ᠤᠷᠠᠳ ᠤᠨ ᠡᠮᠦᠨᠡᠲᠦ ᠬᠤᠰᠢᠭᠤ ᠦᠯᠡᠳᠡᠭᠳᠡᠯ ᠪᠦᠷᠬᠦᠪᠴᠢ ᠶᠢ ᠬᠤᠷᠢᠶᠠᠨ ᠠᠪᠴᠤ ᠲᠠᠷᠢᠶᠠᠨ ᠭᠠᠵᠠᠷ  ᠢ ᠴᠡᠪᠡᠷᠰᠢᠭᠦᠯᠦᠨ᠂ ︽ᠪᠣᠬᠢᠷᠲᠤᠯ ᠥᠬᠡᠶ︾ ᠬᠠᠪᠤᠷ ᠤᠨ ᠲᠠᠷᠢᠶᠠᠯᠠᠭ᠎ᠠ ᠶᠢ  ᠠᠬᠢᠭᠤᠯᠪᠠ
ᠨᠡᠶᠢᠲᠡᠯᠡᠭᠰᠡᠨ ᠴᠠᠭ᠄
2023/2/17
     ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ᠂ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠵᠤ᠂ ᠬᠥᠮᠦᠨ ᠪᠠᠶᠢᠭᠠᠯᠢ ᠶᠢᠨ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠶᠢ ᠠᠬᠢᠭᠤᠯᠤᠨ᠎ᠠ ᠭᠡᠵᠦ ᠳᠤᠷᠠᠳᠤᠨ ᠭᠠᠷᠭᠠᠪᠠ᠃ ᠤᠷᠠᠳ ᠤᠨ ᠡᠮᠦᠨᠡᠲᠦ ᠬᠤᠰᠢᠭᠤᠨ ᠤ ᠡᠷᠳᠡᠨᠢᠪᠤᠯᠠᠭ ᠰᠤᠮᠤ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ ᠵᠢᠷᠤᠭᠯᠠᠭᠰᠠᠨ ᠠᠤᠭ᠎ᠠ ᠲᠥᠰᠦᠪ ᠢ ᠲᠠᠷᠢᠶᠠᠯᠠᠩ ᠤᠨ ᠪᠣᠬᠢᠷᠲᠤᠯ ᠥᠬᠡᠶ ᠴᠢᠨᠠᠷ ᠰᠠᠶᠢᠲᠠᠶ ᠬᠥᠭᠵᠢᠯᠲᠡ ᠶᠢᠨ ᠪᠣᠳᠠᠲᠤ ᠪᠠᠶᠢᠳᠠᠯ ᠳᠤ ᠣᠷᠣᠭᠤᠯᠵᠤ᠂ ︽ᠮᠠᠰᠢᠨ ᠢᠶᠠᠷ ᠠᠵᠢᠯᠯᠠᠬᠤ + ᠬᠥᠮᠦᠨ ᠤ ᠬᠦᠴᠦ ᠪᠠᠷ ᠲᠡᠭᠦᠬᠦ︾ ᠠᠷᠭ᠎ᠠ ᠬᠡᠯᠪᠡᠷᠢ ᠪᠠᠷ ᠲᠠᠷᠢᠶᠠᠯᠠᠩ ᠳᠤ ᠬᠡᠷᠡᠭᠯᠡᠬᠦ ᠦᠯᠡᠳᠡᠭᠳᠡᠯ ᠰᠦᠯᠢᠶᠣᠣ ᠪᠦᠷᠬᠦᠪᠴᠢ ᠶᠢ ᠬᠤᠷᠢᠶᠠᠨ ᠠᠪᠬᠤ ᠠᠵᠢᠯ ᠢ ᠥᠷᠨᠢᠭᠦᠯᠵᠦ᠂ ᠴᠠᠭᠠᠨ ᠪᠣᠬᠢᠷᠲᠤᠯ ᠢ ᠠᠷᠢᠯᠭᠠᠵᠤ᠂ ᠲᠠᠷᠢᠶᠠᠨ ᠭᠠᠵᠠᠷ  ᠢ  ᠴᠡᠪᠡᠷᠰᠢᠭᠦᠯᠵᠦ᠂ ︽ᠪᠣᠬᠢᠷᠲᠤᠯ ᠥᠬᠡᠶ︾ ᠬᠠᠪᠤᠷ ᠤᠨ ᠲᠠᠷᠢᠶᠠᠯᠠᠭ᠎ᠠ ᠶᠢ ᠠᠬᠢᠭᠤᠯᠪᠠ᠃      2 ᠳ᠋ᠤᠭᠠᠷ ᠰᠠᠷ᠎ᠠ ᠶᠢᠨ 7 ᠤ ᠡᠳᠦᠷ ᠤᠨ ᠦᠳᠡ ᠶᠢᠨ ᠬᠤᠶᠢᠨ᠎ᠠ᠂ ᠡᠷᠳᠡᠨᠢᠪᠤᠯᠠᠭ ᠰᠤᠮᠤ  ᠶᠢᠨ ᠭᠦᠨ ᠬᠤᠳᠳᠤᠭ ᠭᠠᠴᠠᠭ᠎ᠠ ᠳᠤ 2023 ᠣᠨ ᠤ ᠬᠠᠪᠤᠷ ᠤᠨ ᠤᠯᠠᠷᠢᠯ ᠤᠨ ᠣᠯᠠᠨ ᠡᠬᠢᠲᠦ ᠪᠣᠬᠢᠷᠲᠤᠯ ᠢ ᠵᠠᠰᠠᠬᠤ ᠦᠯᠡᠳᠡᠭᠳᠡᠯ ᠪᠦᠷᠬᠦᠪᠴᠢ ᠶᠢ ᠬᠤᠷᠢᠶᠠᠨ ᠠᠪᠬᠤ ᠲᠤᠬᠠᠶ ᠶᠢᠨ ᠲᠠᠯᠠᠪᠠᠶ ᠶᠢᠨ ᠬᠤᠷᠠᠯ ᠬᠢᠪᠠ᠃     

残膜回收1.jpg

     ᠠᠵᠢᠯᠲᠠᠳ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠨᠢᠭᠤᠷᠳᠠᠨ ᠲᠠᠶᠢᠯᠪᠤᠷᠢᠯᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠥᠷᠭᠡᠨ ᠣᠯᠠᠨ

ᠲᠦᠮᠡᠨ ᠳᠤ ᠣᠯᠠᠨ ᠡᠬᠢᠲᠦ ᠪᠣᠬᠢᠷᠲᠤᠯ ᠢ ᠰᠡᠷᠭᠡᠶᠢᠯᠡᠨ ᠵᠠᠰᠠᠬᠤ ᠮᠡᠳᠡᠯᠭᠡ ᠵᠢᠴᠢ ᠨᠡᠶᠢᠭᠡᠮ ᠤᠨ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠂ ᠳᠤᠮᠳᠠᠳᠤ ᠶᠢᠨ

ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤ ᠪᠠᠬᠢ ᠪᠣᠶ ᠪᠣᠯᠭᠠᠬᠤ ᠵᠡᠷᠭᠡ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ

ᠲᠣᠭᠲᠠᠭᠠᠯ ᠶᠢ ᠤᠬᠠᠭᠤᠯᠪᠠ᠃

    ᠣᠶᠢᠯᠠᠭᠠᠭᠰᠠᠨ ᠢᠶᠠᠷ᠂ ᠡᠷᠳᠡᠨᠢᠪᠤᠯᠠᠭ ᠰᠤᠮᠤ 2022 ᠣᠨ ᠠᠴᠠ ᠡᠬᠢᠯᠡᠨ ᠭᠤᠷᠪᠠᠳᠠᠬᠢ ᠡᠲᠡᠭᠡᠳ ᠲᠠᠢ ᠢᠳᠡᠪᠬᠢᠲᠡᠶ ᠬᠠᠷᠢᠯᠴᠠᠵᠤ᠂ ᠣᠳᠣᠬᠠᠨ ᠳᠤ ᠨᠢᠭᠡᠨᠲᠡ

ᠭᠤᠷᠪᠠᠳᠠᠬᠢ ᠡᠲᠡᠭᠡᠳ ᠤᠨ ᠤᠷᠠᠳ ᠤᠨ ᠡᠮᠦᠨᠡᠲᠦ ᠬᠤᠰᠢᠭᠤᠨ ᠤ ᠪᠠᠷᠠᠭᠤᠨ ᠪᠠᠭ᠎ᠠ ᠵᠣᠣ ᠶᠢᠨ ᠾᠧ ᠹᠤᠩ ᠲᠠᠷᠢᠶᠠᠴᠢᠨ ᠤ ᠲᠤᠰᠬᠠᠶ ᠬᠤᠷᠰᠢᠶ᠎ᠠ ᠲᠠᠢ ᠦᠯᠡᠳᠡᠭᠳᠡᠯ

ᠪᠦᠷᠬᠦᠪᠴᠢ ᠶᠢ ᠬᠤᠷᠢᠶᠠᠨ ᠠᠪᠬᠤ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠵᠤ᠂ ᠦᠯᠡᠳᠡᠭᠳᠡᠯ ᠪᠦᠷᠬᠦᠪᠴᠢ ᠶᠢ ᠮᠥ ᠪᠦᠷᠢ ᠳᠤ 18 ᠲᠥᠭᠦᠷᠢᠭ ᠬᠤᠷᠢᠶᠠᠨ ᠠᠪᠴᠤ

᠂ ᠲᠠᠷᠢᠶᠠᠨ ᠭᠠᠵᠠᠷ ᠠᠴᠠ ᠰᠠᠯᠭᠠᠨ ᠪᠣᠭᠤᠵᠢᠯᠠᠵᠤ ᠵᠥᠭᠡᠭᠡᠪᠦᠷᠢᠯᠡᠨ ᠠᠪᠠᠴᠢᠵᠤ ᠪᠠᠶᠢᠨ᠎ᠠ᠃ ᠬᠤᠷᠰᠢᠬᠤ ᠬᠡᠯᠪᠡᠷᠢ ᠳᠤ ᠬᠤᠶᠠᠷ ᠵᠦᠢᠯ ᠪᠤᠢ᠂ ᠨᠢᠭᠡ ᠵᠦᠢᠯ ᠨᠢ

ᠲᠠᠷᠢᠶᠠᠴᠢᠨ ᠡᠷᠤᠭᠡ ᠰᠠᠶᠢᠨ ᠳᠤᠷ᠎ᠠ ᠠᠴᠠ ᠪᠠᠨ ᠭᠤᠷᠪᠠᠳᠠᠬᠢ ᠡᠲᠡᠭᠡᠳ ᠢᠶᠠᠷ ᠦᠯᠡᠳᠡᠭᠳᠡᠯ ᠰᠦᠯᠢᠶᠣᠣ ᠶᠢ ᠲᠠᠷᠢᠶᠠᠨ ᠭᠠᠵᠠᠷ ᠠᠴᠠ ᠰᠠᠯᠭᠠᠬᠤ᠂ ᠪᠣᠭᠤᠳᠠᠯᠯᠠᠬᠤ᠂

ᠴᠡᠪᠡᠷᠯᠡᠨ ᠵᠥᠭᠡᠭᠡᠪᠦᠷᠢᠯᠡᠬᠦ ᠵᠢᠴᠢ ᠪᠣᠷᠣᠯᠠᠭᠤᠯᠬᠤ ᠠᠵᠢᠯ ᠢ  ᠬᠢᠯᠭᠡᠨ᠎ᠡ︔ ᠨᠥᠭᠦᠭᠡ ᠨᠢᠭᠡ ᠵᠦᠢᠯ ᠨᠢ ᠲᠠᠷᠢᠶᠠᠴᠢᠨ ᠡᠷᠦᠬᠡ ᠥᠪᠡᠷ ᠢᠶᠠᠨ ᠦᠯᠡᠳᠡᠭᠳᠡᠯ

ᠪᠦᠷᠬᠦᠪᠴᠢ ᠶᠢ ᠲᠠᠷᠢᠶᠠᠨ ᠭᠠᠵᠠᠷ ᠠᠴᠠ ᠰᠠᠯᠭᠠᠵᠤ᠂ ᠳᠠᠬᠢᠨ ᠭᠤᠷᠪᠠᠳᠠᠬᠢ ᠡᠲᠡᠭᠡᠳ  ᠢᠶᠠᠷ ᠦᠯᠡᠳᠡᠭᠳᠡᠯ ᠪᠦᠷᠬᠦᠪᠴᠢ ᠶᠢ ᠪᠣᠭᠤᠬᠤ᠂ ᠴᠡᠪᠡᠷᠯᠡᠨ ᠲᠡᠭᠡᠭᠡᠪᠦᠷᠢᠯᠡᠬᠦ

ᠵᠢᠴᠢ ᠪᠣᠷᠣᠯᠠᠭᠤᠯᠬᠤ ᠠᠵᠢᠯ ᠢ  ᠬᠢᠯᠭᠡᠨ᠎ᠡ᠃ ᠪᠣᠢ ᠪᠦᠬᠦᠢ ᠲᠠᠷᠢᠶᠠᠯᠠᠩ ᠳᠤ ᠬᠡᠷᠡᠭᠯᠡᠬᠦ  ᠦᠯᠡᠳᠡᠭᠳᠡᠯ ᠪᠦᠷᠬᠦᠪᠴᠢ ᠶᠢ ᠤᠷᠤᠭᠰᠢᠲᠠᠢ ᠬᠤᠷᠢᠶᠠᠨ ᠠᠪᠬᠤ ᠶᠢ

ᠪᠠᠲᠤᠯᠠᠵᠤ᠂ ᠬᠠᠮᠤᠭ ᠰᠡᠭᠦᠯ ᠳᠤ ᠴᠡᠪᠡᠷᠯᠡᠨ ᠭᠠᠷᠭᠠᠭᠰᠠᠨ  ᠦᠯᠡᠳᠡᠭᠳᠡᠯ ᠪᠦᠷᠬᠦᠪᠴᠢ ᠵᠢᠴᠢ ᠦᠨᠳᠦᠰᠦ ᠶᠢᠨ ᠭᠤᠤᠷᠰᠤ ᠶᠢ ᠪᠣᠭᠤᠵᠢᠯᠠᠵᠤ᠂ ᠠᠮᠢᠳᠤ ᠪᠣᠳᠠᠰ ᠤᠨ

ᠴᠠᠬᠢᠯᠭᠠᠨ ᠭᠠᠷᠭᠠᠬᠤ ᠦᠢᠯᠡᠳᠪᠦᠷᠢ ᠳᠤ ᠪᠣᠷᠣᠯᠠᠭᠤᠯᠤᠨ᠎ᠠ᠃

    ᠡᠷᠳᠡᠨᠢᠪᠤᠯᠠᠭ ᠰᠤᠮᠤ ᠶᠢᠨ ᠤᠳᠤᠷᠢᠳᠬᠤ ᠪᠠᠭ ᠤᠨ ᠪᠦᠷᠢᠯᠳᠦᠬᠦᠨ ᠵᠢᠴᠢ ᠪᠥᠬᠦ ᠺᠠᠳ᠋ᠷ᠂ ᠭᠠᠴᠠᠭᠠᠨ ᠤ ᠬᠤᠶᠠᠷ ᠵᠥᠪᠯᠡᠯ ᠤᠨ ᠤᠳᠤᠷᠢᠳᠬᠤ ᠪᠠᠭ ᠤᠨ

ᠪᠦᠷᠢᠯᠳᠦᠬᠦᠨ᠂ ᠲᠠᠷᠢᠮᠠᠯ ᠤᠨ ᠲᠣᠮᠣ ᠡᠷᠦᠬᠡ᠂ ᠮᠠᠯᠴᠢᠨ ᠲᠠᠷᠢᠶᠠᠴᠢᠨ ᠤ ᠲᠥᠯᠥᠭᠡᠯᠡᠭᠴᠢ ᠵᠡᠷᠭᠡ ᠨᠡᠶᠢᠲᠡ 200 ᠭᠠᠷᠤᠶ ᠬᠥᠮᠦᠨ ᠲᠤᠬᠠᠶ ᠶᠢᠨ ᠲᠠᠯᠠᠪᠠᠶ ᠶᠢᠨ

ᠬᠤᠷᠠᠯ ᠳᠤ ᠣᠷᠣᠯᠴᠠᠪᠠ᠃

残膜回收2.jpg

 

残膜回收3.jpg

 

残膜回收4.jpg

 

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ