ᠶᠤᠸᠠᠨ ᠬᠤᠩ ᠨᠤᠲᠤᠭ ᠪᠤᠴᠠᠵᠤ ᠠᠮᠲᠠᠲᠤ ᠬᠡᠮᠬᠡ ᠲᠠᠷᠢᠨ ᠣᠷᠤᠯᠭ᠎ᠠ ᠪᠠᠨ ᠨᠡᠮᠡᠭᠳᠡᠭᠦᠯᠵᠦ ᠪᠣᠢ
ᠨᠡᠶᠢᠲᠡᠯᠡᠭᠰᠡᠨ ᠴᠠᠭ᠄
2023/12/7
      ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠦᠷᠭᠦᠯᠵᠢᠯᠡᠨ ᠠᠬᠢᠬᠤ ᠶᠢ ᠲᠠᠭᠠᠯᠳᠤᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠬᠥᠷ ᠬᠥᠭᠵᠢᠶᠡᠨ ᠲᠠᠢ ᠶᠠᠪᠤᠭᠳᠠᠵᠤ᠂ ᠬᠥᠳᠡᠭᠡ ᠨᠤᠲᠤᠭ ᠲᠠᠭᠠᠨ ᠪᠤᠴᠠᠵᠤ ᠦᠢᠯᠡᠰ ᠪᠣᠰᠬᠠᠵᠤ ᠠᠵᠢᠯ ᠣᠯᠬᠤ ᠨᠢ ᠤᠯᠠᠮ ᠠᠴᠠ ᠣᠯᠠᠨ ᠵᠠᠯᠠᠭᠤᠴᠤᠳ ᠤᠨ ᠰᠤᠩᠭᠤᠯᠲᠠ ᠪᠣᠯᠵᠠᠢ᠃      ᠣᠶᠢᠷ᠎ᠠ ᠳᠤ᠂ ᠰᠣᠷᠪᠤᠯᠵᠢᠯᠠᠬᠴᠢ ᠶᠢ ᠮᠠᠨ ᠬᠤᠰᠢᠭᠤᠨ ᠤ ᠮᠣᠨᠠ ᠠᠭᠤᠯᠠ ᠪᠠᠯᠭᠠᠰᠤᠨ ᠤ ᠯᠢᠶᠠᠨ ᠭᠤᠸᠠᠩ ᠲᠣᠰᠬᠤᠨ ᠳᠤ ᠬᠦᠷᠬᠦ ᠳᠤ᠂ ᠵᠠᠯᠠᠭᠤ ᠥᠬᠢᠨ ᠶᠤᠸᠠᠨ ᠬᠤᠩ ᠶᠠᠭ ᠬᠥᠯᠡᠮᠵᠢ ᠳᠠᠬᠢ ᠠᠮᠲᠠᠲᠤ ᠬᠡᠮᠬᠡ ᠪᠠᠨ ᠠᠷᠠᠴᠢᠯᠠᠨ ᠳᠤᠲᠤᠮᠳᠤᠭᠠᠳ ᠶᠠᠭᠠᠷᠠᠵᠤ  ᠪᠠᠶᠢᠬᠤ ᠲᠠᠢ ᠲᠠᠭᠠᠷᠠᠯᠳᠤᠯ᠎ᠠ᠃

95后 创业5.jpg

      ᠶᠡᠭᠡ ᠰᠤᠷᠭᠠᠭᠤᠯᠢ ᠪᠠᠨ ᠳᠡᠭᠦᠰᠦᠭᠰᠡᠨ ᠤ ᠳᠠᠷᠠᠭ᠎ᠠ ᠪᠢ ᠭᠠᠳᠠᠨ᠎ᠠ ᠬᠡᠳᠦᠨ ᠵᠢᠯ ᠠᠵᠢᠯᠯᠠᠵᠠᠢ᠃ ᠨᠢᠳᠤᠨᠤᠨ ᠵᠢᠯ ᠨᠤᠲᠤᠭ ᠤᠨ ᠢᠶᠠᠨ

ᠳᠦᠭᠦᠭᠡᠷᠦᠮᠵᠢᠲᠦ ᠲᠠᠷᠢᠶᠠᠯᠠᠩ ᠤᠨ ᠬᠦᠭᠵᠢᠯᠲᠡ ᠶᠡᠭᠡ ᠰᠠᠶᠢᠨ ᠪᠠᠶᠢᠬᠤ ᠶᠢ ᠰᠣᠨᠣᠰᠤᠭᠠᠳ᠂ ᠪᠢ ᠬᠥᠳᠡᠭᠡ ᠲᠣᠰᠬᠤᠨ ᠳᠤ ᠪᠠᠨ ᠪᠤᠴᠠᠵᠤ ᠢᠷᠡᠭᠡᠳ ᠠᠪᠤ

ᠡᠵᠢ ᠪᠠᠨ ᠬᠠᠪᠰᠤᠷᠴᠤ ᠠᠮᠲᠠᠲᠤ ᠬᠡᠮᠬᠡ ᠶᠢᠨ ᠠᠵᠤ ᠦᠢᠯᠡᠰ ᠡᠵᠡᠩᠨᠡᠬᠦ ᠪᠠᠷ ᠲᠣᠭᠲᠠᠵᠠᠢ᠃ ᠣᠳᠣ ᠶᠢᠨ ᠲᠠᠷᠢᠶᠠᠯᠠᠩ ᠤᠨ ᠲᠠᠷᠢᠮᠠᠯ ᠤᠨ ᠶᠡᠬᠡᠩᠬᠡᠢ ᠬᠡᠰᠡᠭ

 ᠨᠢ ᠪᠦᠷ ᠮᠧᠬᠠᠨᠢᠭᠵᠢᠭᠰᠡᠨ ᠲᠤᠯᠠ ᠬᠥᠮᠥᠨ ᠤ ᠬᠦᠴᠦᠨ ᠳᠤ ᠶᠡᠭᠡ ᠠᠷᠪᠢᠲᠠᠢ ᠮᠥᠷᠲᠡᠭᠡᠨ ᠦᠷ᠎ᠡ ᠠᠰᠢᠭ ᠣᠯᠬᠤ ᠳᠤ ᠴᠦ ᠶᠡᠭᠡ ᠰᠠᠶᠢᠨ︾ ᠭᠡᠵᠦ

ᠶᠣᠶᠠᠨ ᠬᠤᠩ ᠰᠣᠷᠪᠤᠯᠵᠢᠯᠠᠭᠴᠢ ᠳᠤ ᠶᠠᠷᠢᠵᠤ ᠪᠠᠶᠢᠯ᠎ᠠ᠃

      ᠶᠤᠸᠠᠨ ᠬᠤᠩ ᠡᠨᠡ ᠵᠢᠯ 83 ᠶᠡᠭᠡ  ᠬᠦᠯᠡᠮᠵᠢ ᠶᠢᠨ 107 ᠮᠤ᠋ ᠭᠠᠵᠠᠷ ᠡᠵᠡᠩᠨᠡᠵᠦ᠂ ᠪᠦᠷ ᠠᠮᠲᠠᠲᠦ ᠬᠡᠮᠬᠡ ᠳᠠᠷᠢᠭᠰᠠᠨ ᠪᠠᠶᠢᠨ᠎ᠠ᠃ ᠡᠨᠡ

ᠬᠤᠶᠠᠷ ᠡᠳᠦᠷ᠂ ᠲᠡᠷᠡ ᠡᠳᠦᠷ ᠪᠦᠷᠢ 40 ᠭᠷᠠᠳᠦ᠋ᠰ ᠤᠨ ᠬᠠᠯᠠᠭᠤᠨ ᠬᠥᠯᠡᠮᠵᠢ ᠳᠤ ᠰᠠᠭᠤᠵᠤ᠂  ᠠᠵᠢᠯᠴᠢᠳ ᠲᠠᠢ ᠬᠠᠮᠲᠤ ᠪᠠᠷ ᠬᠥᠳᠡᠯᠮᠦᠷᠢᠯᠡᠵᠦ᠂

ᠰᠠᠪᠠᠯᠠᠬᠤ ᠪᠠᠭᠤᠯᠭᠠᠬᠤ᠂ ᠵᠠᠶᠢᠯᠠᠬᠤ ᠵᠡᠷᠭᠡ ᠠᠵᠢᠯ ᠤᠳ ᠢ ᠬᠢᠵᠦ ᠶᠠᠭᠠᠷᠠᠨ᠎ᠠ᠃ ᠣᠳᠣ ᠲᠡᠷᠡ ᠨᠢᠭᠡ ᠲᠠᠯ᠎ᠠ ᠪᠠᠷ ᠬᠡᠷᠬᠢᠨ ᠲᠠᠷᠢᠶ᠎ᠠ ᠲᠠᠷᠢᠬᠤ  ᠶᠢ  ᠰᠤᠷᠴᠦ

᠂ ᠨᠥᠭᠦᠭᠡ ᠲᠠᠯ᠎ᠠ ᠪᠠᠷ ᠪᠠᠰᠠ ᠳᠦᠷᠰᠦ ᠰᠢᠩᠭᠡᠭᠡᠯᠲᠡ ᠪᠠᠷ ᠰᠡᠭᠦᠳᠡᠷᠯᠡᠬᠦ ᠶᠢ ᠰᠤᠷᠴᠤ᠂ ᠡᠳᠦᠷ ᠪᠦᠷᠢ ᠶᠢᠨ ᠠᠮᠢᠳᠤᠷᠠᠯ ᠢᠶᠠᠨ ᠪᠠᠶᠠᠷ  ᠪᠠᠭ᠋ᠠᠳᠤᠯ ᠲᠠᠢ᠂

ᠤᠳᠬ᠎ᠠ ᠲᠡᠭᠦᠯᠳᠡᠷ ᠥᠩᠭᠡᠷᠡᠭᠦᠯᠵᠦ ᠪᠠᠶᠢᠨ᠎ᠠ᠃

95后 创业6.jpg

      ᠲᠡᠷᠡ ᠪᠠᠰᠠ ᠰᠣᠷᠪᠤᠯᠵᠢᠯᠠᠭᠴᠢ ᠳᠤ ᠴᠢᠬᠢ ᠪᠣᠶᠢᠵᠢᠭᠤᠯᠬᠤ  ᠱᠠᠲᠤᠨ ᠳᠤ ᠡᠳᠦᠷ ᠤᠨ ᠴᠡᠯᠢᠭ ᠢ ᠪᠣᠳᠣᠬᠤ ᠭᠡᠯᠪᠡᠷᠢ ᠪᠠᠷ 40 ᠭᠠᠷᠤᠢ ᠲᠣᠰᠬᠤᠨ

 ᠤ ᠠᠷᠠᠳ ᠢ ᠬᠦᠯᠦᠰᠦᠯᠡᠨ ᠬᠡᠷᠡᠭᠯᠡᠵᠦ᠂ ᠣᠯᠠᠨ ᠢ ᠡᠳᠦᠷ ᠪᠦᠷᠢ ᠢᠯᠡᠭᠦᠦ ᠨᠢᠭᠡ ᠬᠤᠪᠢ ᠤᠷᠤᠯᠭ᠎ᠠ ᠲᠠᠢ ᠪᠣᠯᠭᠠᠬᠤ  ᠠᠴᠠ ᠭᠠᠳᠠᠨ᠎ᠠ ᠪᠠᠰᠠ ᠥᠪᠡᠷ ᠢᠶᠠᠨ

ᠲᠠᠷᠢᠵᠤ ᠠᠷᠠᠴᠢᠯᠠᠬᠤ ᠮᠡᠷᠭᠡᠵᠢᠯ ᠳᠤ ᠮᠡᠷᠭᠡᠰᠢᠬᠦ ᠶᠢᠨ ᠳᠠᠭᠠᠤ ᠣᠯᠠᠨ ᠢ ᠳᠠᠶᠢᠴᠢᠯᠠᠨ ᠣᠶᠢᠷ᠎ᠠ ᠬᠠᠪᠢ ᠳᠠᠭᠠᠨ ᠠᠵᠢᠯ ᠣᠯᠵᠤ ᠤᠷᠤᠯᠭ᠎ᠠ ᠶᠢ ᠨᠢ

ᠨᠡᠮᠡᠭᠳᠡᠭᠦᠯᠵᠦ ᠪᠠᠶᠢᠨ᠎ᠠ ᠭᠡᠪᠡ᠃

      ᠭᠠᠵᠠᠷ ᠰᠢᠷᠣᠢ ᠶᠢ ᠠᠰᠢᠭᠯᠠᠨ ᠣᠷᠤᠯᠭ᠎ᠠ ᠪᠠᠨ ᠨᠡᠮᠡᠭᠳᠡᠭᠦᠯᠵᠦ᠂ ᠡᠯᠪᠡᠭ ᠬᠤᠷᠢᠶᠠᠯᠲᠠ ᠣᠯᠬᠤ ᠵᠣᠷᠢᠯᠭ᠎ᠠ ᠳᠠᠭᠠᠨ ᠬᠦᠷᠬᠦ ᠶᠢᠨ ᠲᠥᠯᠥᠭᠡ᠂

ᠶᠣᠸᠠᠨ ᠬᠤᠩ ᠪᠠᠰᠠ ᠠᠮᠲᠠᠲᠦ ᠬᠡᠮᠬᠡ ᠶᠢ ᠲᠡᠭᠦᠵᠦ ᠳᠠᠭᠤᠰᠤᠭᠰᠠᠨ ᠤ ᠳᠠᠷᠠᠭ᠎ᠠ ᠲᠠᠬᠢᠨ  ᠯᠠᠵᠤᠤ ᠲᠠᠷᠢᠵᠤ᠂ 2022 ᠣᠨ ᠤ ᠡᠴᠦᠰ ᠲᠤ

ᠪᠠᠶᠢᠭᠤᠯᠤᠭᠰᠠᠨ 3000 ᠭᠠᠷᠤᠢ ᠪᠣᠰᠤᠭ᠎ᠠ ᠳᠥᠷᠪᠡᠯᠵᠢᠨ ᠮᠧᠲᠷ ᠤᠨ ᠭᠠᠵᠠᠷ ᠡᠵᠡᠯᠡᠬᠦ ᠬᠦᠢᠲᠡᠨ ᠬᠥᠮᠥᠷᠭᠡ ᠶᠢ ᠠᠰᠢᠭᠯᠠᠨ᠂  ᠯᠠᠵᠤᠤ ᠬᠠᠳᠠᠭᠠᠯᠠᠵᠤ᠂

ᠵᠠᠬ᠎ᠠ ᠳᠡᠯᠭᠡᠭᠦᠷ ᠲᠤ ᠭᠠᠷᠭᠠᠨ ᠠᠰᠢᠭ ᠣᠷᠤᠯᠭ᠎ᠠ ᠪᠠᠨ ᠨᠡᠮᠡᠭᠳᠡᠭᠦᠯᠬᠦ ᠪᠠᠷ ᠪᠠᠶᠢᠨ᠎ᠠ᠃

95后 创业7.jpg

      ᠣᠳᠣ ᠪᠤᠯᠲᠠᠯ᠎ᠠ᠂ ᠶᠤᠸᠠᠨ ᠬᠤᠩ ᠰᠢᠭ᠋ ᠨᠤᠲᠤᠭ ᠲᠠᠭᠠᠨ ᠪᠤᠴᠠᠵᠤ ᠦᠢᠯᠡᠰ ᠪᠣᠰᠬᠠᠬᠤ ᠵᠠᠯᠠᠭᠤᠴᠤᠳ ᠤᠯᠠᠮ ᠠᠴᠠ ᠤᠯᠠᠮ ᠣᠯᠠᠰᠢᠷᠠᠵᠤ᠂

ᠲᠡᠳᠡᠨ ᠤ ᠨᠤᠲᠤᠭ ᠤᠰᠤ ᠪᠠᠨ ᠬᠥᠭᠵᠢᠭᠦᠯᠦᠨ ᠮᠠᠨᠳᠤᠭᠤᠯᠬᠤ ᠳᠤ ᠰᠢᠨ᠎ᠡ ᠣᠶᠢᠯᠠᠭᠠᠭᠳᠠᠭᠤᠨ ᠢ ᠣᠯᠭᠤᠵᠤ᠂ ᠰᠢᠨ᠎ᠡ ᠠᠮᠢᠵᠢᠷᠠᠯ ᠤᠨ ᠬᠦᠴᠦᠨ

ᠨᠠᠮᠠᠷᠢᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠤᠬᠠᠭᠠᠨ ᠴᠢᠳᠠᠯ ᠢᠶᠠᠨ ᠵᠣᠷᠢᠭᠤᠯᠵᠤ ᠶᠠᠪᠤᠨ᠎ᠠ᠃

95后 创业8.jpg

95后 创业9.jpg

 

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ