ᠰᠢᠩ ᠬᠤᠤ ᠳ᠋ᠦᠩ
ᠨᠡᠶᠢᠲᠡᠯᠡᠭᠰᠡᠨ ᠴᠠᠭ᠄
2023/2/13
ᠠᠵᠢᠯ ᠤᠨ ᠬᠤᠪᠢᠶᠠᠷᠢᠯᠠᠯ ᠄     ᠬᠤᠰᠢᠭᠤ ᠳᠠᠷᠤᠭ᠎ᠠ ᠶᠢ ᠬᠠᠮᠵᠢᠨ ᠬᠥᠮᠦᠨ ᠤ ᠬᠦᠴᠦᠨ ᠤ ᠡᠬᠢ ᠪᠠᠶᠠᠯᠢᠭ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠡᠮ ᠡᠮᠨᠡᠯᠭᠡ ᠶᠢᠨ ᠪᠠᠲᠤᠯᠠᠭ᠎ᠠ᠂ ᠵᠠᠬ᠎ᠠ ᠳᠡᠯᠭᠡᠭᠦᠷ ᠤᠨ ᠬᠠᠮᠢᠶᠠᠷᠤᠯᠲᠠ ᠵᠡᠷᠭᠡ ᠠᠵᠢᠯ ᠢ ᠬᠠᠷᠢᠭᠤᠴᠠᠨ᠎ᠠ᠃ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ︵ᠮᠣᠩᠭᠤᠯ ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ ᠲᠣᠪᠴᠢᠶ᠎ᠠ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠵᠥᠪᠯᠡᠯ ᠤᠨ ᠠᠯᠪᠠᠨ ᠭᠡᠷ︶᠂ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ︶ ᠢ ᠬᠤᠪᠢᠳᠠᠨ ᠬᠠᠮᠢᠶᠠᠷᠤᠨ᠎ᠠ᠃ ᠤᠯᠠᠭᠠᠨ ᠵᠠᠭᠠᠯᠮᠠᠢᠲᠠᠨ ᠤ ᠨᠡᠶᠢᠭᠡᠮᠯᠢᠭ᠂ ᠡᠮᠡᠭᠲᠡᠶᠢᠴᠦᠳ ᠤᠨ ᠬᠤᠯᠪᠣᠭ᠎ᠠ᠂ ᠡᠪᠯᠡᠯ ᠤᠨ ᠬᠤᠷᠢᠶ᠎ᠠ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠵᠥᠪᠯᠡᠯ ᠲᠠᠢ ᠬᠠᠷᠢᠯᠴᠠᠨ᠎ᠠ᠃ᠤᠳᠤᠷᠢᠳᠤᠯᠭ᠎ᠠ ᠶᠢᠨ ᠲᠣᠪᠴᠢ ᠲᠠᠨᠢᠯᠴᠠᠭᠤᠯᠭ᠎ᠠ ᠄    ᠰᠢᠩ ᠬᠤᠤ ᠳ᠋ᠦᠩ᠂ ᠡᠷᠡᠭᠲᠡᠢ᠂ ᠬᠢᠲᠠᠳ ᠦᠨᠳᠦᠰᠦᠲᠡᠨ᠂ 1982 ᠣᠨ ᠤ 7 ᠰᠠᠷ᠎ᠠ ᠳᠤ ᠲᠦᠷᠦᠵᠠᠢ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠤᠳᠤ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠶᠢᠨ ᠲᠤᠰᠢᠶᠠᠯ ᠲᠠᠢ᠃ 
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ