ ᠢ ᠪᠠᠶᠢᠭᠤᠯᠤᠨ ᠪᠦᠷᠢᠨᠰᠢᠭᠦᠯᠬᠦ ᠶᠢ ᠵᠣᠷᠢᠭᠵᠢᠭᠤᠯᠤᠨ᠎ᠠ᠃ ᠡᠭᠡᠭᠦᠯᠦᠨ ᠬᠤᠷᠢᠶᠠᠵᠤ ᠠᠰᠢᠭᠯᠠᠬᠤ ᠪᠡᠯᠡ ᠮᠥᠩᠭᠦ ᠬᠦᠷᠦᠯᠴᠡᠬᠦ ᠦᠭᠡᠶ ᠪᠠᠶᠢᠭ᠎ᠠ ᠠᠰᠠᠭᠤᠳᠠᠯ ᠢ ᠢᠳᠡᠪᠬᠢᠲᠡᠶ ᠨᠠᠶᠢᠳᠠᠪᠤᠷᠢᠵᠢᠭᠤᠯᠬᠤ ᠬᠡᠷᠡᠭᠲᠡᠶ᠃ ᠬᠤᠷᠢᠶᠠᠨ ᠠᠪᠴᠢᠷᠠᠬᠤ ᠳᠤ ᠬᠢᠯᠪᠠᠷ ᠰᠠᠯᠭᠠᠬᠤ ᠳᠤ ᠬᠢᠯᠪᠠᠷ ᠪᠠᠶᠢᠪᠠᠯ᠂ ᠵᠠᠬ᠎ᠠ ᠳᠡᠯᠭᠡᠭᠦᠷᠴᠢᠯᠡᠨ ᠠᠵᠢᠯᠯᠠᠭᠤᠯᠬᠤ ᠪᠠᠷ ᠭᠤᠣᠯ ᠪᠣᠯᠭᠠᠵᠤ᠂ ᠬᠡᠷᠡᠭᠯᠡᠭᠴᠢᠳ ᠲᠠᠷᠢᠶᠠᠨ ᠭᠠᠵᠠᠷ ᠴᠤᠭᠯᠠᠭᠤᠯᠵᠤ᠂ ᠠᠵᠤ ᠠᠬᠤᠶᠢᠯᠠᠯ ᠬᠤᠷᠢᠶᠠᠨ ᠠᠪᠴᠤ ᠳᠠᠬᠢᠨ ᠠᠰᠢᠭᠯᠠᠵᠤ᠂ ᠵᠠᠰᠠᠭ ᠤᠨ ᠣᠷᠳᠣᠨ ᠠᠴᠠ ᠨᠥᠬᠦᠪᠥᠷᠢ ᠥᠭᠬᠦ ᠠᠷᠭ᠎ᠠ ᠮᠠᠶ᠋ᠢᠭ ᠢᠶᠠᠷ ᠡᠬᠢ ᠪᠠᠶᠠᠯᠢᠭᠵᠢᠭᠤᠯᠤᠨ ᠠᠰᠢᠭᠯᠠᠬᠤ ᠬᠡᠷᠡᠭᠲᠡᠶ︔ ᠡᠭᠡᠭᠦᠯᠦᠨ ᠬᠤᠷᠢᠶᠠᠬᠤ ᠳᠤ ᠬᠦᠴᠢᠷ ᠲᠠᠢ ᠪᠥᠭᠡᠳ ᠰᠠᠯᠭᠠᠬᠤ ᠳᠤ ᠪᠡᠷᠬᠡ ᠲᠠᠢ ᠪᠣᠯ ᠬᠥᠳᠡᠭᠡ ᠲᠣᠰᠬᠤᠨ ᠤ ᠬᠤᠭ ᠨᠣᠪᠰᠢ  ᠰᠢᠢᠳᠪᠦᠷᠢᠯᠡᠬᠦ ᠠᠷᠭ᠎ᠠ  ᠪᠠᠷ ᠯᠠᠪᠯᠠᠯᠲᠠ ᠪᠣᠯᠭᠠᠨ ᠬᠤᠣᠷ ᠥᠬᠡᠶᠢᠳᠡᠭᠦᠯᠦᠨ  ᠰᠢᠢᠳᠪᠦᠷᠢᠯᠵᠦ᠂ ᠬᠡᠮᠵᠢᠶ᠎ᠡ ᠶᠣᠰᠣᠭᠠᠷ ᠨᠥᠬᠦᠪᠥᠷᠢ ᠥᠭᠴᠦ ᠪᠣᠯᠤᠨ᠎ᠠ᠃ ᠠᠳᠠᠯᠢ ᠪᠤᠰᠤ ᠡᠭᠡᠭᠦᠯᠦᠨ ᠬᠤᠷᠢᠶᠠᠬᠤ ᠠᠷᠭ᠎ᠠ ᠮᠠᠶ᠋ᠢᠭ ᠢᠶᠠᠷ ᠡᠭᠡᠭᠦᠯᠦᠨ ᠬᠤᠷᠢᠶᠠᠬᠤ ᠠᠵᠢᠯ ᠤᠨ ᠨᠥᠬᠦᠪᠥᠷᠢ ᠶᠢ ᠲᠥᠰᠦᠭᠡᠯᠡᠨ ᠪᠤᠳᠤᠵᠤ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ ᠰᠦᠪᠡᠭᠴᠢᠯᠡᠵᠦ᠂ ︽ᠬᠠᠭᠤᠴᠢᠨ ᠢᠶᠠᠷ ᠰᠢᠨ᠎ᠡ ᠶᠢ ᠰᠣᠯᠢᠬᠤ︾᠂ ︽ᠬᠤᠪᠢ ᠬᠤᠷᠠᠮᠳᠤᠭᠤᠯᠵᠤ ᠰᠣᠯᠢᠬᠤ︾᠂ ︽ᠪᠠᠯᠠ ᠮᠥᠩᠭᠦ ᠪᠠᠷ ᠰᠢᠭᠤᠳ ᠨᠥᠬᠦᠪᠥᠷᠢᠯᠡᠬᠦ︾ ᠵᠡᠷᠭᠡ ᠠᠷᠭ᠎ᠠ ᠮᠠᠶ᠋ᠢᠭ ᠢ ᠨᠡᠶᠢᠲᠡᠯᠡᠨ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢ ᠡᠭᠡᠭᠦᠯᠦᠨ ᠬᠤᠷᠢᠶᠠᠬᠤ ᠭᠤᠤᠯ ᠴᠣᠭᠴᠠ ᠳᠤ ᠨᠥᠬᠦᠪᠥᠷᠢ ᠣᠯᠭᠤᠨ᠎ᠠ᠃ ᠡᠭᠡᠭᠦᠯᠦᠨ ᠬᠤᠷᠢᠶᠠᠬᠤ ᠲᠤᠤᠷ  ᠴᠡᠭ᠂ ᠢᠯᠠᠩᠭᠤᠶ᠎ᠠ ᠰᠦᠯᠢᠶᠣᠣ ᠪᠦᠷᠬᠦᠪᠴᠢ ᠶᠢ ᠡᠭᠡᠭᠦᠯᠦᠨ ᠬᠤᠷᠢᠶᠠᠵᠤ  ᠰᠢᠢᠳᠪᠦᠷᠢᠯᠡᠨ ᠠᠰᠢᠭᠯᠠᠬᠤ ᠠᠵᠤ ᠠᠬᠤᠶᠢᠯᠠᠯ ᠳᠤ᠂ ᠭᠠᠵᠠᠷ ᠬᠡᠷᠡᠭᠯᠡᠬᠦ᠂ ᠴᠠᠬᠢᠯᠭᠠᠨ ᠬᠡᠷᠡᠭᠯᠡᠬᠦ᠂ ᠤᠰᠤ ᠬᠡᠷᠡᠭᠯᠡᠬᠦ᠂ ᠭᠠᠶᠢᠯᠢ ᠲᠠᠲᠠᠪᠤᠷᠢ᠂ ᠮᠥᠩᠭᠦᠨ  ᠭᠦᠢᠯᠭᠡᠭᠡᠨ ᠤ ᠢᠲᠡᠭᠡᠮᠵᠢᠲᠦ ᠵᠢᠭᠡᠯᠡᠯᠭᠡ ᠵᠡᠷᠭᠡ ᠲᠠᠯ᠎ᠠ ᠪᠠᠷ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠣᠯᠭᠤᠵᠤ᠂ ᠬᠠᠮᠢᠶ᠎ᠠ ᠪᠥᠬᠦᠶ ᠠᠵᠤ ᠠᠬᠤᠶᠢᠯᠠᠯ ᠢ ᠵᠣᠷᠢᠭᠵᠢᠭᠤᠯᠵᠤ ᠪᠠᠶᠢᠭᠠᠳ ᠳᠠᠬᠢᠨ ᠡᠭᠦᠰᠴᠦ ᠪᠣᠯᠬᠤ ᠡᠬᠢ ᠪᠠᠶᠠᠯᠢᠭ ᠢ ᠠᠰᠢᠭᠯᠠᠬᠤ᠂ ᠬᠤᠭ ᠨᠣᠪᠰᠢ ᠶᠢ  ᠰᠢᠢᠳᠪᠦᠷᠢᠯᠡᠬᠦ ᠵᠡᠷᠭᠡ ᠲᠠᠯ᠎ᠠ ᠪᠠᠷ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢ  ᠰᠢᠢᠳᠪᠦᠷᠢᠯᠡᠨ ᠠᠰᠢᠭᠯᠠᠬᠤ ᠰᠢᠨ᠎ᠡ ᠵᠠᠮ ᠢ ᠰᠦᠪᠡᠭᠴᠢᠯᠡᠵᠦ᠂ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢ ᠡᠬᠢ ᠪᠠᠶᠠᠯᠢᠭᠵᠢᠭᠤᠯᠤᠨ ᠳᠠᠬᠢᠨ ᠠᠰᠢᠭᠯᠠᠬᠤ ᠶᠢ ᠠᠬᠢᠭᠤᠯᠤᠨ᠎ᠠ᠃      ︵ᠭᠤᠷᠪᠠ︶ ᠤᠬᠠᠭᠤᠯᠭ᠎ᠠ ᠪᠣᠯᠪᠠᠰᠤᠷᠠᠭᠤᠯᠤᠯ ᠢ ᠨᠡᠮᠡᠭᠳᠡᠭᠦᠯᠬᠦ ᠬᠡᠷᠡᠭᠲᠡᠶ᠃      ᠢᠨᠲ᠋ᠧᠷ ᠰᠦᠯᠵᠢᠶ᠎ᠡ᠂ ᠰᠢᠯᠵᠢᠮᠡᠯ ᠦᠵᠦᠭᠦᠷᠯᠢᠭ᠂ ᠷᠠᠳᠢᠣ᠋ ᠲᠧᠯᠸᠢᠰ ᠵᠡᠷᠭᠡ ᠵᠠᠭᠤᠴᠢᠯᠠᠭᠤᠷ ᠢ ᠠᠰᠢᠭᠯᠠᠨ᠂ ᠤᠬᠠᠭᠤᠯᠭ᠎ᠠ ᠪᠣᠯᠪᠠᠰᠤᠷᠠᠭᠤᠯᠤᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠤᠬᠠᠭᠤᠯᠤᠯ ᠤᠨ ᠡᠷᠴᠢᠮ ᠢ ᠴᠢᠩᠭᠠᠷᠠᠭᠤᠯᠤᠨ᠎ᠠ᠃ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠡᠯᠭᠦᠮᠡᠯ ᠵᠢᠷᠤᠭ᠂ ᠲᠣᠳᠣᠷᠬᠠᠶ ᠴᠠᠭᠠᠰᠤ᠂ ᠤᠬᠠᠭᠤᠯᠭ᠎ᠠ ᠶᠢᠨ ᠳᠡᠪᠲᠡᠷ᠂ ᠸᠢᠴᠠᠲ ᠤᠨ ᠣᠯᠠᠨ ᠨᠡᠶᠢᠲᠡ ᠶᠢᠨ ᠨᠣᠮᠧᠷ ᠵᠡᠷᠭᠡ ᠪᠠᠷ ᠳᠠᠮᠵᠢᠭᠤᠯᠤᠨ ᠤᠬᠠᠭᠤᠯᠤᠨ ᠲᠦᠭᠡᠮᠡᠯᠵᠢᠭᠦᠯᠬᠦ ᠶᠢ ᠴᠢᠩᠭᠠᠷᠠᠭᠤᠯᠵᠤ᠂ ᠲᠠᠷᠢᠶᠠᠴᠢᠨ ᠡᠷᠦᠬᠡ ᠶᠢ ᠵᠢᠯᠣᠭᠤᠳᠤᠨ ᠬᠠᠤᠯᠢ ᠴᠠᠭᠠᠵᠠ ᠬᠠᠤᠯᠢ ᠲᠣᠭᠲᠠᠭᠠᠯ ᠤᠨ ᠱᠠᠭᠠᠷᠳᠠᠯᠭ᠎ᠠ ᠶᠢ ᠵᠢᠷᠤᠮᠯᠠᠨ ᠰᠠᠬᠢᠭᠤᠯᠵᠤ᠂ ᠬᠤᠷᠢᠶᠠᠨ ᠠᠪᠤᠭᠰᠠᠨ ᠰᠦᠯᠢᠶᠣᠣ ᠪᠦᠷᠬᠦᠪᠴᠢ ᠶᠢ ᠰᠢᠨᠵᠢᠯᠡᠬᠦ ᠤᠬᠠᠭᠠᠨᠴᠢ ᠪᠠᠷ ᠬᠡᠷᠡᠭᠯᠡᠭᠦᠯᠵᠦ᠂ ᠲᠠᠷᠢᠶᠠᠯᠠᠩ ᠤᠨ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢ ᠬᠤᠷᠢᠶᠠᠨ ᠠᠪᠴᠤ ᠠᠰᠢᠭᠯᠠᠬᠤ ᠠᠵᠢᠯ ᠤᠨ ᠰᠠᠶᠢᠨ ᠰᠠᠶᠢᠬᠠᠨ ᠠᠭᠤᠷ ᠠᠮᠢᠰᠬᠤᠯ ᠢ ᠴᠢᠷᠮᠠᠶᠢᠨ ᠪᠣᠶ ᠪᠣᠯᠭᠠᠨ᠎ᠠ᠃       ︵ᠳᠥᠷᠪᠡ︶ ᠪᠠᠶᠢᠴᠠᠭᠠᠬᠤ ᠪᠠ ᠰᠤᠭᠤᠴᠢᠨ ᠪᠠᠶᠢᠴᠠᠭᠠᠬᠤ ᠶᠢ ᠥᠷᠨᠢᠭᠦᠯᠦᠨ᠎ᠡ᠃       ᠠᠵᠢᠯ ᠤᠨ ᠠᠮᠵᠢᠯᠲᠠ ᠪᠦᠲᠦᠮᠵᠢ ᠶᠢ ᠦᠨᠡᠯᠡᠨ ᠵᠢᠱᠢᠵᠦ ᠰᠢᠯᠭᠠᠨ ᠬᠢᠨᠠᠬᠤ ᠲᠣᠭᠲᠠᠴᠠ ᠶᠢ ᠪᠠᠶᠢᠭᠤᠯᠵᠤ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠰᠠᠯᠠᠭ᠎ᠠ ᠮᠥᠴᠢᠷ ᠤᠳ ︽ᠲᠠᠷᠢᠶᠠᠯᠠᠩ ᠤᠨ ᠰᠦᠯᠢᠶᠣᠣ ᠪᠦᠷᠬᠦᠪᠴᠢ ᠶᠢ ᠡᠭᠡᠭᠦᠯᠦᠨ ᠬᠤᠷᠢᠶᠠᠬᠤ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠬᠦᠰᠦᠨᠦᠭᠲᠦ︾ ︵ᠳᠠᠭᠠᠯᠳᠤᠭᠤᠯᠤᠯ ᠬᠦᠰᠦᠨᠦᠭᠲᠦ︶ ᠶᠢᠨ ᠶᠣᠰᠣᠭᠠᠷ ᠵᠢᠯ ᠪᠦᠷᠢ ᠶᠢᠨ 5 ᠳ᠋ᠤᠭᠠᠷ ᠰᠠᠷ᠎ᠠ ᠠᠴᠠ 6 ᠳ᠋ᠤᠭᠠᠷ ᠰᠠᠷ᠎ᠠ ᠪᠣᠯᠲᠠᠯ᠎ᠠ ᠡᠯ᠎ᠡ ᠰᠤᠮᠤ ᠪᠠᠯᠭᠠᠰᠤ᠂ ᠲᠠᠷᠢᠶᠠᠯᠠᠩ ᠮᠠᠯᠵᠢᠯ ᠤᠨ ᠲᠠᠯᠠᠪᠠᠶ ᠶᠢᠨ ᠳᠡᠭᠡᠷ᠎ᠡ ᠨᠢᠭᠡ ᠵᠢᠯ ᠤᠨ ᠨᠠᠮᠤᠷ ᠤᠨ ᠤᠯᠠᠷᠢᠯ ᠤᠨ ᠠᠵᠢᠯᠯᠠᠭ᠎ᠠ᠂ ᠲᠣᠰ ᠵᠢᠯ ᠤᠨ ᠬᠠᠪᠤᠷ ᠤᠨ ᠤᠯᠠᠷᠢᠯ ᠤᠨ ᠠᠵᠢᠯᠯᠠᠭ᠎ᠠ ᠶᠢᠨ ᠬᠡᠷᠡᠭᠵᠢᠭᠦᠯᠦᠭᠰᠡᠨ ᠦᠷ᠎ᠡ ᠪᠦᠲᠦᠮᠵᠢ ᠶᠢ ᠥᠪᠡᠰᠦᠪᠡᠨ ᠦᠨᠡᠯᠡᠬᠦ ᠪᠠ ᠠᠵᠢᠯ ᠤᠨ ᠠᠮᠵᠢᠯᠲᠠ ᠪᠦᠲᠦᠮᠵᠢ ᠶᠢ ᠨᠢ ᠦᠨᠡᠯᠡᠨ ᠵᠢᠱᠢᠬᠦ ᠶᠢᠨ ᠬᠠᠮᠲᠤ᠂ ᠤᠷᠮᠠᠰᠢᠭᠤᠯᠬᠤ ᠲᠥᠷᠥ ᠶᠢᠨ ᠪᠣᠳᠣᠯᠭ᠎ᠠ ᠳᠤ ᠬᠥᠳᠡᠯᠦᠩᠭᠦᠶ ᠲᠣᠬᠢᠷᠠᠭᠤᠯᠤᠯᠲᠠ ᠬᠢᠵᠦ᠂ ᠲᠤᠰᠬᠠᠶ ᠬᠥᠮᠦᠨ ᠲᠣᠬᠢᠷᠠᠭᠤᠯᠤᠨ ᠠᠵᠢᠯᠯᠠᠭ᠎ᠠ ᠶᠢᠨ ᠦᠷ᠎ᠡ ᠪᠦᠲᠦᠮᠵᠢ ᠶᠢ ᠰᠤᠭᠤᠴᠢᠨ ᠪᠠᠶᠢᠴᠠᠭᠠᠵᠤ᠂ ᠠᠵᠢᠯ ᠤᠨ ᠠᠮᠵᠢᠯᠲᠠ ᠪᠦᠲᠦᠮᠵᠢ ᠶᠢ ᠦᠨᠡᠯᠡᠨ ᠵᠢᠱᠢᠵᠦ ᠰᠢᠯᠭᠠᠨ ᠬᠢᠨᠠᠭᠰᠠᠨ ᠦᠷ᠎ᠡ ᠳ᠋ᠦᠩ ᠢ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠡᠯᠡᠨ᠂ ᠱᠠᠲᠤ ᠱᠠᠲᠤ ᠪᠠᠷ ᠳᠠᠮᠵᠢᠭᠤᠯᠵᠤ ᠪᠣᠳᠠᠲᠠᠶᠢᠵᠢᠭᠤᠯᠤᠨ᠎ᠠ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ