ᠸᠠᠩ ᠵᠢᠶᠦ᠋ᠨ ᠵᠢᠶᠧ ᠪᠦᠯᠬᠦᠮ ᠳᠠᠭᠠᠭᠤᠯᠤᠨ ᠴᠦᠩᠴᠢᠩ ᠬᠤᠲᠠ ᠶᠢᠨ ᠣᠳᠣ ᠦᠶ᠎ᠡ ᠶᠢᠨ ᠤᠶᠤᠨᠲᠤ ᠲᠠᠷᠢᠶᠠᠯᠠᠩ ᠪᠠ ᠤᠷᠢᠳᠴᠢᠯᠠᠨ  ᠦᠢᠯᠡᠳᠦᠭᠰᠡᠨ ᠨᠣᠭᠤᠭ᠎ᠠ ᠶᠢᠨ ᠲᠥᠷᠥᠯ ᠵᠦᠢᠯ ᠢ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2023/12/7
      ᠣᠶᠢᠷ᠎ᠠ ᠶᠢᠨ ᠡᠳᠦᠷ᠂ ᠤᠷᠠᠳ ᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠸᠠᠩ ᠵᠢᠶᠦ᠋ᠨ ᠵᠢᠶᠧ ᠪᠦᠯᠬᠦᠮ ᠳᠠᠭᠠᠭᠤᠯᠤᠨ ᠴᠦᠩᠴᠢᠩ ᠬᠤᠲᠠ ᠶᠢᠨ ᠯᠢᠶᠠᠩ ᠫᠢᠩ ᠲᠣᠭᠤᠷᠢᠭ ᠲᠤ ᠬᠦᠷᠴᠦ ᠣᠲᠣ ᠦᠶ᠎ᠡ ᠶᠢᠨ ᠣᠶᠤᠨᠴᠢ ᠲᠠᠷᠢᠶᠠᠯᠠᠩ ᠪᠠ ᠤᠷᠢᠳᠴᠢᠯᠠᠨ  ᠦᠢᠯᠡᠳᠦᠭᠰᠡᠨ ᠨᠣᠭᠤᠭ᠎ᠠ ᠶᠢᠨ ᠲᠥᠷᠥᠯ  ᠵᠦᠢᠯ ᠢ ᠰᠢᠨᠵᠢᠯᠡᠨ ᠪᠠᠶᠢᠴᠠᠭᠠᠵᠤ᠂ ᠯᠢᠶᠠᠩ ᠫᠢᠩ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠶᠦ᠋ᠩ ᠯᠢᠶᠠᠩ ᠪᠠᠷ᠎ᠠ ᠪᠣᠯᠵᠣ ᠰᠢᠨᠵᠢᠯᠡᠨ ᠪᠠᠶᠢᠴᠠᠭᠠᠪᠠ᠃       ᠴᠦᠩᠴᠢᠩ ᠤᠨ ᠱᠤ᠋ ᠭᠦ᠋ ᠲᠠᠷᠢᠶᠠᠯᠠᠩ ᠤᠨ ᠲᠠᠯᠠᠪᠠᠢ ᠳᠤ᠂ ᠸᠠᠩ ᠵᠢᠶᠦ᠋ᠨ ᠵᠢᠶᠧ ᠵᠢᠭᠠᠰᠤ ᠨᠣᠭᠤᠭ᠎ᠠ ᠬᠠᠮᠲᠤᠷᠠᠨ ᠣᠷᠣᠰᠢᠬᠤ ᠲᠣᠭᠠᠴᠢᠯᠠᠭᠰᠠᠨ ᠦᠢᠯᠡᠳᠪᠦᠷᠢ ᠪᠣᠯᠤᠨ ᠬᠤᠯᠠᠨᠳ᠋ ᠤᠨ ᠲᠥᠪᠡᠳ ᠬᠠᠰᠢ ᠶᠢᠨ ᠦᠢᠯᠡᠳᠪᠦᠷᠢ ᠶᠢ ᠰᠢᠨᠵᠢᠯᠡᠨ ᠪᠠᠶᠢᠴᠠᠭᠠᠵᠤ᠂ ᠯᠢᠶᠠᠩ ᠫᠢᠩ ᠲᠣᠭᠤᠷᠢᠭ ᠤᠨ ᠤᠳᠤ ᠦᠶ᠎ᠡ ᠶᠢᠨ ᠤᠶᠤᠨᠲᠤ ᠲᠠᠷᠢᠶᠠᠯᠠᠩ ᠤᠨ ᠬᠥᠭᠵᠢᠯᠲᠡ ᠶᠢᠨ ᠲᠥᠯᠥᠪᠵᠢᠭᠦᠯᠭᠡ ᠪᠣᠯᠤᠨ ᠴᠦᠩᠴᠢᠩ ᠤᠨ ᠱᠤ᠋ ᠭᠦ᠋ ᠲᠠᠷᠢᠶᠠᠯᠠᠩ ᠤᠨ ᠲᠠᠯᠠᠪᠠᠢ ᠶᠢᠨ ᠪᠦᠳᠦᠭᠡᠨ ᠪᠠᠶᠢᠭᠤᠯᠤᠯᠲᠠ ᠡᠵᠡᠩᠨᠡᠯᠲᠡ ᠶᠢᠨ ᠪᠠᠶᠢᠳᠠᠯ ᠤᠨ ᠲᠤᠬᠠᠢ ᠲᠠᠨᠢᠯᠴᠠᠭᠤᠯᠭ᠎ᠠ ᠶᠢ ᠰᠣᠨᠣᠰᠪᠠ᠃

重庆考察1.jpg

      ᠯᠦ ᠬᠠᠶ ᠰᠢᠨ᠎ᠡ ᠵᠠᠮ ᠤᠨ ᠤᠷᠢᠳᠴᠢᠯᠠᠨ  ᠦᠢᠯᠡᠳᠦᠭᠰᠡᠨ ᠢᠳᠡᠰᠢᠨ ᠨᠣᠭᠤᠭ᠎ᠠ ᠶᠢᠨ ᠲᠥᠪᠯᠡᠷᠡᠭᠦᠯᠦᠨ ᠲᠠᠷᠬᠠᠭᠠᠬᠤ ᠲᠥᠪ ᠲᠤ᠂ ᠸᠠᠩ ᠵᠢᠶᠦ᠋ᠨ

ᠵᠢᠶᠧ ᠳᠤᠮᠳᠠᠳᠤ ᠤᠯᠤᠰ ᠤᠨ ᠪᠠᠷᠠᠭᠤᠨ ᠣᠷᠣᠨ ᠤ ᠤᠷᠢᠳᠴᠢᠯᠠᠨ  ᠦᠢᠯᠡᠳᠦᠭᠰᠡᠨ ᠢᠳᠡᠰᠢᠨ ᠨᠣᠭᠤᠭ᠎ᠠ ᠶᠢᠨ ᠬᠤᠲᠠ ᠶᠢᠨ ᠦᠵᠡᠰᠬᠦᠯᠡᠩ ᠤᠨ ᠣᠷᠳᠣᠨ

᠂ ᠡᠵᠡᠩᠨᠡᠯᠲᠡ ᠶᠢᠨ ᠲᠥᠪ ᠪᠣᠯᠤᠨ ᠪᠡᠶᠡᠴᠢᠯᠡᠨ ᠣᠶᠢᠯᠠᠭᠠᠬᠤ ᠣᠷᠳᠣᠨ ᠢ ᠰᠢᠨᠵᠢᠯᠡᠨ ᠪᠠᠶᠢᠴᠠᠭᠠᠭᠰᠠᠨ ᠪᠥᠭᠡᠳ ᠰᠢᠶᠦ᠋ᠩ ᠯᠢᠶᠠᠩ ᠲᠠᠢ ᠤᠷᠠᠳ ᠤᠨ

ᠡᠮᠦᠨᠡᠲᠦ ᠬᠤᠰᠢᠭᠤ ᠪᠣᠯᠤᠨ ᠯᠢᠶᠠᠩ ᠫᠢᠩ ᠲᠣᠭᠤᠷᠢᠭ ᠤᠨ ᠤᠷᠢᠳᠴᠢᠯᠠᠨ  ᠦᠢᠯᠡᠳᠦᠭᠰᠡᠨ ᠢᠳᠡᠰᠢᠨ ᠨᠣᠭᠤᠭ᠎ᠠ ᠶᠢᠨ ᠠᠵᠤ  ᠦᠢᠯᠡᠰ ᠤᠨ

ᠬᠠᠮᠲᠤᠷᠠᠯᠴᠠᠭ᠎ᠠ ᠬᠥᠭᠵᠢᠯᠲᠡ ᠶᠢ ᠠᠬᠢᠭᠤᠯᠬᠤ ᠲᠤᠬᠠᠶ ᠰᠠᠨᠠᠯ ᠢᠶᠠᠨ ᠰᠣᠯᠢᠯᠴᠠᠪᠠ᠃

     ᠣᠶᠢᠯᠠᠭᠠᠭᠰᠠᠨ ᠢᠶᠠᠷ᠂ ᠯᠢᠶᠠᠩ ᠫᠢᠩ ᠲᠣᠭᠤᠷᠢᠭ ᠨᠢᠭᠡᠨᠲᠡ ᠳᠤᠮᠳᠠᠳᠤ ᠤᠯᠤᠰ ᠤᠨ ᠪᠠᠷᠠᠭᠤᠨ ᠣᠷᠣᠨ ᠤ ᠤᠷᠢᠳᠴᠢᠯᠠᠨ  ᠦᠢᠯᠡᠳᠦᠭᠰᠡᠨ

ᠨᠣᠭᠤᠭ᠎ᠠ ᠶᠢᠨ ᠬᠤᠲᠠ ᠪᠣᠯᠵᠣ᠂ ᠪᠥᠬᠦ ᠤᠯᠤᠰ ᠤᠨ 2023 ᠣᠨ ᠤ ᠤᠷᠢᠳᠴᠢᠯᠠᠨ  ᠦᠢᠯᠡᠳᠦᠭᠰᠡᠨ ᠨᠣᠭᠤᠭ᠎ᠠ ᠶᠢᠨ ᠠᠵᠤ ᠦᠢᠯᠡᠰ ᠤᠨ ᠰᠠᠭᠤᠷᠢᠨ

ᠭᠠᠵᠠᠷ ᠤᠨ ᠵᠠᠭᠤᠨ ᠬᠦᠴᠦᠷᠬᠡᠭ ᠤᠨ ᠨᠡᠷᠡᠰ ᠤᠨ ᠵᠢᠭᠰᠠᠭᠠᠯᠲᠠ ᠳᠤ ᠲᠦᠷᠦᠭᠦᠯᠡᠵᠦ᠂ 2022 ᠣᠨ ᠤ ᠤᠷᠢᠳᠴᠢᠯᠠᠨ  ᠦᠢᠯᠡᠳᠦᠭᠰᠡᠨ ᠨᠣᠭᠤᠭ᠎ᠠ ᠶᠢᠨ

ᠪᠥᠬᠦ ᠠᠵᠤ  ᠦᠢᠯᠡᠰ ᠤᠨ ᠬᠡᠯᠬᠢᠶ᠎ᠡ 236 ᠳ᠋ᠦᠩᠰᠢᠭᠤᠷ ᠲᠥᠭᠦᠷᠢᠭ᠂ 2025 ᠣᠨ ᠪᠣᠯᠬᠤ ᠳᠤ ᠦᠢᠯᠡᠳᠭᠦᠨ ᠤ ᠥᠷᠲᠡᠭ ᠤᠨ ᠬᠠᠷᠠᠯᠲᠠ 500

ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ 2030 ᠣᠨ ᠪᠣᠯᠬᠤ ᠳᠤ ᠮᠢᠩᠭᠠᠨ ᠳ᠋ᠦᠩᠰᠢᠭᠤᠷ ᠲᠠᠰ ᠤᠨ ᠠᠵᠤ  ᠦᠢᠯᠡᠰ ᠤᠨ ᠰᠦᠷᠦᠭᠵᠢᠯ ᠢ

ᠪᠦᠷᠢᠯᠳᠦᠭᠦᠯᠵᠦ᠂ ᠳᠡᠯᠡᠬᠡᠶ ᠳᠡᠭᠡᠷ᠎ᠡ ᠥᠷᠢᠰᠥᠯᠳᠦᠬᠦ ᠬᠦᠴᠦᠨ ᠲᠠᠢ ᠤᠷᠢᠳᠴᠢᠯᠠᠨ  ᠦᠢᠯᠡᠳᠦᠭᠰᠡᠨ ᠨᠣᠭᠤᠭ᠎ᠠ ᠶᠢᠨ ᠠᠵᠤ  ᠦᠢᠯᠡᠰ ᠤᠨ ᠰᠠᠭᠤᠷᠢᠨ ᠢ

ᠪᠠᠶᠢᠭᠤᠯᠬᠤ ᠪᠠᠷ ᠲᠥᠯᠥᠪᠯᠡᠵᠦ ᠪᠠᠶᠢᠨ᠎ᠠ᠃ ᠸᠠᠩ ᠵᠢᠶᠦ᠋ᠨ ᠵᠢᠶᠧ᠂ ᠯᠢᠶᠠᠩ ᠫᠢᠩ ᠲᠣᠭᠤᠷᠢᠭ ᠤᠨ ᠤᠷᠢᠳᠴᠢᠯᠠᠨ  ᠦᠢᠯᠡᠳᠦᠭᠰᠡᠨ ᠢᠳᠡᠰᠢᠨ

ᠨᠣᠭᠤᠭ᠎ᠠ ᠶᠢᠨ ᠳᠠᠭᠠᠭᠤᠯᠤᠭᠴᠢ ᠠᠵᠤ ᠠᠬᠤᠶᠢᠯᠠᠯ  ᠨᠢ ᠤᠷᠠᠳ ᠤᠨ ᠡᠮᠦᠨᠡᠲᠦ ᠬᠤᠰᠢᠭᠤ ᠲᠠᠢ ᠰᠠᠭᠤᠷᠢᠨ ᠳᠤ ᠳᠠᠷᠢᠬᠤ᠂ ᠲᠦᠭᠦᠬᠡᠶ ᠮᠠᠲ᠋ᠧᠷᠢᠶᠠᠯ

ᠬᠠᠩᠭᠠᠬᠤ᠂ ᠤᠷᠢᠳᠴᠢᠯᠠᠨ  ᠦᠢᠯᠡᠳᠴᠦ ᠪᠣᠯᠪᠠᠰᠤᠷᠠᠭᠤᠯᠬᠤ᠂ ᠨᠠᠷᠠᠲᠤ ᠲᠡᠮᠳᠡᠭ ᠢ ᠳᠡᠯᠭᠡᠷᠡᠭᠦᠯᠬᠦ᠂ ᠵᠠᠬ᠎ᠠ ᠳᠡᠯᠭᠡᠭᠦᠷ ᠲᠤ ᠡᠵᠡᠩᠨᠡᠨ ᠪᠣᠷᠣᠯᠠᠭᠤᠯᠬᠤ ᠵᠡᠷᠭᠡ

ᠲᠠᠯ᠎ᠠ ᠪᠠᠷ ᠬᠠᠮᠲᠤᠷᠠᠯᠴᠠᠭ᠎ᠠ ᠪᠠᠨ  ᠴᠢᠩᠭᠠᠳᠬᠠᠵᠤ᠂ ᠤᠷᠠᠳ ᠤᠨ ᠡᠮᠦᠨᠡᠲᠦ ᠬᠤᠰᠢᠭᠤ ᠪᠣᠬᠢᠷᠲᠤᠯ ᠥᠬᠡᠶ ᠣᠷᠭᠠᠨᠢᠭ ᠲᠠᠷᠢᠮᠠᠯ ᠤᠨ ᠰᠠᠭᠤᠷᠢᠨ ᠪᠣᠯᠤᠨ

ᠠᠵᠤ  ᠦᠢᠯᠡᠰ ᠤᠨ ᠰᠠᠭᠤᠷᠢ ᠳᠠᠪᠠᠭᠤᠯᠢᠭ ᠢᠶᠠᠨ  ᠭᠦᠢᠴᠡᠳ ᠪᠠᠳᠠᠷᠠᠭᠤᠯᠵᠤ᠂ ᠤᠷᠢᠳᠴᠢᠯᠠᠨ  ᠦᠢᠯᠡᠳᠦᠭᠰᠡᠨ ᠢᠳᠡᠰᠢᠨ ᠨᠣᠭᠤᠭ᠎ᠠ ᠶᠢᠨ ᠠᠵᠤ 

ᠦᠢᠯᠡᠰ ᠤᠨ ᠬᠥᠭᠵᠢᠯᠲᠡ ᠳᠤ ᠬᠠᠮᠤᠭ ᠤᠨ ᠰᠢᠯᠢᠳᠡᠭ ᠪᠠᠯᠠ ᠣᠷᠣᠭᠤᠯᠤᠯᠲᠠ ᠶᠢᠨ ᠣᠷᠴᠢᠨ ᠲᠣᠭᠤᠷᠢᠨ ᠢ  ᠬᠠᠩᠭᠠᠬᠤ ᠶᠢ ᠬᠦᠰᠡᠵᠦ  ᠪᠠᠶᠢᠨ᠎ᠠ ᠭᠡᠪᠡ᠃ 

重庆考察2.jpg

     ᠰᠢᠶᠦ᠋ᠩ ᠯᠢᠶᠠᠩ᠂ ᠤᠷᠠᠳ ᠤᠨ ᠡᠮᠦᠨᠡᠲᠦ ᠬᠤᠰᠢᠭᠤ ᠤᠢᠢᠷ᠎ᠠ ᠶᠢᠨ ᠵᠢᠯ ᠠᠴᠠ ᠪᠣᠬᠢᠷᠲᠤᠯ ᠦᠭᠡᠢ ᠣᠷᠭᠠᠨᠢᠭ ᠲᠠᠷᠢᠶᠠᠯᠠᠩ ᠤᠨ ᠬᠥᠭᠵᠢᠯᠲᠡ ᠶᠢ

ᠲᠦᠷᠭᠡᠳᠬᠡᠨ ᠠᠬᠢᠭᠤᠯᠵᠤ᠂ ᠯᠢᠶᠠᠩ ᠫᠢᠩ ᠲᠣᠭᠤᠷᠢᠭ ᠯᠤᠭ᠎ᠠ ᠤᠷᠢᠳᠴᠢᠯᠠᠨ ᠦᠢᠯᠡᠳᠦᠭᠰᠡᠨ ᠢᠳᠡᠰᠢᠨ ᠨᠣᠭᠤᠭ᠎ᠠ ᠶᠢᠨ ᠠᠵᠤ ᠦᠢᠯᠡᠰ ᠤᠨ

ᠬᠥᠭᠵᠢᠯᠲᠡ ᠶᠢᠨ ᠲᠠᠯ᠎ᠠ ᠪᠠᠷ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠵᠦ᠂ ᠳᠤᠷᠠᠲᠠᠶ᠎ᠠ ᠬᠤᠶᠠᠷ ᠲᠠᠯ᠎ᠠ ᠪᠠᠷ ᠢᠶᠠᠨ ᠲᠠᠰᠤᠷᠠᠯᠳᠠ ᠦᠭᠡᠢ ᠰᠣᠯᠢᠯᠴᠠᠭ᠎ᠠ

ᠬᠢᠵᠦ ᠰᠢᠨᠵᠢᠯᠡᠨ ᠪᠠᠶᠢᠴᠠᠭᠠᠬᠤ᠂ ᠬᠠᠮᠲᠤᠷᠠᠯᠴᠠᠭ᠎ᠠ ᠪᠠᠨ ᠴᠢᠩᠭᠠᠳᠬᠠᠬᠤ ᠶᠢ ᠠᠬᠢᠭᠤᠯᠵᠤ᠂ ᠤᠷᠢᠳᠴᠢᠯᠠᠨ ᠦᠢᠯᠡᠳᠦᠭᠰᠡᠨ ᠢᠳᠡᠰᠢᠨ ᠨᠣᠭᠤᠭ᠎ᠠ ᠶᠢᠨ ᠠᠵᠤ

ᠦᠢᠯᠡᠰ ᠤᠨ ᠬᠥᠭᠵᠢᠯᠲᠡ ᠶᠢ ᠬᠠᠮᠲᠤ ᠪᠠᠷ ᠠᠬᠢᠭᠤᠯᠤᠨ᠎ᠠ ᠭᠡᠵᠦ ᠢᠯᠡᠳᠬᠡᠪᠡ᠃

     ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠹᠠᠨ ᠵᠢᠶᠦ᠋ᠨ ᠬᠤᠶ ᠵᠢᠴᠢ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ᠂ ᠪᠠᠯᠠ

ᠣᠷᠣᠭᠤᠯᠤᠯᠲᠠ ᠶᠢ ᠠᠬᠢᠭᠤᠯᠬᠤ ᠲᠥᠪ ᠤᠨ ᠬᠠᠷᠢᠭᠤᠴᠠᠯᠭᠠᠲᠠᠨ ᠰᠢᠨᠵᠢᠯᠡᠨ ᠪᠠᠶᠢᠴᠠᠭᠠᠬᠤ ᠳᠤ ᠣᠷᠣᠯᠴᠠᠪᠠ᠃

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ