ᠮᠤᠨᠠ ᠠᠭᠤᠯᠠ ᠪᠠᠯᠭᠠᠰᠤ᠄  ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠵᠣ᠂ ᠠᠷᠠᠳ ᠤᠨ ᠠᠮᠢᠳᠣᠷᠠᠯ ᠤᠨ  ᠵᠤᠯ ᠵᠢᠷᠭᠠᠯ ᠢ ᠨᠡᠮᠡᠭᠳᠡᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2023/2/14

ᠤᠢᠢᠷ᠎ᠡ ᠶᠢᠨ ᠡᠳᠦᠷ ᠤᠳ ᠲᠤ᠂ ᠤᠷᠠᠳ ᠤᠨ ᠡᠮᠦᠨᠡᠲᠦ ᠬᠤᠰᠢᠭᠤᠨ ᠤ ᠮᠤᠨᠠ ᠠᠭᠤᠯᠠ ᠪᠠᠯᠭᠠᠰᠤ ᠨᠢᠭᠡᠳᠦᠯᠲᠡᠢ ᠲᠥᠯᠥᠪᠵᠢᠭᠦᠯᠦᠨ ᠨᠠᠷᠢᠯᠢᠭ ᠪᠠᠶᠢᠷᠢᠯᠠᠭᠤᠯᠵᠤ᠂

ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠪᠦᠬᠦ ᠲᠠᠯ᠎ᠠ ᠪᠠᠷ ᠠᠬᠢᠭᠤᠯᠵᠤ᠂ ᠤᠯᠠᠨ ᠲᠦᠮᠡᠨ ᠤ ᠠᠮᠢᠳᠤᠷᠠᠯ ᠤᠨ ᠵᠣᠯ ᠵᠢᠷᠭᠠᠯ ᠤᠨ

ᠵᠢᠭᠠᠯᠲᠠ ᠲᠤᠭ᠎ᠠ ᠶᠢ ᠦᠨᠡᠨ ᠬᠦ  ᠲᠡᠭᠡᠭᠰᠢᠯᠡᠬᠦᠯᠵᠦ ᠪᠠᠶᠢᠨ᠎ᠠ᠃

ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠴᠢᠩᠭᠠᠳᠬᠠᠵᠤ ᠨᠠᠶᠢᠳᠠᠪᠤᠷᠢᠵᠢᠭᠤᠯᠤᠯᠲᠠ ᠶᠢ ᠠᠳᠬᠤᠪᠠ᠃  ᠲᠣᠰ ᠪᠠᠯᠭᠠᠰᠣ ᠠᠷᠠᠳ ᠤᠨ ᠣᠷᠣᠰᠢᠨ ᠰᠠᠭᠤᠬᠤ

ᠣᠷᠴᠢᠨ ᠲᠣᠭᠤᠷᠢᠨ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠵᠤ᠂ ᠡᠯ᠎ᠡ ᠲᠣᠰᠬᠤᠨ

ᠨᠢᠭᠡ ᠭᠠᠷᠠᠭ ᠤᠨ ᠬᠤᠭᠤᠴᠠᠭ᠎ᠠ ᠲᠠᠢ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ︽ᠶᠡᠭᠡ ᠪᠠᠷ ᠴᠡᠪᠡᠷᠯᠡᠬᠦ᠂ ᠶᠡᠭᠡ ᠪᠠᠷ ᠴᠡᠭᠴᠡᠯᠡᠨ ᠵᠠᠰᠠᠬᠤ᠂

ᠶᠡᠭᠡ ᠪᠠᠷ ᠳᠡᠭᠡᠭᠰᠢᠯᠡᠭᠦᠯᠬᠦ︾ ᠠᠵᠢᠯᠯᠠᠭ᠎ᠠ ᠶᠢ ᠯᠠᠪᠳᠠᠭᠤᠨ ᠪᠠᠲᠤᠲᠠᠶ ᠦᠷᠨᠢᠬᠦᠯᠵᠦ᠂ ᠪᠠᠯᠭᠠᠰᠤ᠂ ᠲᠣᠰᠬᠤᠨ ᠤ ᠺᠠᠳ᠋ᠷᠴᠤᠳ ᠪᠦᠭᠦᠳᠡᠭᠡᠷ ᠢᠶᠠᠨ ᠬᠥᠳᠡᠯᠦᠯᠴᠡᠵᠦ

ᠥᠷᠭᠡᠨ ᠣᠯᠠᠨ ᠲᠣᠰᠬᠤᠨ ᠤ ᠠᠷᠠᠳ ᠢ ᠳᠠᠶᠢᠴᠢᠯᠠᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠰᠠᠶᠢᠨ ᠳᠤᠷ᠎ᠠ ᠶᠢᠨ  ᠦᠢᠯᠡᠴᠢᠯᠡᠬᠡᠨ ᠤ ᠠᠵᠢᠯᠯᠠᠭ᠎ᠠ ᠳᠤ

ᠢᠳᠡᠪᠬᠢᠲᠡᠶ ᠣᠷᠣᠯᠴᠠᠭᠤᠯᠵᠣ ᠪᠠᠶᠢᠨ᠎ᠠ᠃ ᠡᠭᠦᠨ ᠤ ᠬᠠᠮᠲᠤ ᠡᠯ᠎ᠡ ᠲᠣᠰᠬᠤᠨ ᠨᠢ ᠬᠥᠳᠡᠭᠡ ᠲᠣᠰᠬᠤᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ

ᠴᠡᠭᠴᠡᠯᠡᠨ ᠵᠠᠰᠠᠬᠤ ᠳᠤ ᠲᠦᠰᠢᠭᠯᠡᠨ᠂ ᠬᠥᠳᠡᠭᠡ ᠲᠣᠰᠬᠤᠨ ᠤ ᠵᠠᠰᠠᠯᠲᠠ ᠶᠢᠨ ᠬᠤᠪᠢ ᠬᠤᠷᠠᠮᠳᠤᠭᠤᠯᠬᠤ ᠲᠦᠷᠢᠮ ᠤᠨ ᠦᠷ᠎ᠡ ᠪᠦᠲᠦᠮᠵᠢ ᠶᠢ ᠢᠳᠡᠪᠬᠢᠲᠡᠶ

ᠪᠠᠳᠠᠷᠠᠭᠤᠯᠵᠤ᠂ ᠬᠤᠪᠢ ᠬᠤᠷᠠᠮᠳᠤᠭᠤᠯᠬᠤ ᠬᠡᠲᠦ ᠳᠡᠯᠭᠡᠭᠦᠷ ᠢ ᠶᠡᠭᠡ ᠪᠠᠷ ᠳᠡᠯᠭᠡᠷᠡᠭᠦᠯᠦᠨ᠂ ᠬᠤᠪᠢ ᠬᠤᠷᠠᠮᠳᠤᠭᠤᠯᠬᠤ ᠲᠦᠷᠢᠮ ᠢᠶᠠᠷ ᠰᠠᠭᠤᠷᠢ ᠪᠣᠯᠭᠠᠵᠤ᠂ ᠨᠠᠮ ᠤᠨ

ᠪᠠᠶᠢᠭᠤᠯᠤᠯᠲᠠ ᠪᠠᠷ ᠤᠳᠤᠷᠢᠳᠤᠮᠵᠢ ᠪᠣᠯᠭᠠᠨ᠂ ᠬᠤᠪᠢ ᠬᠤᠷᠠᠮᠳᠤᠭᠤᠯᠬᠤ ᠬᠡᠲᠦ ᠳᠡᠯᠭᠡᠭᠦᠷ ᠢᠶᠠᠷ ᠲᠠᠪᠴᠠᠩ ᠪᠣᠯᠭᠠᠵᠤ᠂ ᠲᠣᠰᠬᠤᠨ ᠤ ᠠᠷᠠᠳ ᠤᠨ ᠬᠥᠳᠡᠭᠡ

ᠲᠣᠰᠬᠤᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ ᠵᠠᠰᠠᠯᠲᠠ ᠳᠤ ᠣᠷᠣᠯᠴᠠᠬᠤ ᠢᠳᠡᠪᠬᠢᠵᠢᠯ ᠪᠠ ᠪᠦᠲᠦᠭᠡᠯᠴᠢ ᠴᠢᠨᠠᠷ ᠢ ᠦᠨᠡᠨ ᠬᠦ ᠬᠥᠭᠵᠢᠭᠡᠵᠦ᠂

ᠲᠣᠰᠬᠤᠨ ᠤ ᠠᠷᠠᠳ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠣᠷᠣᠯᠴᠠᠬᠤ ᠰᠢᠨ᠎ᠡ ᠪᠠᠶᠢᠷᠢᠰᠢᠯ ᠢ ᠪᠦᠷᠢᠯᠳᠦᠭᠦᠯᠬᠦ ᠶᠢ  ᠠᠬᠢᠭᠤᠯᠪᠠ᠃

    ᠲᠣᠰᠬᠤᠨ ᠤ ᠱᠠᠲᠤᠨ ᠤ ᠥᠪᠡᠷᠲᠡᠭᠡᠨ ᠴᠡᠪᠡᠷᠯᠡᠬᠦ ᠪᠣᠳᠠᠲᠤ ᠦᠷ᠎ᠡ ᠪᠦᠲᠦᠮᠵᠢ ᠶᠢ ᠴᠢᠩᠭᠠᠳᠬᠠᠪᠠ᠃ ᠲᠣᠣᠷᠴᠢᠯᠠᠭᠰᠠᠨ ᠬᠠᠮᠢᠶᠠᠷᠤᠯᠲᠠ ᠶᠢᠨ ᠠᠵᠢᠯ ᠤᠨ

ᠠᠷᠭ᠎ᠠ ᠪᠠᠷ᠂ ᠡᠯ᠎ᠡ ᠲᠣᠰᠬᠤᠨ ᠪᠣᠳᠠᠲᠤ ᠪᠠᠶᠢᠳᠠᠯ ᠳᠤ ᠪᠠᠨ ᠰᠠᠭᠤᠷᠢᠯᠠᠨ ︽ᠪᠤᠵᠠᠷ᠂ ᠡᠷᠦᠶ ᠬᠤᠷᠤᠶ ᠦᠭᠡᠶ᠂  ᠮᠠᠭᠤᠬᠠᠢ︾ ᠪᠠᠶᠢᠬᠤ ᠠᠰᠠᠭᠤᠳᠠᠯ ᠢ ᠵᠠᠰᠠᠬᠤ ᠶᠢ

ᠲᠣᠪᠤᠶᠢᠯᠭᠠᠨ᠂ ᠭᠤᠣᠯ ᠵᠠᠮ᠂ ᠭᠡᠷ ᠤᠨ ᠡᠮᠦᠨ᠎ᠡ ᠬᠤᠶᠢᠨ᠎ᠠ ᠵᠡᠷᠭᠡ  ᠴᠡᠭᠴᠡᠯᠡᠨ ᠵᠠᠰᠠᠬᠤ ᠣᠷᠣᠨ ᠪᠦᠰᠡ ᠳᠤ ᠥᠨᠴᠥᠭ ᠪᠤᠯᠤᠩ ᠦᠯᠡᠳᠡᠭᠡᠬᠦ ᠦᠭᠡᠶ᠂ ᠪᠠᠯᠠᠶ ᠣᠷᠣᠨ

ᠦᠯᠡᠳᠡᠭᠡᠬᠦ ᠦᠭᠡᠶ᠂ ᠲᠣᠰᠬᠤᠨ ᠤ ᠠᠷᠠᠳ ᠤᠨ ᠬᠦᠷᠢᠶ᠎ᠡ ᠬᠠᠰᠢᠶ᠎ᠠ ᠶᠢ ᠴᠡᠪᠡᠷ ᠲᠡᠭᠰᠢ ᠰᠠᠶᠢᠬᠠᠨ ᠪᠠᠶᠢᠯᠭᠠᠵᠤ᠂ ᠠᠶᠢᠯ ᠲᠣᠰᠬᠤᠨ ᠤ ᠣᠷᠴᠢᠨ ᠲᠣᠭᠤᠷᠢᠨ ᠢ ᠴᠣ᠋

ᠰᠢᠨ᠎ᠡ ᠪᠠᠶᠢᠳᠠᠯ ᠲᠠᠢ ᠪᠣᠯᠭᠠᠨ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠰᠠᠶᠢᠨ ᠳᠤᠷ᠎ᠠ ᠶᠢᠨ

ᠦᠢᠯᠡᠴᠢᠯᠡᠭᠡᠨ ᠢ ᠨᠡᠩ ᠢᠳᠡᠪᠬᠢᠲᠡᠶ ᠪᠥᠭᠡᠳ ᠰᠠᠨᠠᠭᠠᠴᠢᠯᠠᠭ᠎ᠠ ᠲᠠᠢ ᠪᠣᠯᠭᠠᠪᠠ᠃

    ᠤᠬᠠᠭᠤᠯᠭ᠎ᠠ ᠶᠢᠨ ᠠᠭᠤᠷ ᠠᠮᠢᠰᠬᠤᠯ ᠢ ᠴᠢᠩᠭᠠᠳᠬᠠᠵᠤ ᠬᠠᠮᠲᠤ ᠶᠢᠨ ᠲᠠᠨᠢᠯᠲᠠ ᠶᠢ ᠨᠢᠭᠲᠠᠷᠠᠭᠤᠯᠪᠠ᠃ ᠬᠥᠨᠳᠡᠯᠡᠨ ᠪᠢᠴᠢᠭᠡᠰᠦ ᠡᠯᠭᠦᠬᠦ᠂ ᠸᠢᠴᠠᠲ ᠤᠨ

ᠴᠤᠭᠯᠠᠷᠠᠯ  ᠳᠤ ᠣᠬᠠᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠣᠷᠣᠰᠢᠨ ᠰᠠᠭᠤᠬᠤ ᠣᠷᠴᠢᠨ ᠨᠥᠬᠦᠴᠡᠯ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ

ᠠᠵᠢᠯ ᠢ ᠣᠯᠠᠨ ᠲᠠᠰ ᠳᠠᠪᠬᠤᠷᠭ᠎ᠠ᠂ ᠣᠯᠠᠨ ᠬᠠᠷᠠᠭᠠᠰᠤ ᠠᠴᠠ  ᠬᠢᠵᠦ᠂  ︽ᠲᠣᠰᠬᠤᠨ ᠪᠣᠯᠭᠠᠨ ᠴᠡᠭᠴᠡᠯᠡᠨ ᠵᠠᠰᠠᠵᠤ᠂ ᠬᠥᠮᠦᠨ ᠪᠦᠬᠦᠨ ᠬᠠᠮᠲᠤ ᠪᠠᠷ ᠣᠷᠣᠯᠴᠠᠬᠤ

︾ ᠴᠡᠭᠴᠡᠯᠡᠨ ᠵᠠᠰᠠᠬᠤ ᠬᠠᠯᠠᠭᠤᠨ ᠥᠷᠨᠢᠯᠲᠡ ᠶᠢ  ᠪᠣᠢ ᠪᠣᠯᠭᠠᠨ᠂ ᠠᠶᠢᠯ ᠲᠣᠰᠬᠤᠨ ᠤ ᠣᠷᠴᠢᠨ ᠠᠬᠤᠶ ᠶᠢᠨ ᠳᠦᠷᠰᠦ ᠪᠠᠶᠢᠳᠠᠯ ᠢ ︽ᠨᠢᠭᠡ ᠴᠠᠭ ᠤᠨ ᠭᠤᠸ᠎ᠠ

ᠰᠠᠶᠢᠬᠠᠨ︾ ᠠᠴᠠ ︽ᠥᠨᠢ ᠤᠳᠠᠭᠠᠨ ᠤ  ᠭᠤᠸ᠎ᠠ ᠰᠠᠶᠢᠬᠠᠨ︾ ᠲᠡᠶᠢᠰᠢ ᠬᠤᠪᠢᠷᠠᠭᠤᠯᠬᠤ ᠶᠢ ᠠᠬᠢᠭᠤᠯᠪᠠ᠃

     ᠲᠠᠷᠠᠭᠠᠴᠢ ᠶᠢᠨ ᠠᠯᠬᠤᠮ ᠳᠤ᠂  ᠮᠣᠨᠠ ᠠᠭᠤᠯᠠ ᠪᠠᠯᠭᠠᠰᠤ ᠨᠢ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ

ᠦᠷᠭᠦᠯᠵᠢᠯᠡᠨ ᠰᠠᠶᠢᠲᠤᠷ ᠥᠷᠨᠢᠭᠦᠯᠵᠦ᠂ ᠣᠯᠠᠨ ᠲᠦᠮᠡᠨ ᠤ ᠪᠡᠶᠡᠴᠢ ᠴᠢᠳᠠᠮᠠᠭᠠᠶ ᠴᠢᠨᠠᠷ ᠢ  ᠬᠦᠢᠴᠡᠳ ᠳᠠᠶᠢᠴᠢᠯᠠᠵᠤ᠂ ᠠᠷᠠᠳ ᠣᠯᠠᠨ ᠤ ᠬᠦᠷᠲᠡᠮᠵᠢ ᠶᠢᠨ

ᠲᠥᠷᠥᠭᠳᠡᠯ᠂  ᠵᠤᠯ ᠵᠢᠷᠭᠠᠯᠲᠤ ᠲᠥᠷᠥᠭᠳᠡᠯ ᠪᠠ ᠬᠠᠨᠤᠮᠵᠢ ᠶᠢᠨ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠬᠦᠯᠦᠨ᠂ ᠪᠥᠬᠦ ᠲᠣᠰᠬᠤᠨ ᠤ ᠠᠷᠠᠳ ᠬᠠᠮᠲᠤ ᠪᠠᠷ

ᠵᠠᠰᠠᠵᠤ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠰᠢᠨ᠎ᠡ ᠪᠠᠶᠢᠷᠢᠰᠢᠯ ᠢ ᠪᠣᠶ ᠪᠣᠯᠭᠠᠵᠤ᠂ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ

ᠠᠵᠢᠯ ᠤᠨ ᠰᠢᠨ᠎ᠡ ᠦᠷ᠎ᠡ ᠪᠦᠲᠦᠮᠵᠢ ᠤᠯᠬᠤ ᠶᠢ ᠦᠨᠡᠨ ᠬᠦ  ᠪᠠᠲᠣᠯᠠᠬᠤ ᠪᠠᠷ ᠪᠣᠢ᠃

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ